ᠱᠢᠤᠢ ᠵᠢᠶᠠᠨ ᠱᠢᠩ ᠲᠥᠯᠥᠭᠡᠯᠡᠭ᠌ᠴᠢ᠄ 《ᠬᠦᠳᠡᠭᠡ ᠨᠤᠲᠤᠭ ᠤ᠋ᠨ ᠦᠨᠦᠷ ᠠᠮᠳᠠ》 ᠪᠦᠬᠦᠢ ᠰᠠᠨᠠᠭᠤᠯᠭ᠎ᠠ ᠵᠢ ᠬᠤᠷᠠᠯ᠎ᠳᠤ ᠳᠡᠪᠱᠢᠭᠦᠯᠦᠨ᠎ᠠ
2026-03-02 10:23:26
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠰᠠᠨ ᠫᠠᠩ ᠳ᠋ᠠᠨ ᠪᠤᠯ ᠭᠤᠸᠠ᠎ᠶ᠋ᠢᠨ ᠦᠷ᠎ᠡ᠎ᠶ᠋ᠢᠨ 《ᠤᠳᠤᠨ ᠲᠥᠷᠥᠯ ᠲᠡᠮᠲᠡᠭ》 ᠪᠤᠯᠤᠨ᠎ᠠ᠃ ᠥᠪᠥᠷ ᠮᠣᠩᠭᠣᠯ᠎ᠳᠤ᠂ ᠭᠤᠸᠠ᠎ᠶ᠋ᠢᠨ ᠦᠷ᠎ᠡ᠎ᠶ᠋ᠢ ᠳᠤᠷᠠᠳᠪᠠᠯ᠂ ᠴᠥᠭᠡᠨ ᠪᠤᠰᠤ ᠬᠥᠮᠦᠰ ᠰᠠᠨ ᠫᠠᠩ ᠳ᠋ᠠᠨ ᠭᠡᠬᠦ ᠲᠦᠷᠦᠯ ᠲᠡᠮᠳᠡᠭ᠎ᠢ ᠪᠣᠳᠣᠵᠤ ᠣᠯᠳᠠᠭ᠃ ᠭᠡᠲᠡᠯ᠎ᠡ᠂ ᠰᠠᠨ ᠫᠠᠩ ᠳ᠋ᠠᠨ (ᠥᠪᠥᠷ ᠮᠣᠩᠭᠣᠯ) ᠢᠳᠡᠭᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠵᠢᠶᠠᠨ ᠱᠢᠩ᠎ᠤᠨ ᠬᠠᠷᠠᠯᠲᠠ ᠡᠭᠦᠨ᠎ᠢᠶᠡᠷ ᠵᠣᠭ᠍ᠰᠣᠬᠤ ᠦᠭᠡᠢ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠤᠯᠤᠰ ᠡᠴᠡ ᠲᠦᠷᠦᠯ ᠲᠡᠮᠳᠡᠭ᠎ᠢ ᠪᠣᠢᠵᠢᠭᠤᠯᠬᠤ᠂ ᠤᠬᠠᠭᠤᠯᠤᠨ ᠳᠡᠯᠭᠡᠷᠡᠭᠦᠯᠬᠦ᠌ ᠵᠡᠷᠭᠡ ᠲᠠᠯ᠎ᠠ᠎ᠪᠠᠷ ᠨᠡᠩ ᠤᠯᠠᠨ ᠵᠢᠯᠤᠭᠤᠳᠤᠯᠭ᠎ᠠ ᠪᠠ ᠬᠠᠪᠰᠤᠷᠤᠯᠭ᠎ᠠ ᠦᠵᠡᠭᠦᠯᠵᠦ᠍᠂ ᠥᠪᠥᠷ ᠮᠣᠩᠭᠣᠯ᠎ᠤᠨ ᠲᠦᠷᠦᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠠᠯ᠎ᠠ ᠨᠤᠲᠤᠭ᠎ᠤᠨ ᠨᠡᠩ ᠤᠯᠠᠨ ᠰᠠᠢ᠌ᠨ ᠰᠠᠢᠬᠠᠨ ᠦᠨᠦᠷ ᠠᠮᠲᠠ᠎ᠶ᠋ᠢ ᠪᠦᠬᠦ᠌ ᠤᠯᠤᠰ᠎ᠲᠤ ᠬᠦᠷᠭᠡᠬᠦ᠌᠎ᠶ᠋ᠢ ᠬᠦᠰᠡᠵᠦ᠍ ᠪᠠᠢᠨ᠎ᠠ᠃ ᠡᠨᠡ ᠨᠢ ᠮᠥᠨ ᠴᠦ᠍ ᠲᠡᠭᠦᠨ᠎ᠦ ᠨᠢᠳᠤᠨᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠬᠤ᠎ᠳᠠᠭᠠᠨ ᠳᠤᠷᠠᠳᠤᠭ᠍ᠰᠠᠨ ᠰᠠᠨᠠᠭᠤᠯᠭ᠎ᠠ ᠪᠣᠯᠤᠨ᠎ᠠ᠃

ᠡᠨᠡ ᠵᠢᠯ᠂ ᠲᠡᠷᠡ ᠲᠠᠷᠢᠶᠠᠯᠠᠩ᠎ᠤᠨ ᠳᠠᠭᠠᠳᠭᠠᠯ᠎ᠤᠨ ᠬᠦᠷᠢᠶ᠎ᠡ᠎ᠶ᠋ᠢ ᠭᠣᠣᠯᠳᠠᠯᠭ᠎ᠠ᠎ᠲᠠᠶ ᠠᠩᠬᠠᠷᠴᠤ᠌᠂ ᠤᠯᠤᠰ᠎ᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠡᠴᠡ ᠲᠠᠷᠢᠶᠠᠯᠠᠩ᠎ᠤᠨ ᠳᠠᠭᠠᠳᠭᠠᠯ ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠳᠠᠭᠠᠳᠭᠠᠯ᠎ᠤᠨ ᠲᠦᠯᠦᠪᠦᠷᠢ ᠦᠭᠬᠦ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠲᠠᠷᠢᠶᠠᠯᠠᠩ᠎ᠤᠨ ᠳᠠᠭᠠᠳᠭᠠᠯ᠎ᠢ ᠦᠨᠡᠨ ᠬᠦ᠌ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠪᠣᠯᠭᠠᠵᠤ᠂ ᠲᠠᠷᠢᠶᠠᠴᠢᠳ᠎ᠤᠨ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠰᠠᠢᠲᠤᠷ ᠬᠠᠮᠠᠭᠠᠯᠠᠬᠤ᠎ᠶ᠋ᠢ ᠬᠦᠰᠡᠪᠡ᠃ ᠡᠨᠡ ᠬᠦ᠌ ᠰᠠᠨᠠᠯ ᠰᠠᠨᠠᠭᠤᠯᠭ᠎ᠠ ᠳᠤᠷᠠᠳᠭᠤ ᠴᠢᠭ᠌ᠯᠡᠯ᠎ᠨᠢ ᠱᠢᠤᠢ ᠵᠢᠶᠠᠨ ᠱᠢᠩ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠨᠠᠷᠢᠨ ᠬᠢᠨᠠᠮᠠᠭᠠᠶ ᠪᠠᠢᠴᠠᠭᠠᠨ ᠰᠤᠳᠤᠯᠤᠯᠲᠠ ᠬᠢᠭ᠌ᠰᠡᠨ᠎ᠡᠴᠡ ᠢᠷᠡᠯᠲᠡ᠎ᠲᠡᠶ ᠶᠤᠮ᠃

ᠠᠯᠬᠤᠭ᠎ᠠ ᠪᠡᠷ᠎ᠢᠶᠡᠨ ᠡᠬᠡ ᠭᠠᠵᠠᠷ ᠢ᠋ ᠬᠡᠮᠵᠢᠵᠦ᠍᠂ ᠦᠨᠡᠨ ᠰᠡᠳᠭᠢᠯ᠎ᠢᠶᠡᠷ᠎ᠢᠶᠡᠨ ᠠᠷᠠᠳ᠎ᠤᠨ ᠳᠠᠭᠤᠨ᠎ᠢ ᠰᠣᠨᠣᠰᠤᠨ᠎ᠠ᠃ ᠱᠢᠤᠢ ᠵᠢᠶᠠᠨ ᠱᠢᠩ᠎ᠤᠨ ᠰᠠᠨᠠᠭᠤᠯᠭ᠎ᠠ ᠨᠢ ᠢᠮᠠᠭ᠍ᠲᠠ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠲᠣᠭᠣᠷᠢᠨ᠎ᠳᠤ᠂ ᠲᠤᠬᠠᠶ᠎ᠶ᠋ᠢᠨ ᠭᠠᠵᠠᠷ᠎ᠤᠨ ᠪᠠᠢᠴᠠᠭᠠᠨ ᠰᠤᠳᠤᠯᠤᠯᠲᠠ᠎ᠪᠠᠷ ᠲᠠᠷᠢᠶᠠᠴᠢᠳ᠎ᠤᠨ ᠲᠥᠯᠥᠭᠡ ᠦᠭᠡ ᠬᠡᠯᠡᠵᠦ᠍᠂ ᠠᠵᠤ ᠦᠶ᠋ᠯᠡᠰ᠎ᠲᠦ ᠬᠦᠴᠦᠨ ᠨᠡᠮᠡᠷᠢᠯᠡᠪᠡ᠃ ᠬᠠᠪᠤᠷ᠎ᠤᠨ ᠲᠠᠷᠢᠶᠠᠯᠠᠭ᠎ᠠ ᠡᠴᠡ ᠨᠠᠮᠤᠷ᠎ᠤᠨ ᠬᠤᠷᠢᠶᠠᠯᠲᠠ ᠬᠦᠷᠲᠡᠯ᠎ᠡ᠂ ᠪᠦᠬᠦ᠌ ᠦᠶᠡᠯᠡᠯ᠎ᠦᠨ ᠬᠤᠭᠤᠴᠠᠭᠠᠨ᠎ᠳᠤ ᠮᠥᠷᠳᠡᠨ ᠪᠠᠢᠴᠠᠭᠠᠨ ᠰᠤᠳᠤᠯᠤᠯᠲᠠ ᠬᠢᠵᠦ᠍᠂ ᠲᠠᠷᠢᠶᠠᠴᠢᠳ᠎ᠤᠨ ᠲᠠᠷᠢᠮᠠᠯ᠎ᠤᠨ ᠪᠠᠢᠳᠠᠯ᠂ ᠦᠢᠯᠡᠳᠪᠦᠷᠢᠯᠡᠯ᠎ᠦᠨ ᠬᠦᠴᠢᠷ ᠠᠰᠠᠭᠤᠳᠠᠯ᠎ᠢ ᠨᠡᠩ ᠭᠦᠨᠵᠡᠭᠡᠢ ᠣᠢᠯᠠᠭᠠᠪᠠ᠃ ᠨᠢᠳᠤᠨᠤᠨ ᠪᠠᠶᠠᠨᠨᠠᠭᠤᠷ ᠬᠣᠲᠠ᠎ᠶ᠋ᠢᠨ ᠬᠡᠰᠡᠭ ᠭᠠᠵᠠᠷ ᠣᠷᠣᠨ᠎ᠳᠤ ᠤᠰᠤᠲᠤᠯ᠎ᠤᠨ ᠭᠠᠮᠱᠢᠭ ᠪᠣᠯᠤᠭ᠍ᠰᠠᠨ᠎ᠳᠤ ᠲᠡᠷᠡ ᠦᠶᠤᠸᠠᠨ ᠱᠢᠶᠠᠨ᠎ᠳᠤ ᠬᠦᠷᠴᠦ᠍ ᠭᠠᠮᠱᠢᠭ᠍ᠳᠠᠭ᠍ᠰᠠᠨ ᠪᠠᠢᠳᠠᠯ᠎ᠢ ᠣᠢᠯᠠᠭᠠᠭ᠍ᠰᠠᠨ ᠪᠥᠭᠡᠳ ᠭᠠᠮᠱᠢᠭ᠍ᠳᠠᠭ᠍ᠰᠠᠨ ᠲᠠᠷᠢᠶᠠᠴᠢᠨ ᠡᠷᠦᠬᠡ᠎ᠲᠡᠶ ᠶᠠᠷᠢᠯᠴᠠᠪᠠ᠃ ᠶᠠᠭ ᠡᠨᠡ ᠤᠳᠠᠭᠠᠨ᠎ᠤ ᠪᠠᠢᠴᠠᠭᠠᠨ ᠰᠤᠳᠤᠯᠤᠯᠲᠠ ᠨᠢ ᠲᠠᠷᠢᠶᠠᠴᠢᠨ ᠡᠷᠦᠬᠡ᠎ᠶ᠋ᠢᠨ ᠬᠦᠴᠢᠷ ᠵᠣᠪᠠᠭᠤᠷᠢ᠎ᠶ᠋ᠢ ᠲᠡᠭᠦᠨ ᠳ᠋ᠤ ᠦᠨᠡᠨ ᠬᠦ᠌ ᠮᠡᠳᠡᠷᠡᠭᠦᠯᠪᠡ᠃ 《ᠤᠳᠠᠭ᠎ᠠ ᠪᠦᠷᠢ ᠰᠤᠷᠪᠤᠯᠵᠢᠯᠠᠨ ᠶᠠᠪᠤᠵᠤ ᠪᠠᠢᠴᠠᠭᠠᠨ ᠰᠤᠳᠤᠯᠤᠯᠲᠠ ᠬᠢᠬᠦ ᠨᠢ ᠴᠥᠮ ᠠᠷᠠᠳ᠎ᠤᠨ ᠰᠠᠨᠠᠯ᠎ᠢ ᠰᠣᠨᠣᠰᠴᠤ᠌᠂ ᠠᠰᠠᠭᠤᠳᠠᠯ᠎ᠢ ᠢᠯᠡᠷᠡᠭᠦᠯᠬᠦ᠌ ᠰᠠᠢ᠌ᠨ ᠲᠣᠬᠢᠶᠠᠯ ᠪᠣᠯᠤᠨ᠎ᠠ᠃ ᠭᠠᠭ᠍ᠴᠠ ᠬᠦ᠌ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠠᠷᠠᠳ ᠤᠯᠠᠨ᠎ᠳᠤ ᠠᠭᠤᠰᠤᠯᠴᠠᠪᠠᠯ ᠰᠠᠶᠢ ᠤᠯᠠᠨ ᠲᠦᠮᠡᠨ᠎ᠦ ᠪᠤᠳᠤᠵᠤ ᠰᠠᠨᠠᠵᠤ ᠪᠠᠢᠭ᠎ᠠ ᠵᠦᠢᠯ ᠎ᠢ ᠣᠢᠯᠠᠭᠠᠵᠤ᠂ ᠤᠯᠠᠨ ᠲᠦᠮᠡᠨ ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠢᠳᠪᠦᠷᠢᠯᠡᠵᠦ᠍ ᠴᠢᠳᠠᠨ᠎ᠠ》 ᠭᠡᠵᠦ᠍ ᠱᠢᠤᠢ ᠵᠢᠶᠠᠨ ᠱᠢᠩ ᠬᠡᠯᠡᠪᠡ᠃

ᠲᠠᠷᠢᠶᠠᠯᠠᠩ᠎ᠤᠨ ᠳᠠᠭᠠᠳᠭᠠᠯ᠎ᠢ ᠠᠩᠬᠠᠷᠴᠤ ᠪᠠᠢᠬᠤ᠎ᠡᠴᠡ ᠭᠠᠳᠠᠨ᠎ᠠ᠂ ᠱᠢᠤᠢ ᠵᠢᠶᠠᠨ ᠱᠢᠩ ᠪᠠᠰᠠ 《ᠱᠢᠨ᠎ᠡ ᠰᠣᠷᠭᠣᠭ ᠡᠷᠳᠡᠨᠢ ᠱᠢᠰᠢ᠎ᠶ᠋ᠢ ᠠᠮᠤ ᠪᠤᠳᠠᠭᠠᠨ᠎ᠤ ᠲᠥᠷᠥᠯ᠎ᠦᠨ ᠠᠵᠤ ᠦᠶ᠋ᠯᠡᠰ᠎ᠦᠨ ᠭᠠᠷᠴᠠᠭ᠎ᠲᠤ ᠣᠷᠣᠭᠤᠯᠵᠤ᠂ ᠲᠡᠭᠦᠨ ᠳ᠋ᠤ ᠲᠠᠷᠢᠶᠠᠴᠢᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠬᠦᠷᠲᠡᠬᠡᠬᠦ》 ᠵᠢᠨ ᠲᠣᠭᠣᠷᠢᠨ᠎ᠳᠤ ᠰᠠᠨᠠᠭᠤᠯᠭ᠎ᠠ ᠳᠤᠷᠠᠳᠴᠤ᠌᠂ ᠡᠨᠡ ᠬᠦ᠌ ᠣᠨᠴᠠᠯᠢᠭ᠍ᠲᠤ ᠠᠵᠤ ᠦᠶ᠋ᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠨᠠᠩ ᠣᠯᠠᠨ ᠲᠠᠷᠢᠶᠠᠴᠢᠨ᠎ᠤ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠬᠦ᠌ ᠳᠤᠮᠳᠠ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠶ᠋ᠢ ᠬᠦᠰᠡᠵᠦ᠍ ᠪᠠᠢᠨ᠎ᠠ᠃

ᠪᠦᠬᠦ᠌ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ᠎ᠪᠠᠷ ᠪᠠᠢᠭ᠎ᠠ ᠲᠠᠰᠢᠷᠠᠮ᠎ᠳᠤ᠂ ᠱᠢᠤᠢ ᠵᠢᠶᠠᠨ ᠱᠢᠩ ᠬᠦᠰᠡᠯ ᠡᠷᠡᠮᠡᠯᠵᠡᠯ᠎ᠢᠶᠡᠷ ᠳᠦᠭᠦᠷᠡᠨᠭ ᠪᠠᠢᠬᠤ ᠮᠦᠷᠲᠡᠭᠡᠨ ᠪᠠᠰᠠ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠬᠤ ᠪᠠᠨ ᠭᠦᠨᠵᠡᠭᠡᠢ ᠮᠡᠳᠡᠷᠡᠵᠦ ᠪᠠᠢᠯ᠎ᠠ᠃ ᠲᠡᠷᠡ᠂ 《ᠬᠦᠳᠡᠭᠡ ᠨᠤᠲᠤᠭ ᠤ᠋ᠨ ᠦᠨᠦᠷ ᠠᠮᠲᠠ》 ᠪᠦᠬᠦᠢ ᠰᠠᠨᠠᠭᠤᠯᠭ᠎ᠠ᠎ᠶ᠋ᠢ ᠬᠤᠷᠠᠯ ᠳᠡᠭᠡᠷ᠎ᠡ ᠳᠡᠪᠱᠢᠭᠦᠯᠵᠦ᠍᠂ ᠤᠯᠤᠰ᠎ᠤᠨ ᠰᠠᠢ᠌ᠨ ᠲᠦᠷᠦ᠍᠎ᠶ᠋ᠢᠨ ᠪᠤᠳᠤᠯᠭ᠎ᠠ ᠎ᠶ᠋ᠢ ᠦᠨᠳᠦᠰᠦᠨ ᠱᠠᠲᠤᠨ ᠎ᠳᠤ ᠬᠦᠷᠭᠡᠵᠦ᠍᠂ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠴᠦ᠂ ᠱᠢᠨ᠎ᠡ ᠴᠠᠭ ᠦᠶ᠎ᠡ᠎ᠶ᠋ᠢᠨ ᠠᠷᠠᠳ ᠲᠦᠮᠡᠨ᠎ᠦ ᠰᠡᠳᠭᠢᠯ ᠬᠠᠨᠤᠮᠵᠢᠲᠠᠢ ᠠᠷᠠᠳ᠎ᠤᠨ ᠲᠥᠯᠥᠭᠡᠯᠡᠭ᠌ᠴᠢ ᠪᠣᠯᠬᠤ᠎ᠪᠠᠷ ᠴᠢᠷᠮᠠᠢᠨ᠎ᠠ ᠭᠡᠵᠦ᠍ ᠢᠯᠡᠳᠭᠡᠪᠡ᠃


【ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭᠯᠡᠯ】

ᠦᠨᠳᠦᠰᠦᠨ ᠱᠠᠲᠤᠨ ᠳ᠋ᠤ ᠭᠦᠨᠵᠡᠭᠡᠢᠷᠡᠵᠦ᠂ ᠰᠡᠳᠭᠢᠯ᠎ᠳᠡᠭᠡᠨ ᠠᠷᠠᠳ ᠲᠦᠮᠡᠨ᠎ᠢ ᠪᠤᠳᠤᠨ᠎ᠠ᠃ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠎ᠡᠴᠡ ᠨᠠᠭᠠᠰᠢ᠂ ᠱᠢᠤᠢ ᠵᠢᠶᠠᠨ ᠱᠢᠩ ᠡᠮᠦᠨ᠎ᠡ ᠹᠷᠣᠨᠲ᠎ᠲᠤ ᠦᠨᠳᠦᠰᠦᠯᠡᠨ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠤᠯᠠᠨ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ ᠮᠡᠷᠭᠡᠨ ᠪᠤᠳᠤᠯᠭ᠎ᠠ ᠳᠡᠪᠱᠢᠭᠦᠯᠪᠡ᠂ ᠲᠡᠷᠡ ᠤᠯᠠᠨ ᠲᠦᠮᠡᠨ᠎ᠲᠡᠶ ᠪᠤᠳᠤᠯ᠎ᠢᠶᠠᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠤᠯᠠᠨ ᠲᠦᠮᠡᠨ᠎ᠦ ᠰᠠᠨᠠᠭᠠᠱᠢᠷᠠᠵᠤ ᠪᠠᠢᠭ᠎ᠠ ᠶᠠᠪᠤᠳᠠᠯ᠎ᠢ ᠣᠢᠯᠠᠭᠠᠵᠤ᠂ ᠤᠯᠠᠨ ᠲᠦᠮᠡᠨ᠎ᠦ ᠰᠠᠨᠠᠭ᠎ᠠ ᠵᠤᠪᠠᠵᠤ ᠪᠠᠢᠭ᠎ᠠ ᠶᠠᠪᠤᠳᠠᠯ᠎ᠢ ᠱᠢᠢᠳᠪᠦᠷᠢᠯᠡᠵᠦ᠍᠂ ᠨᠢᠭᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠷᠢᠭᠤᠴᠠᠯᠭ᠎ᠠ ᠪᠣᠯᠤᠨ ᠡᠭᠦᠷᠭᠡᠯᠡᠯ᠎ᠢ ᠠᠮᠢᠳᠤᠯᠢᠭ᠎ᠢᠶᠠᠷ ᠲᠠᠢᠯᠪᠤᠷᠢᠯᠠᠪᠠ᠃

ᠱᠢᠤᠢ ᠵᠢᠶᠠᠨ ᠱᠢᠩ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯ ᠢᠷᠠᠭᠤ ᠠᠯᠳᠠᠷ ᠪᠣᠯᠬᠤ᠎ᠪᠠᠷ ᠪᠠᠷᠠᠬᠤ ᠦᠭᠡᠢ ᠨᠡᠩ ᠴᠤ᠌ ᠬᠠᠷᠢᠭᠤᠴᠠᠯᠭ᠎ᠠ ᠮᠥᠨ᠂ ᠠᠷᠠᠳ ᠤᠯᠠᠨ᠎ᠤ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍ ᠪᠠᠢᠨ᠎ᠠ ᠭᠡᠳᠡᠭ᠎ᠢ ᠠᠵᠢᠯ᠎ᠤᠨ ᠳᠤᠮᠳᠠ ᠪᠠᠨ ᠭᠦᠨᠵᠡᠭᠡᠢ ᠣᠢᠯᠠᠭᠠᠪᠠ᠃ ᠤᠳᠠᠭ᠎ᠠ ᠪᠦᠷᠢ᠎ᠶ᠋ᠢᠨ ᠪᠠᠢᠴᠠᠭᠠᠨ ᠰᠤᠳᠤᠯᠤᠯᠲᠠ ᠨᠢ ᠪᠠᠰᠠ ᠲᠡᠭᠦᠨ᠎ᠤ ᠤᠯᠠᠨ ᠲᠦᠮᠡᠨ᠎ᠦ ᠳᠣᠲᠣᠨᠣ ᠬᠥᠮᠦᠨ ᠪᠣᠯᠬᠤ ᠡᠷᠡᠰ ᠵᠣᠷᠢᠭ᠎ᠢ ᠨᠢ ᠨᠡᠩ ᠪᠠᠲᠤ ᠴᠢᠩᠭ᠎ᠠ ᠪᠣᠯᠭᠠᠵᠠᠢ᠂ ᠲᠡᠷᠡ ᠦᠷᠭᠦᠯᠵᠢᠯᠡᠨ ᠪᠣᠳᠠᠲᠤ ᠠᠵᠢᠯᠯᠠᠭ᠎ᠠ᠎ᠪᠠᠷ᠎ᠢᠶᠠᠨ 《ᠠᠷᠠᠳ ᠲᠦᠮᠡᠨ ᠨᠠᠮᠠᠶ᠋ᠢ ᠲᠥᠯᠥᠭᠡᠯᠡᠭ᠌ᠴᠢ᠎ᠪᠡᠷ ᠰᠣᠩᠭᠣᠪᠠ᠂ ᠪᠢ ᠠᠷᠠᠳ ᠲᠦᠮᠡᠨ᠎ᠦ ᠲᠥᠯᠥᠭᠡ ᠲᠥᠯᠥᠭᠡᠯᠡᠭ᠌ᠴᠢ ᠵᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠨ᠎ᠠ》 ᠭᠡᠬᠦ ᠲᠥᠪ ᠴᠢᠩᠭ᠎ᠠ ᠠᠮᠠᠯᠠᠯᠲᠠ ᠎ᠪᠠᠨ ᠪᠡᠶᠡᠯᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号