ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠯᠠᠨ ᠨᠡᠶ᠋ᠢᠲᠡ᠎ᠶᠢᠨ ᠬᠢᠴᠢᠶᠡᠯ᠎ᠦᠨ ᠭᠡᠷ᠎ᠲᠦ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ》᠂ 《ᠰᠤᠷᠭᠠᠨ ᠬᠥᠮᠦᠵᠢᠯ᠎ᠦᠨ ᠵᠢᠳᠬᠦᠯᠲᠡᠨᠦ ᠵᠣᠷᠢᠭ᠋ ᠰᠠᠨᠠᠭ᠎ᠠ》᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ》 ᠵᠡᠷᠭᠡ ᠭᠣᠣᠯ ᠰᠡᠳᠦᠪ ᠨᠢ ᠲᠣᠳᠣᠷᠬᠠᠢ᠂ ᠠᠭᠤᠯᠭ᠎ᠠ ᠨᠢ ᠬᠦᠮᠦᠰ᠎ᠤᠨ ᠠᠩᠬᠠᠷᠤᠯ᠎ᠢ ᠲᠠᠳᠠᠮ᠎ᠠ᠂ ᠰᠢᠰᠲᠧᠮ ᠨᠢ ᠲᠣᠳᠣᠷᠬᠠᠢ ᠦᠵᠡᠭᠦᠯᠭᠡ᠎ᠶᠢᠨ ᠣᠷᠳᠣᠨ ᠮᠠᠶᠢᠭ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠭᠣᠣᠯ ᠰᠡᠳᠦᠪᠲᠦ ᠬᠥᠮᠦᠵᠢᠯ᠎ᠦᠨ ᠭᠠᠵᠠᠷ 10 ᠪᠠᠢᠵᠤ᠂ ᠦᠵᠡᠯ ᠰᠠᠨᠠᠭ᠎ᠠ ᠤᠯᠤᠰ ᠲᠦᠷᠦ᠎ᠶᠢᠨ ᠠᠭᠤᠯᠭ᠎ᠠ᠎ᠶᠢ ᠬᠦᠮᠦᠰ᠎ᠤᠨ ᠰᠡᠳᠬᠢᠯ ᠳ᠋ᠤ ᠬᠠᠳᠠᠩᠰᠢᠭᠤᠯᠵᠤ᠂ ᠤᠯᠠᠨ ᠡᠰᠢᠲᠦ ᠣᠷᠣᠨ ᠵᠠᠢ᠎ᠳᠤ ᠬᠥᠮᠥᠨ᠎ᠢ ᠬᠥᠮᠥᠵᠢᠭᠦᠯᠬᠦ᠎ᠶᠢ ᠪᠡᠶᠡᠯᠡᠭᠦᠯᠵᠦ ᠪᠤᠢ᠃
ᠥᠪᠥᠷ ᠮᠣᠩᠭᠣᠯ᠎ᠤᠨ ᠦᠨᠳᠦᠰᠦᠲᠡᠨ᠎ᠦ ᠴᠡᠴᠡᠷᠯᠢᠭ᠎ᠤᠨ ᠪᠠᠭᠰᠢ ᠵᠢᠨ ᠲᠤᠰᠬᠠᠢ ᠮᠡᠷᠭᠡᠵᠢᠯ᠎ᠦᠨ ᠳᠡᠬᠡᠳᠤ ᠰᠤᠷᠭᠠᠭᠤᠯᠢ᠎ᠶᠢᠨ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠵᠢᠡᠷ ᠪᠠᠭ᠍ᠰᠢ ᠰᠤᠷᠤᠭ᠍ᠴᠢᠳ᠎ᠤᠨ ᠤᠯᠠ ᠮᠦᠷ ᠣᠷᠳᠣᠰ᠎ᠤᠨ ᠲᠤᠯᠤᠭᠠᠨ ᠬᠣᠰᠢᠭᠤ ᠬᠣᠶᠠᠷ ᠲᠣᠭᠣᠷᠢᠭ᠋ᠵᠢᠡᠷ ᠲᠦᠭᠡᠵᠦ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠦᠢᠯᠡᠳᠪᠦᠷᠢᠯᠡᠯ᠎ᠦᠨ ᠡᠮᠦᠨ᠎ᠡ ᠹᠷᠣᠨᠲ᠂ ᠮᠠᠯᠵᠢᠬᠤ ᠲᠠᠷᠢᠶᠠᠯᠠᠬᠤ ᠣᠷᠣᠨ᠎ᠳᠤ ᠬᠦᠷᠭᠡᠵᠦ᠂ ᠦᠵᠡᠯ ᠰᠠᠨᠠᠭ᠎ᠠ ᠤᠯᠤᠰ ᠲᠦᠷᠦ᠎ᠶᠢᠨ ᠪᠠᠭ᠎ᠠ ᠬᠢᠴᠢᠶᠡᠯ᠎ᠦᠨ ᠲᠠᠩᠬᠢᠮ ᠪᠣᠯᠣᠨ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠢ ᠨᠢᠭ᠍ᠲᠠ ᠤᠶᠠᠯᠳᠤᠭᠤᠯᠵᠤ᠂ ᠵᠠᠯᠠᠭᠤ ᠰᠤᠷᠤᠭ᠍ᠴᠢᠳ ᠦᠢᠯᠡᠳᠦᠯᠭᠡ᠎ᠶᠢᠨ ᠳᠤᠮᠳᠠ ᠦᠵᠡᠯ ᠰᠠᠨᠠᠭᠠᠨ᠎ᠤ ᠠᠤᠭ᠎ᠠ ᠬᠦᠴᠦᠨ᠎ᠢ ᠣᠢᠯᠠᠭᠠᠵᠤ᠂ ᠪᠡᠶᠡᠴᠢᠯᠡᠨ ᠣᠢᠯᠠᠭᠠᠬᠤ ᠳᠤᠮᠳᠠ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠵᠠᠢ᠃
ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠶᠢᠨ ᠮᠦᠽᠧᠢ᠎ᠶᠢᠨ ᠰᠣᠶᠣᠯ᠎ᠤᠨ ᠤᠷᠳᠤ ᠬᠣᠩᠭᠢᠯ᠎ᠳᠤ᠂ ᠶᠢᠰᠦᠨ ᠯᠣᠣ ᠶᠢᠰᠦᠨ ᠭᠠᠷᠤᠳᠢ᠎ᠶᠢᠨ ᠲᠢᠲᠢᠮ᠂ ᠪᠦᠷᠭᠦᠳ᠎ᠦᠨ ᠠᠯᠳᠠᠨ ᠲᠢᠲᠢᠮ᠂ ᠯᠣᠣ᠎ᠶᠢᠨ ᠬᠡᠯᠪᠡᠷᠢᠲᠦ ᠤᠭ᠌ᠶᠤ ᠵᠢᠨ ᠪᠠᠭᠠᠵᠢ ᠵᠡᠷᠭᠡ ᠪᠠᠭ᠍ᠰᠢ ᠰᠤᠷᠤᠭ᠍ᠴᠢᠳ᠎ᠤᠨ ᠥᠪᠡᠷᠰᠡᠳ ᠵᠢᠡᠨ ᠳᠠᠪᠲᠠᠨ ᠰᠡᠢᠯᠦᠭᠰᠡᠨ 《ᠲᠡᠦᠬᠡ᠎ᠶᠢᠨ ᠳᠤᠷᠠᠰᠬᠠᠯᠲᠤ ᠵᠦᠢᠯᠡᠰ》 ᠢ᠋ ᠳᠡᠯᠭᠡᠨ ᠦᠵᠡᠭᠦᠯᠵᠦ ᠪᠤᠢ᠃ ᠪᠠᠭ᠍ᠰᠢ ᠰᠤᠷᠤᠭ᠍ᠴᠢᠳ ᠲᠡᠦᠬᠡ᠎ᠶᠢᠨ ᠳᠤᠷᠠᠰᠬᠠᠯᠲᠤ ᠵᠦᠢᠯᠡᠰ᠎ᠢ ᠰᠤᠨᠢᠷᠬᠠᠬᠤ ᠳᠤᠮᠳᠠ ᠲᠡᠦᠬᠡ᠎ᠵᠢ ᠤᠢᠯᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠢ ᠠᠮᠳᠠᠷᠬᠠᠨᠠ᠃
ᠡᠳᠡᠬᠡᠷ ᠠᠮᠢᠳᠤᠯᠢᠭ ᠰᠠᠢᠬᠠᠨ ᠦᠵᠡᠮᠵᠢ ᠪᠠᠢᠳᠠᠯ ᠪᠤᠯ ᠥᠪᠥᠷ ᠮᠣᠩᠭᠣᠯ᠎ᠤᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠠᠬᠢᠭᠤᠯᠤᠭᠰᠠᠨ ᠬᠤᠷᠢᠶᠠᠩᠭᠤᠢ ᠳᠦᠷᠰᠦ ᠪᠣᠯᠣᠨ᠎ᠠ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠥᠭᠡᠷᠡᠴᠢᠯᠡᠯᠲᠡ᠎ᠶᠢᠨ ᠲᠤᠷᠰᠢᠯᠲᠠ᠎ᠪᠠᠷ ᠬᠥᠲᠥᠯᠥᠮᠵᠢ ᠪᠣᠯᠭᠠᠵᠤ᠂ ᠪᠡᠬᠢᠯᠡᠯᠲᠡ᠎ᠶᠢ ᠡᠪᠳᠡᠵᠦ᠂ ᠰᠢᠰᠲ᠋ᠧᠮ᠎ᠢ ᠪᠠᠢᠭᠤᠯᠵᠤ᠂ ᠡᠩᠨᠡᠭᠡ᠎ᠪᠡᠨ ᠴᠢᠩᠭᠠᠳᠬᠠᠵᠤ᠂ ᠬᠥᠮᠥᠨ᠎ᠢ ᠬᠥᠮᠥᠵᠢᠭᠦᠯᠬᠦ ᠢᠵᠢᠯ ᠲᠥᠪ᠎ᠲᠦ ᠲᠣᠭᠣᠷᠢᠭ᠋᠎ᠢ ᠬᠠᠮᠲᠤ ᠪᠠᠷ ᠵᠢᠷᠤᠭᠯᠠᠪᠠ᠃
ᠬᠥᠬᠡᠬᠣᠲᠠ ᠶᠡᠬᠡ ᠳᠡᠭᠡᠳᠦ ᠰᠤᠷᠭᠠᠭᠤᠯᠢ᠎ᠯᠤᠭ᠎ᠠ 《ᠭᠠᠷ ᠬᠣᠯᠪᠣᠨ》᠂ ᠲᠤᠷᠰᠢᠯᠲᠠ᠎ᠶᠢᠨ ᠲᠣᠭᠣᠷᠢᠭ᠋᠂ ᠲᠤᠷᠰᠢᠯᠲᠠ᠎ᠶᠢᠨ ᠰᠤᠷᠭᠠᠭᠤᠯᠢ᠎ᠶᠢ ᠪᠠᠢᠷᠢᠯᠠᠭᠤᠯᠤᠨ᠂ ᠰᠤᠷᠤᠯᠴᠠᠯᠭ᠎ᠠ ᠵᠢᠨ ᠬᠠᠷᠰᠢ ᠰᠠᠭᠠᠳ᠎ᠢ ᠨᠡᠪᠲᠡᠷᠡᠭᠦᠯᠪᠡ; ᠬᠥᠯᠥᠨ ᠪᠣᠶ᠋ᠢᠷ ᠬᠣᠲᠠ ᠪᠣᠯᠣᠨ ᠬᠥᠯᠥᠨ ᠪᠣᠶ᠋ᠢᠷ ᠳᠡᠭᠡᠳᠦ ᠰᠤᠷᠭᠠᠭᠤᠯᠢ ᠬᠠᠮᠲᠤᠷᠠᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠰᠤᠷᠭᠠᠨ ᠬᠥᠮᠦᠵᠢᠯ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠰᠤᠳᠤᠯᠭᠠᠨ᠎ᠤ ᠲᠥᠪ᠎ᠢ ᠪᠠᠢᠭᠤᠯᠵᠤ᠂ ᠪᠦᠬᠦ ᠬᠡᠪᠴᠢᠶᠡᠨ᠎ᠤ ᠡᠬᠢ ᠪᠠᠶᠠᠯᠢᠭ᠋᠎ᠢ ᠨᠡᠢᠳᠬᠡᠵᠦ᠂ ᠰᠤᠷᠤᠯᠭ᠎ᠠ᠎ᠶᠢᠨ ᠬᠤᠭᠤᠴᠠᠭ᠎ᠠ᠎ᠶᠢ ᠵᠣᠯᠭᠠᠭᠤᠯᠬᠤ ᠵᠠᠮ᠎ᠢ ᠬᠠᠢᠨ ᠰᠦᠪᠡᠭᠴᠢᠯᠡᠨ᠎ᠡ ᠁ ᠥᠩᠭᠡᠷᠡᠭᠰᠡᠨ ᠳ᠋ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠰᠢᠰᠲᠧᠮ ᠬᠡᠰᠡᠭ᠎ᠢᠶᠡᠷ ᠰᠠᠯᠭᠠᠵᠤ᠂ ᠰᠤᠷᠤᠯᠭ᠎ᠠ᠎ᠶᠢᠨ ᠱᠠᠳᠤ ᠵᠢ ᠲᠠᠰᠤᠯᠳᠠᠭᠤᠯᠵᠤ ᠪᠠᠢᠵᠠᠢ᠃ ᠣᠳᠣᠬᠠᠨ᠎ᠳᠤ᠂ ᠥᠪᠥᠷ ᠮᠣᠩᠭᠣᠯ ᠪᠠᠢᠭᠤᠯᠤᠮᠵᠢ ᠲᠣᠭᠲᠠᠴᠠ᠎ᠶᠢᠨ ᠲᠠᠯ᠎ᠠ᠎ᠡᠴᠡ ᠠᠰᠠᠭᠤᠳᠠᠯ᠎ᠢ ᠰᠢᠢᠳᠪᠦᠷᠢᠯᠡᠵᠦ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠡᠭᠦᠷᠭᠡ ᠴᠢᠳᠠᠪᠬᠢ᠎ᠶᠢ ᠰᠢᠰᠲᠧᠮᠵᠢᠭᠦᠯᠦᠨ ᠬᠠᠮᠢᠶᠠᠷᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 12 ᠠᠢᠮᠠᠭ ᠬᠣᠲᠠ᠎ᠶᠢᠨ ᠡᠭᠦᠷᠭᠡ ᠴᠢᠳᠠᠪᠬᠢ᠎ᠶᠢ ᠰᠢᠯᠤᠭᠤᠳᠬᠠᠨ᠂ ᠵᠢᠭᠠᠬᠤ ᠵᠢ ᠰᠤᠳᠤᠯᠤᠭᠴᠢ ᠵᠢ ᠪᠦᠷᠢᠨ ᠲᠣᠬᠢᠷᠠᠭᠤᠯᠵᠤ᠂ ᠳᠡᠭᠡᠳᠦ ᠳᠣᠣᠷᠠᠳᠤ ᠱᠠᠲᠤ᠎ᠶᠢ ᠨᠡᠪᠲᠡᠷᠡᠭᠦᠯᠦᠭᠰᠡᠨ᠂ ᠰᠠᠯᠠᠭ᠎ᠠ ᠮᠥᠴᠢᠷ᠎ᠦᠳ ᠬᠠᠮᠵᠢᠯᠴᠠᠭᠰᠠᠨ ᠠᠵᠢᠯ᠎ᠤᠨ ᠰᠢᠰᠲᠧᠮ᠎ᠢ ᠪᠠᠢᠭᠤᠯᠤᠨ᠂ 12 ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ᠎ᠶᠢᠨ ᠴᠣᠭᠴᠠ᠎ᠶᠢᠨ ᠳᠣᠲᠣᠷᠠᠬᠢ ᠲᠦᠷᠦᠭᠦᠯᠡᠵᠦ ᠬᠢᠬᠦ ᠶᠡᠬᠡ ᠳᠡᠭᠡᠳᠦ ᠰᠤᠷᠭᠠᠭᠤᠯᠢ ᠨᠢ ᠠᠢᠮᠠᠭ ᠬᠣᠲᠠ ᠯᠤᠭ᠎ᠠ ᠬᠠᠪᠰᠤᠷᠤᠯᠴᠠᠭ᠎ᠠ ᠪᠠᠢᠭᠤᠯᠵᠤ᠂ ᠬᠢᠴᠢᠶᠡᠯ᠎ᠢ ᠬᠠᠮᠲᠤ ᠪᠡᠷ ᠪᠡᠯᠡᠳᠬᠡᠬᠦ᠂ ᠪᠠᠭ᠍ᠰᠢ᠎ᠶᠢ ᠬᠠᠮᠲᠤ ᠪᠡᠷ ᠪᠣᠯᠪᠠᠰᠤᠷᠠᠭᠤᠯᠬᠤ᠂ ᠰᠡᠳᠦᠪ᠎ᠢ ᠬᠠᠮᠲᠤ ᠪᠡᠷ ᠰᠤᠳᠤᠯᠬᠤ᠂ ᠡᠬᠢ ᠪᠠᠶᠠᠯᠢᠭ᠋᠎ᠢ ᠬᠠᠮᠲᠤ ᠪᠡᠷ ᠡᠳ᠋ᠯᠡᠬᠦ᠎ᠶᠢ ᠪᠡᠶᠡᠯᠡᠭᠦᠯᠪᠡ᠃
ᠡᠨᠡ ᠵᠢᠯ᠎ᠦᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭᠴᠡ ᠪᠡᠨ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ 380 ᠲᠦᠮᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠵᠣᠬᠢᠶᠠᠨ ᠪᠠᠢᠭᠤᠯᠤᠨ 《ᠤᠷᠳᠤ ᠴᠠᠭᠠᠨ ᠬᠡᠷᠡᠮ᠎ᠦᠨ ᠬᠣᠶᠠᠷ ᠲᠠᠯ᠎ᠠ ᠪᠦᠷ ᠡᠭᠡ ᠨᠤᠳᠤᠭ》 ᠭᠡᠬᠦ᠌ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠣᠷᠣᠵᠤ᠂ ᠤᠷᠳᠤ ᠴᠠᠭᠠᠨ ᠬᠡᠷᠡᠮ᠂ ᠡᠨᠡᠬᠦ ᠳᠤᠮᠳᠠᠳᠤ᠎ᠶ᠋ᠢᠨ ᠦᠨᠳᠦᠰᠦᠲᠡᠨ᠎ᠦ ᠲᠥᠯᠥᠭᠡᠯᠡᠬᠦ᠌ ᠴᠢᠨᠠᠷᠲᠠᠢ ᠪᠡᠯᠭᠡ ᠲᠡᠮᠳᠡᠭ ᠪᠤᠯᠬᠤᠢᠴᠠ ᠤᠷᠤᠨ ᠨᠤᠲᠤᠭ᠎ᠤᠨ ᠰᠤᠶᠤᠯ᠎ᠢ ᠠᠭᠤᠳᠠᠯᠵᠦ᠂ ᠬᠥᠮᠦᠨ᠎ᠢ ᠬᠥᠮᠦᠵᠢᠭᠦᠯᠬᠦ᠌ ᠬᠣᠪᠣᠷ ᠨᠠᠨᠳᠢᠨ ᠡᠬᠢ ᠪᠠᠶᠠᠯᠢᠭ ᠪᠣᠯᠭᠠᠪᠠ᠃
ᠣᠢᠷ᠎ᠠ᠎ᠶ᠋ᠢᠨ ᠵᠢᠯ᠎ᠦᠳ᠎ᠲᠦ᠂ ᠨᠡᠩ ᠤᠯᠠᠨ ᠤᠷᠤᠨ ᠨᠤᠲᠤᠭ᠎ᠤᠨ ᠲᠡᠦᠬᠡ ᠰᠣᠶᠣᠯ᠎ᠤᠨ ᠡᠬᠢ ᠪᠠᠶᠠᠯᠢᠭ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠮᠦᠵᠢᠯᠤ᠋ᠨ᠌ ᠬᠣᠪᠣᠷ ᠨᠠᠨᠳᠢᠨ ᠡᠬᠢ ᠪᠠᠶᠠᠯᠢᠭ ᠪᠣᠯᠵᠣ ᠪᠤᠢ᠃ ᠨᠢᠳᠤᠨᠤᠨ ᠵᠢᠯ᠎ᠦᠨ ᠰᠡᠭᠦᠯᠴᠢ᠎ᠪᠡᠷ᠂ ᠤᠯᠠᠭᠠᠨᠬᠠᠳᠠ ᠬᠣᠲᠠ᠎ᠶ᠋ᠢᠨ 《ᠬᠠᠰ ᠯᠣᠣ ᠵᠢᠨ ᠰᠤᠶᠤᠯ᠎ᠢ ᠬᠠᠢᠵᠤ ᠰᠡᠳᠬᠢᠯ ᠵᠢᠡᠨ ᠨᠢᠭᠡᠳᠭᠡᠨ ᠬᠦᠰᠡᠯ ᠵᠡᠬᠦᠳᠦ ᠪᠡᠨ ᠲᠡᠷᠭᠡᠯᠰᠢᠬᠦᠯᠦᠨᠡᠮ》 ᠭᠡᠬᠦ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠤᠭ᠍ᠰᠠᠨ ᠪᠢᠴᠢᠯ ᠬᠢᠴᠢᠶᠡᠯ ᠨᠢ ᠰᠤᠷᠭᠠᠨ ᠬᠥᠮᠦᠵᠢᠯ᠎ᠦᠨ ᠶᠠᠮᠤᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠴᠢᠩᠭᠠᠳᠬᠠᠬᠤ ᠲᠤᠷᠱᠢᠯᠲᠠ ᠵᠢᠨ ᠴᠡᠭ᠎ᠤᠨ ᠠᠵᠢᠯ᠎ᠢ ᠠᠬᠢᠭᠤᠯᠬᠤ ᠬᠤᠷᠠᠯ ᠳᠡᠭᠡᠷ᠎ᠡ ᠲᠡᠯᠭᠡᠨ ᠦᠵᠡᠬᠦᠯᠬᠦ ᠦᠯᠢᠭᠡᠷ ᠵᠢᠱ᠌ᠢᠶ᠎ᠡ ᠪᠤᠯᠵᠤ᠂ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠎ᠤᠨ ᠠᠷᠪᠠᠨ ᠬᠣᠶᠠᠳᠤᠭᠠᠷ ᠪᠠᠭ᠎ᠠ ᠰᠤᠷᠭᠠᠭᠤᠯᠢ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠣᠯᠠᠨ ᠤᠯᠤᠰ᠎ᠤᠨ ᠲᠤᠷᠱᠢᠯᠲᠠ᠎ᠶ᠋ᠢᠨ ᠳᠤᠮᠳᠠᠳᠤ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠪᠠᠭ᠍ᠰᠢ᠎ᠨᠠᠷ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠤᠨ ᠬᠠᠰ ᠯᠣᠣ᠎ᠶ᠋ᠢ ᠲᠠᠨᠢᠬᠤ᠂ ᠬᠢᠲᠠᠳ ᠦᠰᠦᠭ᠎ᠢ ᠮᠡᠳᠡᠬᠦ᠌᠂ ᠳᠤᠮᠳᠠᠳᠤ ᠰᠤᠷᠭᠠᠭᠤᠯᠢ᠎ᠶ᠋ᠢᠨ ᠰᠤᠷᠤᠭᠴᠢᠳ᠎ᠤᠨ ᠠᠭᠤᠰᠤᠯᠴᠠᠯ᠎ᠢ ᠤᠬᠠᠬᠤ᠂ ᠨᠢᠭᠡ ᠴᠤᠭᠴᠠ ᠵᠢᠨ ᠤᠬᠠᠭᠳᠠᠬᠤᠨ᠎ᠢ ᠤᠢᠯᠠᠭᠠᠬᠤ᠂ ᠶᠡᠬᠡ ᠰᠤᠷᠭᠠᠭᠤᠯᠢ᠎ᠶ᠋ᠢᠨ ᠰᠤᠷᠤᠭᠴᠢᠳ᠎ᠤᠨ ᠦᠨᠳᠦᠰᠦ ᠰᠤᠷᠪᠤᠯᠵᠢ ᠵᠢ ᠬᠠᠢᠬᠤ᠂ ᠱᠢᠨ᠎ᠡ᠎ᠶ᠋ᠢ ᠡᠭᠦᠳᠬᠦ᠌᠎ᠶ᠋ᠢ ᠦᠢᠯᠡᠳᠦᠯᠭᠡᠵᠢᠭᠦᠯᠬᠦ ᠵᠢ ᠨᠢᠭᠡ ᠴᠣᠭ᠍ᠴᠠᠵᠢᠭᠤᠯᠤᠭ᠍ᠰᠠᠨ ᠬᠢᠴᠢᠶᠡᠯ᠎ᠢ ᠨᠠᠷᠢᠨ ᠨᠢᠮᠪᠠᠶ ᠲᠥᠰᠦᠪᠯᠡᠭᠰᠡᠨ ᠪᠠᠢᠨ᠎ᠠ᠃
ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠲᠠᠨᠢᠨ ᠮᠡᠳᠡᠬᠦᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠥᠪᠥᠷ ᠮᠣᠩᠭᠣᠯ 《ᠪᠠᠭ᠎ᠠ ᠰᠤᠷᠭᠠᠭᠤᠯᠢ ᠰᠡᠬᠡᠭᠡᠷᠡᠭᠦᠯᠬᠦ᠌ ᠵᠢ ᠴᠢᠬᠤᠯᠠᠴᠢᠯᠠᠬᠤ᠂ ᠳᠤᠮᠳᠠᠳᠤ ᠰᠤᠷᠭᠠᠭᠤᠯᠢ ᠬᠥᠮᠦᠵᠢᠭᠦᠯᠬᠦ᠌ ᠵᠢ ᠴᠢᠬᠤᠯᠠᠴᠢᠯᠠᠬᠤ᠂ ᠶᠡᠬᠡ ᠰᠤᠷᠭᠠᠭᠤᠯᠢ ᠦᠶ᠋ᠯᠡᠳᠦᠯᠭᠡᠵᠢᠭᠦᠯᠬᠦ᠌ ᠵᠢ ᠴᠢᠬᠤᠯᠠᠴᠢᠯᠠᠬᠤ》 ᠮᠠᠶᠢᠭ᠎ᠤᠨ ᠬᠦᠮᠦᠨ᠎ᠢ ᠬᠥᠮᠦᠵᠢᠭᠦᠯᠬᠦ᠌ ᠬᠡᠯᠬᠢᠶ᠎ᠡ᠎ᠶ᠋ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》᠂《ᠠᠮᠢ ᠠᠬᠤᠶ᠎ᠶ᠋ᠢᠨ ᠪᠣᠯᠪᠠᠰᠤᠨ᠎ᠤ ᠰᠤᠷᠭᠠᠨ ᠬᠥᠮᠦᠵᠢᠯ》᠎ᠤ᠋ᠨ ᠵᠢᠭᠠᠨ ᠰᠤᠷᠭᠠᠯᠲᠠ᠎ᠶ᠋ᠢᠨ ᠬᠥᠲᠥᠯᠪᠦᠷᠢ᠎ᠶ᠋ᠢ ᠱᠢᠰᠲ᠋ᠧᠮ᠎ᠲᠡᠶ ᠨᠠᠢᠷᠠᠭᠤᠯᠤᠨ ᠵᠣᠬᠢᠶᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠬᠢᠴᠢᠶᠡᠯ ᠲᠥᠷᠥᠯ ᠬᠤᠪᠢᠶᠠᠭ᠍ᠰᠠᠨ ᠵᠢᠭᠠᠨ ᠰᠤᠷᠭᠠᠯᠲᠠ᠎ᠶ᠋ᠢᠨ ᠵᠦᠭ᠌ᠯᠡᠭᠦᠷ᠎ᠢ ᠰᠤᠳᠤᠯᠤᠨ ᠨᠡᠭᠡᠭᠡᠵᠦ᠍᠂ ᠭᠤᠤᠯ ᠠᠭᠤᠯᠭ᠎ᠠ ᠨᠢ 《ᠠᠳᠠᠯᠢ ᠴᠢᠭ᠌ᠯᠡᠯ᠎ᠢᠶᠡᠷ ᠵᠡᠷᠭᠡ ᠪᠡᠷ ᠤᠷᠤᠭ᠍ᠰᠢᠯᠠᠵᠤ᠂ ᠡᠷᠭᠢᠭᠦᠯᠭᠡᠨᠮᠠᠶᠢᠭ ᠵᠢᠡᠷ ᠳᠡᠭᠡᠭ᠌ᠰᠢᠯᠡᠭᠦᠯᠬᠦ》 ᠶ᠋ᠢ ᠪᠡᠶᠡᠯᠡᠭᠦᠯᠪᠡ᠃
《ᠬᠤᠪᠢᠯᠭᠠᠨ ᠣᠩᠭᠣᠴᠠ》 ᠶ᠋ᠢᠨ ᠨᠢᠰᠴᠦ ᠪᠠᠭᠤᠭᠰᠠᠨ ᠬᠠᠯᠠᠭᠤᠨ ᠬᠥᠷᠥᠰᠥ᠍ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ 《ᠰᠠᠨᠰᠠᠷ᠎ᠤᠨ ᠠᠶᠠᠯᠠᠯ》 ᠵᠢᠡᠷ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠤᠨ ᠬᠠᠮᠤᠭ᠎ᠤᠨ ᠠᠮᠢᠳᠤᠯᠢᠭ ᠪᠤᠳᠠᠳᠠᠢ ᠪᠣᠷᠣ ᠮᠠᠲ᠋ᠧᠷᠢᠶᠠᠯ ᠪᠣᠯᠭᠠᠪᠠ᠃ 《ᠬᠤᠪᠢᠯᠭᠠᠨ ᠣᠩᠭᠣᠴᠠ ᠵᠢᠨ ᠨᠤᠲᠤᠭ》᠂ 《ᠤᠮᠠᠷᠠᠲᠤ ᠬᠢᠯᠢ᠎ᠶ᠋ᠢᠨ ᠰᠠᠨᠰᠠᠷ ᠠᠶᠠᠯᠠᠯ》 ᠵᠡᠷᠭᠡ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠨᠢ ᠰᠦᠯᠵᠢᠶᠡᠨ ᠳᠡᠭᠡᠷ᠎ᠡ ᠥᠷᠭᠡᠨ᠎ᠢᠶᠡᠷ ᠤᠯᠠᠮᠵᠢᠯᠠᠭ᠍ᠳᠠᠪᠠ; ᠨᠢᠳᠤᠨᠤᠨ ᠵᠢᠯ᠎ᠦᠨ ᠰᠡᠭᠦᠯᠴᠢ᠎ᠪᠡᠷ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠲᠠᠶ ᠬᠠᠮᠲᠤᠷᠠᠨ ᠵᠣᠬᠢᠶᠠᠨ ᠪᠦᠲᠦᠭᠡᠭ᠌ᠰᠡᠨ ᠠᠩᠬᠠᠨ᠎ᠤ ᠶᠠᠷᠢᠶᠠᠲᠤ ᠵᠦᠴᠦᠭᠡ 《ᠬᠠᠢᠷ᠎ᠠ᠎ᠶ᠋ᠢᠨ ᠳᠡᠭᠦᠯᠢᠯᠲᠡ》 ᠨᠢ ᠦᠵᠡᠭ᠌ᠴᠢᠳ ᠤᠯᠠᠨ᠎ᠲᠠᠶ ᠵᠤᠯᠭᠠᠵᠠᠢ᠂ ᠲᠤᠰ ᠵᠦᠴᠦᠭᠡ ᠨᠢ ᠰᠢ ᠵᠦᠴᠦᠭᠡ᠎ᠶ᠋ᠢᠨ ᠤᠷᠠᠯᠢᠭ᠎ᠤᠨ ᠬᠡᠯᠪᠡᠷᠢ᠎ᠪᠡᠷ ᠥᠪᠥᠷ ᠮᠣᠩᠭᠣᠯ᠎ᠤᠨ ᠠᠷᠠᠳ ᠲᠦᠮᠡᠨ᠎ᠦ ᠤᠷᠬᠢᠯᠤᠮ᠎ᠠ ᠬᠠᠯᠠᠭᠤᠨ ᠰᠡᠳᠬᠢᠯᠭᠡ ᠪᠡᠷ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠢ ᠲᠡᠮᠵᠢᠭᠰᠡᠨ ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠵᠡᠢ᠃ ᠥᠪᠥᠷ ᠮᠣᠩᠭᠣᠯ᠎ᠳᠤ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠨᠢ ᠨᠢᠭᠡᠨᠲᠡ 《ᠰᠠᠨᠰᠠᠷ᠎ᠤᠨ ᠠᠶᠠᠯᠠᠯ᠎ᠤᠨ ᠬᠦᠰᠡᠯ ᠵᠡᠭᠦᠳᠦ᠍᠎ᠶ᠋ᠢᠨ ᠲᠥᠯᠥᠭᠡ ᠮᠡᠷᠡᠢᠨ ᠲᠡᠮᠡᠴᠡᠬᠦ》 ᠵᠠᠯᠠᠭᠤ ᠨᠠᠰᠤᠨ᠎ᠤ ᠤᠷᠢᠶ᠎ᠠ ᠪᠤᠯᠵᠤ᠂ 《ᠣᠷᠴᠢᠯᠠᠩ ᠶᠢᠷᠳᠢᠨᠴᠦ ᠵᠢ ᠬᠠᠢᠨ ᠰᠦᠪᠡᠭ᠌ᠴᠢᠯᠡᠵᠦ᠍᠂ ᠡᠭᠡ ᠤᠯᠤᠰ᠎ᠲᠤ ᠪᠠᠨ ᠦᠢᠯᠡᠴᠢᠯᠡᠬᠦ᠌》 ᠤᠬᠠᠮᠰᠠᠷ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠪᠤᠢ ᠪᠤᠯᠭᠠᠵᠠᠢ᠃
ᠥᠪᠥᠷ ᠮᠣᠩᠭᠣᠯ ᠪᠠᠰᠠ ᠲᠤᠮᠲᠠᠲᠤ ᠵᠢᠨ ᠦᠨᠲᠤᠰᠤᠲᠠᠨ ᠤ᠋ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠨᠠᠮ᠎ᠤᠨ ᠭᠡᠱᠢᠭᠦᠨ ᠪᠠ ᠪᠠᠭ᠍ᠰᠢ ᠨᠠᠷ᠎ᠤᠨ ᠪᠣᠯᠪᠠᠰᠤᠷᠠᠯ᠎ᠤᠨ ᠲᠥᠯᠥᠪᠯᠡᠭᠡ᠎ᠳᠦ ᠣᠷᠣᠭᠤᠯᠵᠤ᠂ ᠪᠠᠭ᠍ᠰᠢ᠎ᠶ᠋ᠢᠨ ᠮᠡᠷᠭᠡᠵᠢᠯ᠎ᠦᠨ ᠤᠶᠤᠲᠠᠳ᠎ᠢ ᠬᠥᠮᠦᠵᠢᠭᠦᠯᠬᠦ᠌ ᠲᠥᠰᠦᠯ᠂ 《ᠤᠯᠤᠰ ᠡᠴᠡ ᠬᠦᠮᠦᠵᠢᠬᠦᠯᠬᠦ ᠲᠥᠯᠥᠪᠯᠡᠭᠡ》 ᠶ᠋ᠢᠨ ᠲᠤᠰᠬᠠᠢ ᠬᠢᠴᠢᠶᠡᠯ ᠵᠢᠡᠷ ᠲᠤᠬᠢᠷᠠᠭᠤᠯᠵᠤ᠂ ᠥᠪᠥᠷ ᠮᠣᠩᠭᠣᠯ᠎ᠤᠨ ᠭᠠᠵᠠᠷ ᠤᠷᠤᠨ ᠤ᠋ ᠣᠨᠴᠠᠯᠢᠭᠲᠤ ᠲᠤᠬᠢᠷᠠᠭᠰᠠᠨ 《ᠰᠠᠭᠤᠷᠢᠨ + ᠬᠡᠰᠡᠭ ᠲᠣᠭᠣᠷᠢᠭ + ᠰᠤᠷᠤᠯᠭ᠎ᠠ᠎ᠶ᠋ᠢᠨ ᠱᠠᠲᠤ》 ᠵᠢ ᠨᠢᠭᠡ ᠴᠤᠭᠴᠠᠵᠢᠭᠤᠯᠤᠭᠰᠠᠨ ᠪᠣᠰᠣᠭ᠎ᠠ ᠴᠣᠭ᠍ᠴᠠᠲᠤ ᠪᠣᠯᠪᠠᠰᠤᠷᠠᠯ᠎ᠤᠨ ᠱᠢᠰᠲ᠋ᠧᠮ᠎ᠢ ᠡᠭᠦᠳᠦᠨ ᠪᠠᠢᠭᠤᠯᠬᠤ ᠪᠠᠷ ᠲᠠᠮᠵᠢᠨ᠂ ᠡᠯ᠎ᠡ ᠭᠠᠵᠠᠷ ᠡᠯ᠎ᠡ ᠰᠤᠷᠤᠯᠭ᠎ᠠ᠎ᠶ᠋ᠢᠨ ᠱᠠᠲᠤᠨ᠎ᠤ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠮᠦᠵᠢᠯ᠎ᠤᠨ ᠪᠠᠭᠰᠢ ᠵᠢᠨ ᠡᠩᠨᠡᠭᠡ᠎ᠵᠢ ᠰᠢᠯᠢᠳᠡᠭᠵᠢᠬᠦᠯᠦᠨ ᠬᠦᠴᠦᠷᠭᠡᠭᠵᠢᠬᠦᠯᠵᠡᠢ᠃ ᠡᠭᠦᠨ᠎ᠦ ᠬᠠᠮᠲᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠰᠣᠯᠪᠢᠴᠠᠯ ᠱᠢᠨᠵᠢᠯᠡᠭᠡᠨ᠎ᠦ ᠰᠠᠯᠠᠭᠠᠨ᠎ᠤ ᠪᠠᠢᠭᠤᠯᠤᠯᠲᠠ᠎ᠶ᠋ᠢ ᠳᠡᠮᠵᠢᠵᠦ᠍᠂ ᠰᠤᠳᠤᠯᠭᠠᠨ᠎ᠤ ᠰᠠᠭᠤᠷᠢᠨ ᠤ ᠵᠣᠬᠢᠶᠠᠨ ᠪᠠᠢᠭᠤᠯᠤᠯᠲᠠ᠎ᠲᠠᠶ ᠪᠡᠷ ᠰᠤᠳᠤᠯᠭᠠᠨ ᠥᠷᠨᠢᠭᠦᠯᠬᠦ ᠶ᠋ᠢ ᠴᠢᠡᠭᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠳᠤ ᠦᠶ᠋ᠯᠡᠴᠢᠯᠡᠬᠦ᠌ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠭᠠᠷᠭᠠᠵᠠᠢ᠃
《ᠰᠠᠨᠰᠠᠷ᠎ᠤᠨ ᠠᠶᠠᠯᠠᠯ᠎ᠤᠨ ᠬᠦᠬᠡᠮᠳᠦᠭ》᠂ 《ᠠᠨᠠᠷ᠎ᠤᠨ ᠤᠯᠠᠭᠠᠨ》᠂ 《ᠤᠮᠠᠷᠠᠲᠤ ᠬᠢᠯᠢ᠎ᠶ᠋ᠢᠨ ᠨᠣᠭᠣᠭᠠᠨ》 ᠁ ᠥᠪᠥᠷ ᠮᠣᠩᠭᠣᠯ ᠭᠠᠵᠠᠷ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠥᠪᠡᠷᠮᠢᠴᠡ ᠣᠨᠴᠠᠯᠢᠭ᠎ᠪᠦᠬᠦᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠤᠨ ᠲᠦᠷᠦᠯ ᠲᠡᠮᠳᠡᠭ᠎ᠢ ᠡᠭᠦᠳᠴᠦ᠍᠂ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭᠠᠭᠤᠯᠢ ᠨᠤᠭᠤᠳ 《ᠠᠨᠠᠷ᠎ᠤᠨ ᠦᠷ᠎ᠡ ᠬᠦᠮᠦᠨ᠎ᠢ ᠬᠦᠮᠦᠵᠢᠬᠦᠯᠬᠦ ᠢᠨᠵᠧᠨᠧᠷᠢᠩ》᠂ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠂ 《ᠶᠠᠬᠡ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ》 ᠤ᠋ᠨ ᠪᠠᠢᠭᠤᠯᠤᠯᠲᠠ᠎ᠶ᠋ᠢᠨ ᠢᠨᠵᠧᠨᠧᠷᠢᠩ ᠵᠡᠷᠭᠡ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠭᠣᠣᠯ ᠱᠢᠵᠢᠮ᠎ᠢ ᠰᠤᠷᠭᠠᠭᠤᠯᠢ ᠡᠷᠬᠢᠯᠡᠵᠦ᠍ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠬᠠᠪᠠ᠃ ᠢᠷᠡᠭᠡᠳᠦᠢ ᠳ᠋ᠤ᠂ ᠥᠪᠥᠷ ᠮᠣᠩᠭᠣᠯ ᠬᠢᠴᠢᠶᠡᠯ ᠲᠡᠭᠡᠷᠡᠬᠢ ᠪᠠ ᠬᠢᠴᠢᠶᠡᠯ᠎ᠦᠨ ᠭᠠᠳᠠᠭᠤᠷᠬᠢ᠎ᠶ᠋ᠢ ᠨᠡᠪᠲᠡᠷᠡᠭᠦᠯᠬᠦ᠌᠂ ᠰᠤᠷᠭᠠᠭᠤᠯᠢ᠎ᠶ᠋ᠢᠨ ᠳᠣᠲᠣᠷᠠᠬᠢ ᠪᠠ ᠰᠤᠷᠭᠠᠭᠤᠯᠢ᠎ᠶ᠋ᠢᠨ ᠭᠠᠳᠠᠨᠠᠬᠢ᠎ᠶ᠋ᠢ ᠬᠣᠯᠪᠣᠯᠳᠤᠭᠤᠯᠬᠤ᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ᠎ᠶ᠋ᠢ ᠠᠭᠤᠰᠤᠯᠴᠠᠭᠤᠯᠬᠤ ᠵᠢ ᠪᠠᠷᠢᠮᠲᠠᠯᠠᠵᠤ᠂ ᠶᠡᠬᠡ ᠳᠤᠮᠳᠠᠲᠤ ᠪᠠᠭ᠎ᠠ ᠰᠤᠷᠭᠠᠭᠤᠯᠢ᠂ ᠭᠡᠷ ᠪᠦᠯᠢ ᠰᠤᠷᠭᠠᠭᠤᠯᠢ ᠨᠠᠢᠬᠡᠮ ᠤ᠋ᠨ ᠵᠤᠬᠢᠶᠠᠨ ᠪᠠᠢᠭᠤᠯᠤᠯᠲᠠ᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠢ ᠱᠢᠰᠲᠸᠮ ᠲᠠᠢ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠢ ᠤᠷᠢᠳ ᠵᠢᠡᠷ ᠬᠡᠷᠡᠭᠵᠢᠬᠦᠯᠬᠦ ᠣᠷᠣᠨ᠎ᠤ ᠪᠠᠢᠭᠤᠯᠤᠯᠲᠠ᠎ᠳᠤ ᠨᠡᠩ ᠴᠢᠩᠭ᠎ᠠ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠨᠡᠩ ᠶᠡᠬᠡ ᠪᠣᠳᠠᠲᠤ ᠦᠷ᠎ᠡ ᠪᠦᠲᠦᠮᠵᠢ ᠭᠠᠷᠭᠠᠨ᠎ᠠ᠃