ᠡᠬᠡ ᠭᠤᠤᠯ ᠤ᠋ᠨ ᠬᠠᠮᠠᠭᠠᠯᠠᠯᠲᠠ ᠪᠠ ᠵᠠᠰᠠᠯᠲᠠ ᠢ᠋ᠢᠨ ᠲᠦᠪᠱᠢᠨ ᠢᠯᠡᠳᠲᠡ ᠳᠡᠭᠡᠭ᠌ᠰᠢᠯᠡᠪᠡ
2026-03-02 10:03:37
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠤᠰᠤᠨ ᠠᠰᠢᠭᠯᠠᠯᠲᠠ ᠢ᠋ᠢᠨ ᠴᠢᠨᠠᠷ ᠰᠠᠢᠳᠠᠢ ᠬᠦᠭᠵᠢᠯᠲᠡ ᠵᠢ ᠠᠬᠢᠭᠤᠯᠤᠭᠰᠠᠨ ᠦᠷ᠎ᠡ ᠪᠦᠲᠦᠬᠡᠯ ③

  

ᠦᠪᠦᠷ ᠮᠤᠡᠭᠭᠤᠯ ᠭᠤᠤᠯ ᠮᠥᠷᠡᠨ ᠤ᠋ ᠪᠠᠢᠯᠳᠤᠬᠤ ᠪᠣᠳᠣᠯᠭ᠎ᠠ ᠵᠢ ᠰᠠᠢᠲᠤᠷ ᠲᠤᠭᠤᠰᠢᠯᠠᠭᠤᠯᠤᠨ᠂ ᠱᠢᠰᠲ᠋ᠧᠮᠳᠤ ᠵᠠᠰᠠᠯᠲᠠ ᠢ᠋ᠢ ᠭᠦᠨᠵᠡᠭᠡᠶ ᠨᠠᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠢ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠢ᠋ᠢ ᠪᠠᠷᠢᠮᠲᠠᠯᠠᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠯᠳᠤᠬᠤ ᠪᠣᠳᠣᠯᠭ᠎ᠠ ᠪᠡᠷ ᠵᠢᠯᠣᠭᠣᠳᠤᠮᠵᠢ ᠪᠣᠯᠭᠠᠵᠤ᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢ ᠰᠡᠷᠭᠦᠭᠡᠬᠦ᠌᠂ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠶᠡᠷᠦᠡᠭᠬᠡᠢᠯᠡᠨ ᠵᠠᠰᠠᠬᠤ ᠵᠡᠷᠭᠡ ᠢᠨᠵᠧᠨᠧᠷᠢᠩ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠬᠡ ᠭᠤᠤᠯ ᠤ᠋ᠨ ᠬᠠᠮᠠᠭᠠᠯᠠᠯᠲᠠ ᠪᠠ ᠵᠠᠰᠠᠯᠲᠠ ᠢ᠋ᠢᠨ ᠲᠦᠪᠱᠢᠨ ᠢ᠋ ᠢᠯᠡᠳᠲᠡ ᠳᠡᠭᠡᠭ᠌ᠰᠢᠯᠡᠭᠦᠯᠪᠡ᠃

2025 ᠣᠨ ᠳ᠋ᠤ᠂ 27 ᠵᠢᠯ ᠤᠷᠤᠰᠭᠠᠯ ᠲᠠᠰᠤᠷᠠᠭ᠍ᠰᠠᠨ ᠪᠠᠷᠠᠭᠤᠨ ᠯᠢᠶᠣᠤᠾᠧ ᠭᠣᠣᠯ ᠪᠦᠬᠦ᠌ ᠱᠤᠭᠤᠮ ᠢ᠋ᠢᠡᠷ ᠵᠢᠡᠨ ᠤᠷᠤᠰᠭᠠᠯ ᠲᠠᠢ ᠪᠤᠯᠵᠤ᠂ ᠪᠦᠬᠦ᠌ ᠤᠯᠤᠰ ᠤ᠋ᠨ 7 ᠶᠡᠬᠡ ᠭᠣᠣᠯ ᠮᠥᠷᠡᠨ ᠤ᠋ ᠳᠤᠲᠤᠷᠠᠬᠢ ᠴᠤᠷ ᠤ᠋ᠨ ᠭᠠᠭ᠍ᠴᠠ ᠤᠷᠳᠤ ᠬᠤᠭᠤᠴᠠᠭ᠎ᠠ ᠪᠡᠷ ᠤᠷᠤᠰᠭᠠᠯ ᠲᠠᠰᠤᠷᠠᠭ᠍ᠰᠠᠨ ᠲᠡᠦᠬᠡ ᠢ᠋ᠢ ᠡᠴᠦᠰᠯᠡᠭᠦᠯᠵᠦ᠍᠂ ᠪᠦᠬᠦ᠌ ᠤᠯᠤᠰ ᠤ᠋ᠨ ᠤᠰᠤᠨ ᠠᠱᠢᠭ᠍ᠯᠠᠯᠲᠠ ᠢ᠋ᠢᠨ ᠠᠷᠪᠠᠨ ᠶᠡᠬᠡ ᠰᠣᠨᠢᠨ ᠮᠡᠳᠡᠭᠡ ᠪᠡᠷ ᠰᠣᠩᠭᠣᠭ᠍ᠳᠠᠪᠠ; ᠰᠤᠪᠠᠨᠠᠭᠤᠷ 21 ᠵᠢᠯ ᠳᠠᠷᠠᠭᠠᠯᠠᠨ ᠰᠢᠷᠭᠢᠭᠰᠡᠨ ᠦᠭᠡᠢ᠂ ᠭᠠᠰᠢᠭᠤᠨᠨᠠᠭᠤᠷ ᠤᠢ᠍ᠢᠷ᠎ᠠ ᠢ᠋ᠢᠨ 5 ᠵᠢᠯ ᠳ᠋ᠤ ᠠᠩᠬ᠎ᠠ ᠤᠳᠠᠭ᠎ᠠ ᠤᠰᠤ ᠲᠠᠢ ᠪᠤᠯᠵᠤ᠂ ᠡᠵᠡᠨ᠎ᠠ ᠵᠢᠨ ᠨᠣᠭᠣᠭᠠᠨ ᠪᠦᠷᠢᠳᠦ᠍ ᠢ᠋ᠢᠨ ᠠᠮᠢ ᠠᠬᠤᠢ ᠢ᠋ᠢᠨ ᠱᠢᠰᠲ᠋ᠧᠮ ᠪᠦᠲᠦᠮᠵᠢᠲᠡᠢ ᠰᠡᠷᠭᠦᠪᠡ; ᠤᠢᠷ᠎ᠠ ᠵᠢᠨ ᠲᠠᠪᠤᠨ ᠵᠢᠯ ᠤ᠋ᠨ ᠲᠤᠷᠰᠢ ᠤᠯᠠᠭᠠᠨᠰᠤᠬᠠᠢ ᠳ᠋ᠤ ᠨᠡᠢᠲᠡ 23 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠵᠤ᠂ ᠤᠳᠤ ᠤᠯᠠᠭᠠᠨᠰᠤᠬᠠᠢ ᠵᠢᠨ ᠲᠠᠯᠠᠪᠠᠶ 293 ᠲᠡᠭ᠌ᠰᠢ ᠳᠥᠷᠪᠡᠯᠵᠢᠨ ᠺᠢᠯᠣᠮᠧᠲ᠋ᠷ ᠲᠤ᠌ ᠲᠣᠭ᠍ᠲᠠᠪᠤᠷᠢᠵᠢᠨ᠂ ᠤᠰᠤᠨ ᠤ᠋ ᠴᠢᠨᠠᠷ ᠨᠢ ᠦᠷᠭᠦᠯᠵᠢᠯᠡᠨ ᠲᠣᠭ᠍ᠲᠠᠭᠤᠨ ᠢ᠋ᠢᠡᠷ ᠰᠠᠢᠵᠢᠷᠠᠪᠠ; ᠴᠠᠭᠠᠨᠨᠠᠭᠤᠷ ᠤ᠋ᠨ ᠠᠮᠢ ᠠᠬᠤᠢ ᠢ᠋ᠢᠨ ᠮᠠᠭᠤᠳᠠᠯ ᠢ᠋ ᠪᠦᠲᠦᠮᠵᠢᠲᠡᠢ ᠵᠠᠰᠠᠵᠤ᠂ ᠲᠠᠭ᠎ᠠ ᠢ᠋ᠢᠨ ᠨᠠᠭᠤᠷ ᠤ᠋ᠨ ᠤᠰᠤᠨ ᠤ᠋ ᠴᠠᠷᠠᠭ᠎ᠠ 64 ᠲᠡᠭ᠌ᠰᠢ ᠳᠥᠷᠪᠡᠯᠵᠢᠨ ᠺᠢᠯᠤᠮᠸᠲᠷ ᠲᠤ᠌ ᠬᠦᠷᠴᠦ᠍᠂ ᠤᠢᠷ᠎ᠠ ᠢ᠋ᠢᠨ 10 ᠵᠢᠯ ᠤ᠋ᠨ ᠲᠡᠤᠬᠡᠨ ᠲᠡᠮᠳᠡᠭ᠌ᠯᠡᠯ ᠢ᠋ ᠡᠭᠦᠳᠦᠭᠰᠡᠨ ᠪᠠᠢᠨ᠎ᠠ   ᠁

ᠡᠰᠡᠨᠢᠯ ᠲᠦᠯᠵᠢᠯ ᠤ᠋ᠨ ᠡᠬᠢ ᠤᠨᠳᠤᠷᠤᠯ ᠪᠤᠯᠤᠬᠰᠠᠨ ᠭᠤᠤᠯ ᠮᠦᠷᠡᠨ ᠨᠠᠭᠤᠷ ᠴᠦᠬᠦᠷᠤᠮ ᠨᠢ ᠠᠭᠤᠷ ᠠᠮᠢᠰᠬᠤᠯ ᠢ᠋ ᠵᠤᠬᠢᠴᠠᠭᠤᠯᠬᠤ᠂ ᠤᠰᠤᠨ ᠰᠤᠷᠪᠤᠯᠵᠢ ᠢ᠋ᠢ ᠬᠠᠳᠠᠭᠠᠯᠠᠬᠤ᠂ ᠠᠮᠢ ᠠᠬᠤᠢ ᠢ᠋ᠢ ᠰᠡᠷᠭᠦᠭᠡᠬᠦ᠂ ᠠᠮᠢᠳᠤ ᠪᠤᠳᠠᠰ ᠤ᠋ᠨ ᠤᠯᠠᠨ ᠶᠠᠡᠭᠵᠤᠲᠤ ᠴᠢᠨᠠᠷ ᠢ᠋ ᠬᠠᠮᠠᠭᠠᠯᠠᠬᠤ ᠵᠡᠷᠭᠡ ᠠᠯᠢ ᠤᠯᠠᠨ ᠦᠢᠯᠡᠳᠦᠯ ᠴᠢᠳᠠᠪᠬᠢ ᠲᠠᠢ ᠶᠤᠮ᠃ ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠦᠷᠢᠮ ᠢ᠋ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠤᠢᠷ᠎ᠠ ᠵᠢᠨ ᠲᠠᠪᠤᠨ ᠵᠢᠯ ᠎ᠳᠤ 1.66 ᠲᠦᠮᠡᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠠᠵᠢᠯ ᠤ᠋ᠨ ᠪᠠᠢᠷᠢ᠎ᠳᠤ ᠭᠠᠷᠴᠤ᠌ ᠲᠤᠱᠢᠶᠠᠯ ᠬᠠᠷᠢᠭᠤᠴᠠᠯᠭ᠎ᠠ ᠪᠡᠨ ᠭᠦᠶ᠋ᠴᠡᠳᠭᠡᠨ᠂ ᠨᠡᠢᠲᠡ 122.6 ᠲᠦᠮᠡᠨ ᠬᠥᠮᠦᠨ ᠤᠳᠠᠭ᠎ᠠ ᠭᠤᠤᠯ ᠮᠥᠷᠡᠨ ᠨᠠᠭᠤᠷ ᠴᠥᠭᠥᠷᠥᠮ ᠢ᠋ ᠴᠠᠭ᠍ᠳᠠᠨ ᠪᠠᠢᠴᠠᠭᠠᠵᠤ᠂ ᠨᠢᠭᠡ ᠪᠦᠯᠦᠭ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠠᠭᠠᠯᠠᠯᠲᠠ ᠵᠠᠰᠠᠯᠲᠠ ᠢ᠋ᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠭᠰᠡᠨ ᠪᠠᠢᠨ᠎ᠠ᠃ ᠰᠠᠪᠠ ᠭᠠᠵᠠᠷ ᠤ᠋ᠨ ᠬᠥᠨᠳᠡᠯᠡᠨ ᠴᠢᠭ᠌ᠯᠡᠯ ᠤ᠋ᠨ ᠠᠮᠢ ᠠᠬᠤᠢ ᠢ᠋ᠢᠨ ᠨᠥᠬᠥᠪᠥᠷᠢ ᠢ᠋ᠢᠨ ᠲᠣᠭ᠍ᠲᠠᠴᠠ ᠢ᠋ᠢ ᠪᠠᠢᠭᠤᠯᠵᠤ᠂ ᠡᠬᠡ ᠭᠣᠣᠯ ᠢ᠋ ᠬᠠᠮᠠᠭᠠᠯᠠᠵᠤ ᠰᠡᠷᠭᠦᠬᠡᠬᠦ ᠠᠵᠢᠯᠯᠠᠭ᠎ᠠ ᠢ᠋ᠢ ᠪᠠᠢᠩᠭᠤ ᠵᠢᠨ ᠴᠢᠨᠠᠷᠳᠠᠢ ᠪᠡᠷ ᠦᠷᠭᠦᠯᠵᠢᠯᠡᠨ ᠠᠬᠢᠭᠤᠯᠵᠤ᠂ ᠪᠠᠷᠠᠭᠤᠨ ᠯᠢᠶᠣᠤᠾᠧ ᠭᠣᠣᠯ ᠤ᠋ᠨ ᠰᠠᠪᠠ ᠭᠠᠵᠠᠷ ᠲᠦ᠍ ᠤᠰᠤᠨ ᠤ᠋ ᠡᠬᠢ ᠪᠠᠶᠠᠯᠢᠭ ᠤ᠋ᠨ ᠠᠰᠢᠬᠯᠠᠵᠤ ᠪᠤᠯᠬᠤ ᠬᠡᠮᠵᠢᠶ᠎ᠡ ᠪᠡᠷ ᠲᠦᠯᠦᠪᠵᠢᠬᠦᠯᠵᠤ ᠠᠵᠢᠯᠯᠠᠬᠤ ᠪᠠ ᠠᠮᠢ ᠠᠬᠤᠢ ᠢ᠋ᠢᠨ ᠤᠰᠤᠨ ᠤ᠋ ᠬᠡᠮᠵᠢᠶ᠎ᠡ ᠢ᠋ᠢ ᠲᠤᠬᠢᠷᠠᠭᠤᠯᠬᠤ ᠵᠡᠷᠬᠡ ᠲᠠᠯ᠎ᠠ ᠪᠡᠷ ᠲᠡᠦᠬᠡᠲᠦ ᠴᠢᠨᠠᠷᠲᠠᠢ ᠱᠢᠪᠲᠤᠯᠤᠯᠲᠠ ᠭᠠᠷᠭᠠᠪᠠ᠃

ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠢ᠋ᠢ ᠭᠦᠨᠵᠡᠭᠡᠢᠷᠡᠭᠦᠯᠤᠨ᠂ ᠭᠤᠤᠯ ᠮᠥᠷᠡᠨ ᠨᠠᠭᠤᠷ ᠴᠥᠭᠥᠷᠥᠮ ᠤ᠋ᠨ 《ᠳᠤᠷ᠎ᠠ ᠪᠡᠷ ᠢ᠋ᠢᠡᠨ ᠡᠵᠡᠯᠡᠬᠦ᠌᠂ ᠳᠤᠷ᠎ᠠ ᠪᠡᠷ ᠢ᠋ᠢᠡᠨ ᠮᠠᠯᠲᠠᠬᠤ᠂ ᠳᠤᠷ᠎ᠠ ᠪᠡᠷ ᠢ᠋ᠢᠡᠨ ᠣᠪᠣᠭᠠᠯᠠᠬᠤ᠂ ᠳᠤᠷ᠎ᠠ ᠪᠡᠷ ᠢ᠋ᠢᠡᠨ ᠪᠠᠢᠭᠤᠯᠬᠤ》 ᠢ᠋ᠢ ᠴᠡᠭᠴᠡᠯᠡᠬᠦ ᠠᠵᠢᠯᠯᠠᠭ᠎ᠠ ᠢ᠋ᠢ ᠪᠠᠢᠡᠭᠭᠤᠵᠢᠭᠤᠯᠤᠨ ᠥᠷᠨᠢᠭᠦᠯᠵᠦ᠍᠂ ᠤᠰᠤᠨ ᠠᠰᠢᠬᠯᠠᠯᠳᠠ᠂ ᠳᠣᠲᠣᠭᠠᠳᠤ ᠢ᠋ᠢ ᠬᠠᠮᠠᠭᠠᠯᠠᠬᠤ᠂ ᠪᠠᠢᠴᠠᠭᠠᠬᠤ ᠵᠡᠷᠭᠡ ᠰᠠᠯᠠᠭ᠎ᠠ ᠮᠥᠴᠢᠷ ᠬᠠᠮᠲᠤᠷᠠᠨ 《ᠬᠠᠪᠤᠷ ᠤ᠋ᠨ ᠤᠯᠠᠷᠢᠯ ᠤ᠋ᠨ ᠠᠵᠢᠯᠯᠠᠭ᠎ᠠ》 ᠪᠤᠯᠤᠨ 《ᠨᠠᠮᠤᠷ ᠤ᠋ᠨ ᠤᠯᠠᠷᠢᠯ ᠤ᠋ᠨ ᠠᠵᠢᠯᠯᠠᠭ᠎ᠠ》 ᠥᠷᠨᠢᠭᠦᠯᠵᠦ᠍᠂ ᠤᠢᠷ᠎ᠠ ᠵᠢᠨ ᠲᠠᠪᠤᠨ ᠵᠢᠯ ᠳ᠋ᠤ ᠭᠤᠤᠯ ᠮᠦᠷᠡᠨ ᠨᠠᠭᠤᠷ ᠴᠦᠬᠦᠷᠦᠮ ᠳ᠋ᠤ ᠬᠤᠯᠪᠤᠬᠳᠠᠭᠰᠠᠨ 7507 ᠠᠰᠠᠭᠤᠳᠠᠯ ᠢ᠋ ᠰᠢᠢᠳᠪᠦᠷᠢᠯᠡᠨ᠂ ᠲᠣᠭ᠍ᠲᠠᠭᠠᠯ ᠡᠴᠡ ᠵᠥᠷᠢᠴᠡᠨ ᠪᠠᠢᠭᠤᠯᠤᠭ᠍ᠰᠠᠨ ᠪᠠᠷᠢᠯᠭ᠎ᠠ ᠢ᠋ᠢ 46.5 ᠲᠦᠮᠡᠨ ᠲᠡᠭ᠌ᠰᠢ ᠳᠥᠷᠪᠡᠯᠵᠢᠨ ᠮᠧᠲ᠋ᠷ ᠨᠤᠷᠠᠭᠠᠵᠤ᠂ 160.2 ᠲᠦᠮᠡᠨ ᠲᠣᠨ ᠬᠣᠭ ᠨᠣᠪᠰᠢ ᠢ᠋ᠢ ᠴᠡᠪᠡᠷᠯᠡᠨ᠂ ᠪᠦᠬᠦ ᠤᠷᠤᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠳᠦᠷᠰᠦ ᠪᠠᠢᠳᠠᠯ ᠢ᠋ ᠦᠨᠳᠦᠰᠦᠨ ᠡᠴᠡ ᠨᠢ ᠬᠤᠪᠢᠷᠠᠭᠤᠯᠪᠠ᠃ ᠡᠭᠦᠨ ᠤ᠋ ᠬᠠᠮᠲᠤ᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠬᠠᠮᠠᠭᠠᠯᠠᠯᠲᠠ ᠢ᠋ᠢ ᠢᠳᠡᠪᠬᠢᠲᠡᠶ ᠠᠬᠢᠭᠤᠯᠤᠨ᠂ 2891 ᠭᠤᠤᠯ ᠮᠥᠷᠡᠨ ᠨᠠᠭᠤᠷ ᠴᠥᠭᠥᠷᠥᠮ ᠳ᠋ᠤ ᠡᠷᠡᠭᠦᠯ ᠮᠡᠨᠳᠦ᠍ ᠢ᠋ᠢᠨ ᠦᠨᠡᠯᠡᠯᠲᠡ ᠬᠢᠵᠤ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 10 ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ ᠢ᠋ ᠪᠠᠢᠭᠤᠯᠪᠠ᠃ ᠪᠠᠰᠠ ᠬᠠᠮᠵᠢᠯᠴᠠᠨ ᠵᠠᠰᠠᠬᠤ ᠲᠣᠭ᠍ᠲᠠᠴᠠ ᠢ᠋ᠢᠨ ᠦᠢᠯᠡᠳᠦᠯ ᠢ᠋ ᠦᠷᠭᠦᠯᠵᠢᠯᠡᠨ ᠪᠠᠳᠠᠷᠠᠭᠤᠯᠵᠤ᠂ ᠮᠤᠵᠢ ᠠᠯᠤᠰᠯᠠᠨ ᠬᠠᠮᠵᠢᠯᠴᠠᠵᠤ ᠬᠣᠯᠪᠣᠭᠠᠯᠠᠨ ᠬᠥᠳᠡᠯᠦᠯᠴᠡᠬᠦ᠌ ᠢ᠋ᠢ ᠴᠢᠩᠭᠠᠳᠭᠠᠨ᠂ ᠤᠷᠢᠳ ᠬᠣᠵᠢᠳ ᠨᠢᠩᠱᠢᠶᠠ᠂ ᠭᠠᠨᠰᠦ ᠵᠡᠷᠭᠡ 8 ᠬᠥᠷᠰᠢ ᠵᠡᠷᠭᠡᠯᠡᠳᠡᠭᠡ ᠮᠤᠵᠢ ᠤᠷᠤᠨ ᠤ᠋ 43 ᠬᠣᠲᠠ ᠱᠢᠶᠠᠨ ᠯᠤᠭ᠎ᠠ ᠮᠤᠵᠢ ᠣᠷᠣᠨ ᠠᠯᠤᠰᠯᠠᠭ᠍ᠰᠠᠨ 35 ᠭᠣᠣᠯ ᠮᠥᠷᠡᠨ ᠨᠠᠭᠤᠷ ᠴᠥᠭᠥᠷᠥᠮ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ ᠲᠣᠭ᠍ᠲᠠᠴᠠ ᠢ᠋ᠢ ᠪᠠᠢᠭᠤᠯᠵᠤ᠂ ᠰᠠᠪᠠ ᠭᠠᠵᠠᠷ ᠤ᠋ᠨ ᠠᠮᠢ ᠠᠬᠤᠢ ᠢ᠋ᠢᠨ ᠠᠮᠤᠷ ᠲᠦᠪᠱᠢᠨ ᠢ᠋ ᠬᠠᠮᠲᠤ ᠪᠡᠷ ᠬᠠᠮᠠᠭᠠᠯᠠᠵᠡᠢ᠃

ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠦᠷᠢᠮ ᠤ᠋ᠨ ᠲᠢᠩᠬᠢᠮ ᠤ᠋ᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ ᠤ᠋ᠨ ᠲᠦᠷᠢᠮ ᠪᠠ 《ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ + ᠪᠠᠢᠴᠠᠭᠠᠬᠤ ᠳᠠᠷᠤᠭ᠎ᠠ》 ᠢ᠋ᠢᠨ ᠬᠠᠮᠵᠢᠯᠴᠠᠬᠤ ᠲᠣᠭ᠍ᠲᠠᠴᠠ ᠢ᠋ᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠺᠠᠳ᠋ᠷ ᠢ᠋ ᠬᠠᠷᠢᠯᠴᠠᠨ ᠲᠣᠮᠢᠯᠠᠨ ᠰᠣᠯᠢᠯᠴᠠᠬᠤ ᠲᠣᠭ᠍ᠲᠠᠴᠠ ᠢ᠋ᠢ ᠪᠠᠢᠭᠤᠯᠵᠤ᠂ ᠪᠤᠭᠤᠲᠤ ᠬᠣᠲᠠ ᠢ᠋ᠢᠨ ᠸᠠᠩ ᠳ᠋ᠠ ᠬᠠᠨ ᠬᠥᠪᠦᠮᠡᠯ ᠬᠥᠭᠥᠷᠭᠡ ᠢ᠋ᠢ ᠨᠤᠷᠠᠭᠠᠵᠤ ᠴᠡᠭ᠌ᠴᠡᠯᠡᠨ ᠵᠠᠰᠠᠬᠤ ᠠᠵᠢᠯ ᠢ᠋ ᠤᠷᠤᠭᠰᠢᠲᠠᠢ ᠪᠡᠶᠡᠯᠡᠭᠦᠯᠦᠭ᠌ᠰᠡᠨ ᠪᠥᠭᠡᠳ ᠡᠨᠡ ᠨᠢ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠢ᠋ᠢᠨ ᠨᠡᠢᠲᠡᠯᠡᠭ᠌ᠰᠡᠨ ᠨᠤᠭᠤ ᠭᠠᠵᠠᠷ ᠢ᠋ ᠬᠠᠮᠠᠭᠠᠯᠠᠬᠤ ᠨᠡᠢᠲᠡ ᠢ᠋ᠢᠨ ᠠᠰᠠᠷᠠᠮᠵᠢ ᠢ᠋ᠢᠨ ᠵᠠᠷᠭᠤ ᠢ᠋ᠢᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠪᠠ᠃ ᠥᠪᠥᠷ ᠮᠣᠩᠭᠣᠯ ᠤ᠋ᠨ ᠬᠣᠶᠠᠳᠤᠭᠠᠷ ᠬᠠᠲᠤᠨ ᠭᠤᠤᠯ ᠬᠡᠮᠡᠭᠳᠡᠭᠰᠡᠨ ᠪᠤᠷᠤᠳᠤᠬᠤᠢ ᠵᠢᠨ ᠤᠰᠤᠯᠠᠯᠳᠠ ᠵᠢᠨ ᠤᠷᠤᠨ ᠤ᠋ ᠶᠡᠷᠦᠩᠬᠡᠢᠯᠡᠭᠰᠡᠨ ᠭᠤᠤᠯ ᠰᠤᠪᠠᠭ ᠪᠥᠬᠥ᠌ ᠤᠯᠤᠰ ᠤ᠋ᠨ ᠬᠣᠶᠠᠳᠤᠭᠠᠷ ᠬᠤᠭᠤᠴᠠᠭᠠᠨ ᠤ᠋ 《ᠬᠠᠮᠤᠭ ᠤ᠋ᠨ ᠭᠣᠶᠣ ᠨᠤᠲᠤᠭ ᠤ᠋ᠨ ᠭᠤᠤᠯ》 ᠢ᠋ᠢᠡᠷ ᠰᠣᠩᠭᠣᠭ᠍ᠳᠠᠵᠤ᠂ ᠬᠢᠩᠭᠠᠨ ᠠᠢᠮᠠᠭ ᠤ᠋ᠨ ᠬᠠᠯᠬ᠎ᠠ ᠭᠤᠤᠯ᠂ ᠲᠦᠩᠯᠢᠶᠣᠤ ᠬᠣᠲᠠ ᠢ᠋ᠢᠨ ᠶᠠᠡᠭᠰᠢᠪ ᠤ᠋ᠨ ᠭᠤᠤᠯ᠂ ᠣᠷᠳᠣᠰ ᠬᠣᠲᠠ ᠢ᠋ᠢᠨ ᠰᠢᠷᠠᠠᠤᠰᠤᠨ ᠭᠤᠤᠯ ᠪᠠ ᠤᠯᠠᠭᠠᠨᠮᠦ᠋ᠷᠡᠨ ᠭᠤᠤᠯ ᠠᠮᠢ ᠠᠬᠤᠶ ᠣᠷᠴᠢᠨ ᠲᠣᠭᠣᠷᠢᠨ ᠤ᠋ ᠶᠠᠮᠤᠨ ᠤ᠋ ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠥᠷᠥᠮ ᠤ᠋ᠨ ᠱᠢᠯᠢᠳᠡᠭ ᠵᠢᠱ᠌ᠢᠶ᠎ᠡ ᠪᠡᠷ ᠰᠣᠩᠭᠣᠭ᠍ᠳᠠᠵᠤ᠂ 5 ᠭᠤᠤᠯ ᠬᠠᠮᠠᠭᠠᠯᠠᠭ᠍ᠴᠢ ᠪᠥᠬᠥ᠌ ᠤᠯᠤᠰ ᠤ᠋ᠨ 《ᠬᠠᠮᠤᠭ ᠤ᠋ᠨ ᠭᠣᠶᠣ ᠭᠤᠤᠯ ᠬᠠᠮᠠᠭᠠᠯᠠᠭ᠍ᠴᠢ》 ᠪᠡᠷ ᠰᠤᠡᠭᠭᠤᠬᠳᠠᠪᠠ ᠃

ᠮᠠᠨ ᠤ᠋ ᠤᠷᠤᠨ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠤᠰᠤᠨ ᠤ᠋ ᠬᠡᠮᠵᠢᠶ᠎ᠡ ᠢ᠋ᠢ ᠲᠣᠬᠢᠷᠠᠭᠤᠯᠬᠤ ᠠᠵᠢᠯ ᠢ᠋ ᠠᠬᠢᠭᠤᠯᠵᠤ᠂ ᠬᠠᠲᠤᠨ ᠭᠤᠤᠯ᠂ ᠬᠠᠷ᠎ᠠ ᠭᠤᠤᠯ᠂ ᠨᠤᠨ ᠮᠥᠷᠡᠨ᠂ ᠯᠤᠸᠠᠨᠾᠧ ᠭᠤᠤᠯ ᠵᠡᠷᠭᠡ ᠮᠤᠵᠢ ᠤᠷᠤᠨ ᠠᠯᠤᠰᠯᠠᠭ᠍ᠰᠠᠨ 17 ᠭᠤᠤᠯ ᠮᠥᠷᠡᠨ ᠤ᠋ ᠤᠰᠤᠨ ᠤ᠋ ᠡᠬᠢ ᠪᠠᠶᠠᠯᠢᠭ ᠢ᠋ ᠲᠣᠬᠢᠷᠠᠭᠤᠯᠬᠤ ᠠᠵᠢᠯ ᠢ᠋ ᠡᠮᠬᠢ ᠵᠢᠷᠤᠮ ᠲᠠᠢ ᠥᠷᠨᠢᠭᠦᠯᠪᠡ᠃ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠶᠡᠷᠦᠩᠬᠡᠢᠯᠡᠨ ᠵᠠᠰᠠᠬᠤ ᠠᠵᠢᠯ ᠢ᠋ ᠲᠣᠭ᠍ᠲᠠᠭᠤᠨ ᠢ᠋ᠢᠡᠷ ᠠᠬᠢᠭᠤᠯᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠷᠥᠰᠥ᠍ ᠱᠢᠷᠣᠶ ᠢ᠋ᠢ ᠬᠠᠮᠠᠭᠠᠯᠠᠬᠤ ᠳᠦᠷᠢᠮ》 ᠳ᠋ᠤ ᠵᠠᠰᠠᠪᠤᠷᠢ ᠣᠷᠣᠭᠤᠯᠤᠨ᠂ ᠰᠠᠯᠠᠭ᠎ᠠ ᠮᠥᠴᠢᠷ ᠤ᠋ᠨ ᠬᠠᠮᠲᠤᠷᠠᠭ᠍ᠰᠠᠨ ᠬᠤᠷᠠᠯ ᠤ᠋ᠨ ᠳᠦᠷᠢᠮ ᠢ᠋ ᠪᠠᠢᠭᠤᠯᠪᠠ᠃ ᠤᠢᠷ᠎ᠠ ᠵᠢᠨ ᠲᠠᠪᠤᠨ ᠵᠢᠯ ᠳ᠋ᠤ ᠥᠪᠥᠷ ᠮᠣᠩᠭᠣᠯ ᠨᠡᠢᠲᠡ 53.12 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ᠂ 3749.1 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠵᠢᠵᠢᠭ ᠰᠠᠪᠠ ᠭᠠᠵᠠᠷ ᠢ᠋ ᠶᠡᠷᠦᠩᠬᠡᠢᠯᠡᠨ ᠵᠠᠰᠠᠵᠤ᠂ ᠵᠡᠭᠦᠨ ᠬᠣᠢᠲᠤ ᠢ᠋ᠢᠨ ᠬᠠᠷ᠎ᠠ ᠬᠥᠷᠥᠰᠥᠲᠦ ᠣᠷᠣᠨ ᠤ᠋ 5089 ᠵᠤᠷᠪᠤᠰ ᠢᠳᠡᠭ᠌ᠳᠡᠮᠡᠯ ᠭᠤᠤ ᠢ᠋ᠢ ᠶᠡᠷᠦᠩᠬᠡᠢᠯᠡᠨ ᠵᠠᠰᠠᠵᠤ᠂ 351 ᠰᠠᠭᠤᠷᠢ ᠨᠦᠯᠦᠮᠡᠯ ᠭᠠᠵᠠᠷ ᠤ᠋ᠨ ᠬᠠᠱᠢᠯᠭ᠎ᠠ ᠪᠠ ᠡᠯᠡᠰᠦᠨ ᠬᠠᠱᠢᠯᠭ᠎ᠠ ᠢ᠋ᠢ ᠱᠢᠨ᠎ᠡ ᠪᠡᠷ ᠪᠠᠢᠭᠤᠯᠤᠨ᠂ 54.98 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠬᠥᠲᠥᠯ ᠲᠠᠷᠢᠶᠠᠨ ᠭᠠᠵᠠᠷ ᠢ᠋ ᠶᠡᠷᠦᠩᠬᠡᠢᠯᠡᠨ ᠵᠠᠰᠠᠵᠤ᠂ 203 ᠰᠠᠭᠤᠷᠢ ᠬᠠᠭᠤᠴᠢᠨ ᠨᠦᠯᠦᠮᠡᠯ ᠭᠠᠵᠠᠷ ᠤ᠋ᠨ ᠬᠠᠱᠢᠯᠭ᠎ᠠ ᠢ᠋ᠢ ᠵᠠᠰᠠᠨ ᠪᠡᠬᠢᠵᠢᠭᠦᠯᠵᠦ᠍᠂ 3.76 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠶᠡᠷᠦᠩᠬᠡᠢᠯᠡᠨ ᠵᠠᠰᠠᠵᠠᠢ᠃ ᠤᠳᠤ ᠪᠦᠬᠦ ᠤᠷᠤᠨ ᠤ᠋ ᠬᠥᠷᠥᠰᠥ᠍ ᠱᠢᠷᠣᠶ ᠢ᠋ᠢᠨ ᠬᠠᠮᠠᠭᠠᠯᠠᠯᠳᠠ ᠵᠢᠨ ᠨᠤᠷᠮ᠎ᠠ 53.11% ᠳ᠋ᠤ ᠬᠦᠷᠴᠤ᠂ ᠬᠦᠷᠦᠰᠤ ᠰᠢᠷᠦᠢ ᠢ᠋ᠢᠨ ᠢᠳᠡᠭᠳᠡᠯ ᠤ᠋ᠨ ᠲᠠᠯᠠᠪᠠᠶ ᠪᠠ ᠬᠦᠴᠦᠯᠡᠴᠡ ᠢ᠋ᠢᠨ 《ᠬᠤᠤᠰ ᠪᠠᠭᠤᠷᠠᠯᠲᠠ》 ᠢ᠋ᠢ ᠪᠠᠶᠠᠯᠠᠭᠦᠯᠪᠠ᠃

ᠮᠠᠨ ᠤ᠋ ᠤᠷᠤᠨ ᠡᠬᠡ ᠭᠤᠤᠯ ᠵᠢᠡᠨ ᠬᠠᠮᠠᠭᠠᠯᠠᠵᠤ ᠵᠠᠰᠠᠬᠤ ᠡᠷᠴᠢᠮ ᠢ᠋ ᠤᠷᠢᠳᠤ ᠭᠠᠷᠤᠭ᠎ᠠ ᠦᠬᠡᠢ ᠴᠢᠩᠭᠠᠷᠠᠭᠤᠯᠵᠤ᠂ ᠤᠰᠤᠨ ᠤ᠋ ᠠᠮᠢ ᠠᠬᠤᠢ ᠤᠷᠴᠢᠨ ᠲᠤᠭᠤᠷᠢᠨ ᠢ᠋ ᠡᠬᠢ ᠡᠭᠦᠰᠦᠯ ᠡᠴᠡ ᠨᠢ ᠰᠢᠰᠲᠸᠮ ᠲᠠᠢ ᠵᠠᠰᠠᠨ᠂ ᠬᠠᠮᠢᠶᠠᠷᠤᠯᠲᠠ ᠬᠠᠮᠠᠭᠠᠯᠠᠯᠲᠠ ᠢ᠋ᠢ ᠪᠦᠬᠦ ᠲᠠᠯ᠎ᠠ ᠪᠡᠷ ᠴᠢᠡᠭᠭᠠᠳᠬᠠᠵᠤ᠂ ᠪᠤᠯᠤᠷ ᠲᠤᠡᠭᠭᠠᠯᠠᠭ ᠤᠰᠤ ᠲᠠᠢ᠂ ᠨᠤᠮᠢᠨ ᠨᠤᠭᠤᠭᠠᠨ ᠲᠠᠯ᠎ᠠ ᠲᠠᠢ ᠡᠬᠡ ᠤᠯᠤᠰ ᠤ᠋ᠨ ᠤᠮᠠᠷᠠᠳᠦ ᠬᠢᠯᠢ ᠵᠢᠨ ᠦᠵᠡᠮᠵᠢ ᠵᠢᠨ ᠤᠷᠤᠨ ᠢ᠋ ᠨᠡᠩ ᠦᠵᠡᠰᠭᠦᠯᠡᠨᠭᠳᠦ ᠰᠠᠢᠬᠠᠨ ᠪᠤᠯᠭᠠᠨ ᠪᠦᠳᠦᠭᠡᠨ ᠪᠠᠢᠢᠭᠤᠯᠬᠤ ᠪᠡᠷ ᠬᠦᠴᠦᠯᠡᠨ ᠴᠢᠷᠮᠠᠢᠭᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号