ᠦᠪᠦᠷ ᠮᠤᠩᠭᠤᠯ ᠬᠤᠪᠤᠷ ᠰᠢᠷᠤᠢ ᠶ᠋ᠢᠨ ᠮᠠᠲᠧᠷᠢᠶᠠᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠤᠳᠤᠯᠭᠠᠨ ᠤ᠋ ᠠᠵᠢᠯ ᠢ᠋ ᠡᠬᠢᠯᠡᠭᠦᠯᠪᠡ
2026-03-02 11:00:15
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠭᠠᠨ᠎ᠦ ᠬᠦᠷᠢᠶᠡᠯᠡᠩ ᠤᠢᠷ᠎ᠠ ᠳ᠋ᠤ ᠬᠤᠪᠤᠷ ᠰᠢᠷᠤᠢ ᠶ᠋ᠢᠨ ᠮᠠᠲᠧᠷᠢᠶᠠᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠤᠳᠤᠯᠭᠠᠨ ᠤ᠋ ᠠᠵᠢᠯ ᠢ᠋ ᠡᠬᠢᠯᠡᠭᠦᠯᠪᠠ᠃

ᠲᠤᠰ ᠰᠤᠳᠤᠯᠭᠠᠨ ᠤ᠋ ᠠᠵᠢᠯ ᠨᠢ ᠬᠤᠪᠤᠷ ᠰᠢᠷᠤᠢ ᠶ᠋ᠢᠨ ᠮᠠᠲᠧᠷᠢᠶᠠᠯ ᠬᠢᠭᠡᠳ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠭᠦᠨᠵᠡᠭᠡᠢ ᠠᠭᠤᠰᠤᠯᠴᠠᠯ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ ᠪᠦᠬᠦ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠡᠮᠡᠷᠢᠯᠡᠬᠦ ᠪᠡᠷ ᠵᠤᠷᠢᠯᠳᠠ ᠪᠤᠯᠭᠠᠪᠠ᠃ ᠰᠤᠳᠤᠯᠭᠠᠨ ᠤ᠋ ᠠᠵᠢᠯ ᠤ᠋ᠨ ᠡᠮᠬᠢ ᠵᠢᠷᠦᠮ ᠲᠠᠢ ᠶᠠᠪᠤᠭᠳᠠᠬᠤ ᠶ᠋ᠢ ᠪᠠᠳᠤᠯᠠᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠭᠠᠨ᠎ᠦ ᠬᠦᠷᠢᠶᠡᠯᠡᠩ ᠤᠷᠤᠨ ᠤ᠋ ᠲᠤᠳᠤᠭᠠᠳᠤ ᠶ᠋ᠢᠨ 7 ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ ᠶ᠋ᠢᠨ ᠬᠤᠯᠪᠤᠭᠳᠠᠯ ᠪᠦᠬᠦᠢ ᠨᠢᠭᠡᠴᠢ ᠲᠠᠢ ᠬᠠᠮᠳᠤᠷᠠᠨ ᠰᠢᠨ᠎ᠠ ᠶ᠋ᠢ ᠡᠭᠦᠳᠬᠦ ᠬᠤᠯᠪᠤᠭ᠎ᠠ ᠪᠠᠢᠭᠤᠯᠵᠤ᠂ ᠬᠤᠪᠤᠷ ᠰᠢᠷᠤᠢ ᠶ᠋ᠢᠨ ᠮᠠᠲᠧᠷᠢᠶᠠᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠤᠳᠤᠯᠤᠨ ᠨᠡᠭᠡᠭᠡᠬᠦ᠂ ᠰᠢᠯᠭᠠᠨ ᠪᠠᠢᠴᠠᠭᠠᠬᠤ᠂ ᠦᠷ᠎ᠠ  ᠪᠦᠲᠦᠭᠡᠯ  ᠢ᠋  ᠤᠨᠳᠤᠤᠰᠢᠭᠤᠯᠬᠤ  ᠵᠡᠷᠭᠡ ᠠᠵᠢᠯ ᠤ᠋ᠨ ᠲᠤᠭᠤᠷᠢᠨ ᠳ᠋ᠤ ᠰᠢᠨ᠎ᠠ ᠶ᠋ᠢ ᠡᠭᠦᠳᠬᠦ ᠬᠤᠯᠪᠤᠭᠠᠨ ᠤ᠋ ᠵᠦᠪᠯᠡᠯᠴᠡᠭᠡᠷ ᠳᠤᠬᠢᠷᠠᠯᠴᠠᠵᠤ᠂ ᠳᠠᠪᠠᠭᠤᠯᠢᠭ ᠶ᠋ᠢᠡᠨ ᠬᠠᠷᠢᠯᠴᠠᠨ ᠨᠦᠬᠦᠪᠤᠷᠢᠯᠡᠬᠦ᠂ ᠡᠬᠢ ᠪᠠᠶᠠᠯᠢᠭ ᠢ᠋ ᠬᠠᠮᠳᠤ ᠪᠡᠷ ᠡᠳ᠋ᠯᠡᠬᠦ ᠰᠢᠨ᠎ᠠ ᠶ᠋ᠢ ᠡᠭᠦᠳᠬᠦ ᠬᠠᠮᠳᠤ ᠶ᠋ᠢᠨ ᠴᠤᠭᠴᠠ ᠶ᠋ᠢ ᠪᠠᠢᠭᠤᠯᠤᠨ᠂ ᠠᠵᠢᠯ ᠲᠦᠷᠦᠯ ᠤ᠋ᠨ ᠬᠦᠭᠵᠢᠯᠳᠡ ᠶ᠋ᠢᠨ ᠬᠦᠴᠢᠷ ᠠᠰᠠᠭᠤᠳᠠᠯ ᠢ᠋ ᠰᠢᠢᠳᠪᠤᠷᠢᠯᠡᠬᠦ ᠪᠡᠷ ᠴᠢᠷᠮᠠᠢᠵᠤ ᠪᠠᠢᠨ᠎ᠠ᠃

ᠡᠭᠦᠨ ᠤ᠋ ᠵᠡᠷᠭᠡ ᠪᠡᠷ᠂ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠭᠠᠨ᠎ᠦ ᠬᠦᠷᠢᠶᠡᠯᠡᠩ ᠪᠠᠰᠠ ᠪᠤᠭᠤᠳᠤ ᠬᠤᠳᠠ ᠶ᠋ᠢᠨ ᠪᠠᠶᠠᠠᠠᠤᠪᠤᠭ᠎ᠠ ᠠᠭᠤᠷᠬᠠᠢ ᠶ᠋ᠢᠨ ᠲᠤᠭᠤᠷᠢᠭ ᠤ᠋ᠨ ᠬᠤᠪᠤᠷ ᠰᠢᠷᠤᠢ ᠶ᠋ᠢᠨ ᠰᠢᠨ᠎ᠠ ᠮᠠᠲᠧᠷᠢᠶᠠᠯ ᠪᠤᠯᠤᠨ ᠠᠵᠤ ᠦᠢᠯᠡᠰ ᠤ᠋ᠨ ᠬᠡᠷᠡᠭᠯᠡᠭᠡ ᠶ᠋ᠢᠨ ᠰᠤᠳᠤᠯᠭᠠᠨ᠎ᠦ ᠬᠦᠷᠢᠶᠡᠯᠡᠩ ᠲᠠᠢ ᠬᠠᠮᠳᠤᠷᠠᠨ᠂ ᠦᠪᠡᠷᠳᠡᠭᠡᠨ ᠵᠠᠰᠠᠬᠤ ᠤᠷᠤᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠢᠩᠬᠢᠮ ᠤ᠋ᠨ 2026 ᠤᠨ ᠤ᠋ ᠭᠤᠤᠯᠳᠠᠯᠭ᠎ᠠ ᠲᠠᠢ ᠰᠤᠳᠤᠯᠭᠠᠨ ᠨᠡᠭᠡᠭᠡᠯᠳᠡ ᠪᠠ ᠦᠷ᠎ᠠ ᠪᠦᠲᠦᠭᠡᠯ ᠢ᠋ ᠤᠨᠳᠤᠤᠰᠢᠭᠤᠯᠬᠤ ᠲᠦᠯᠦᠪᠯᠡᠭᠡ ᠶ᠋ᠢᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠬᠠᠳᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠳᠠ ᠪᠠ ᠴᠢᠨᠠᠷ ᠰᠠᠢᠳᠠᠢ ᠬᠦᠭᠵᠢᠯᠳᠡ ᠶ᠋ᠢ ᠲᠤᠯᠭᠠᠭᠤᠷᠢᠯᠠᠬᠤ》 ᠲᠤᠰᠬᠠᠢ ᠲᠦᠷᠦᠯ ᠵᠦᠢᠯ ᠤ᠋ᠨ 《ᠬᠤᠪᠤᠷ ᠰᠢᠷᠤᠢ ᠶ᠋ᠢᠨ ᠪᠠᠺᠲᠧᠷᠢ ᠶ᠋ᠢ ᠡᠰᠡᠷᠭᠦᠴᠡᠬᠦ ᠸᠢᠷᠦ᠋ᠰ ᠢ᠋ ᠡᠰᠡᠷᠭᠦᠴᠡᠬᠦ  ᠨᠡᠢᠯᠡᠮᠡᠯ ᠮᠠᠲᠧᠷᠢᠶᠠᠯ》 ᠤ᠋ᠨ ᠲᠦᠷᠦᠯ ᠵᠦᠢᠯ ᠢ᠋ ᠡᠷᠡᠮᠡᠯᠵᠡᠪᠡ᠃

ᠤᠳᠤᠬᠠᠨ ᠳ᠋ᠤ᠂ ᠰᠤᠳᠤᠯᠭᠠᠨ ᠤ᠋ ᠠᠵᠢᠯ ᠨᠢᠭᠡᠨᠳᠡ ᠠᠩᠬ᠎ᠠ ᠠᠯᠬᠤᠮ ᠤ᠋ᠨ ᠠᠬᠢᠴᠠ ᠲᠠᠢ ᠪᠤᠯᠵᠠᠢ᠃ ᠰᠤᠳᠤᠯᠭᠠᠨ ᠤ᠋ ᠠᠵᠢᠯᠳᠠᠨ ᠤ᠋ ᠢᠯᠡᠷᠡᠭᠦᠯᠦᠭᠰᠡᠨ ᠶ᠋ᠢᠡᠷ᠂ ᠬᠤᠪᠤᠷ ᠰᠢᠷᠤᠢ ᠶ᠋ᠢᠨ ᠵᠠᠷᠢᠮ ᠡᠯᠧᠮᠧᠨ᠋ᠲ ᠨᠢ ᠦᠷᠭᠡᠨ ᠬᠡᠪᠴᠢᠶᠠᠨ ᠤ᠋ ᠦᠨᠳᠦᠷ ᠪᠦᠲᠦᠮᠵᠢᠳᠤ ᠪᠠᠺᠲᠧᠷᠢ ᠶ᠋ᠢ ᠡᠰᠡᠷᠭᠦᠴᠡᠬᠦ ᠦᠢᠯᠡᠳᠦᠯ ᠲᠠᠢ ᠪᠦᠭᠡᠳ ᠡᠮ ᠳᠠᠭᠠᠭᠠᠬᠤ ᠴᠢᠨᠠᠷ ᠠᠮᠠᠷᠬᠠᠨ ᠡᠭᠦᠰᠬᠦ ᠦᠭᠡᠢ ᠳᠠᠪᠠᠭᠤᠯᠢᠭ ᠲᠠᠢ ᠪᠠᠢᠵᠤ᠂ ᠳᠠᠷᠠᠭ᠎ᠠ ᠪᠡᠷ ᠶᠠᠭᠤᠨ ᠤ᠋ ᠤᠷᠢᠳ ᠲᠤᠰ ᠡᠯᠧᠮᠧᠨ᠋ᠲ ᠤ᠋ᠨ ᠲᠤᠬᠠᠢ ᠭᠦᠨᠵᠡᠭᠡᠢ ᠰᠤᠳᠤᠯᠭᠠᠨ ᠦᠷᠨᠢᠭᠦᠯᠬᠦ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号