ᠠᠢᠮᠠᠭ ᠬᠣᠲᠠ ᠲᠢᠩᠬᠢᠮ ᠲᠣᠪᠴᠢᠶ᠎ᠠ᠎ᠶ᠋ᠢᠨ ᠭᠤᠤᠯ ᠤᠳᠤᠷᠢᠳᠭᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠲᠡᠭᠦᠰᠪᠡ
2026-03-04 09:55:04
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆


          ᠯᠢ ᠳ᠋ᠦᠩ ᠱᠢᠤᠢ ᠶᠠᠷᠢᠶ᠎ᠠ ᠲᠠᠯᠪᠢᠵᠠᠢ


3 ᠰᠠᠷ᠎ᠠ᠎ᠶ᠋ᠢᠨ 2 ᠤ᠋ᠨ ᠡᠳᠦᠷ᠂ ᠠᠢᠮᠠᠭ ᠬᠤᠳᠠ ᠲᠢᠩᠬᠢᠮ ᠲᠣᠪᠴᠢᠢ᠎ᠠ᠎ᠶ᠋ᠢᠨ ᠭᠣᠣᠯ ᠤᠳᠤᠷᠢᠳᠭᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠲᠡᠭᠦᠰᠭᠦ ᠶᠣᠰᠣᠯᠠᠯ ᠶᠠᠪᠤᠭ᠍ᠳᠠᠪᠠ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ ᠎ᠦᠨ ᠳᠠᠷᠤᠭ᠎ᠠ ᠯᠢ ᠳ᠋ᠦᠩ ᠱᠢᠤᠢ ᠰᠤᠷᠤᠯᠭ᠎ᠠ ᠲᠡᠭᠦᠰᠭᠦ ᠶᠣᠰᠣᠯᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠪᠠ᠃

ᠯᠢ ᠳ᠋ᠦᠩ ᠱᠢᠤᠢ᠂ ᠰᠤᠷᠤᠯᠴᠠᠨ ᠰᠤᠳᠤᠯᠤᠨ ᠶᠠᠷᠢᠯᠴᠠᠬᠤ᠎ᠪᠠᠷ ᠳᠠᠮᠵᠢᠨ ᠤᠯᠠᠨ᠎ᠢᠶᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠤᠢ᠍ᠢᠯᠠᠭᠠᠨ ᠡᠵᠡᠮᠱᠢᠵᠦ᠍᠂ ᠦᠵᠡᠯ ᠰᠠᠨᠠᠭ᠎ᠠ ᠲᠠᠨᠢᠯᠲᠠ ᠪᠣᠯᠤᠨ ᠤᠨᠤᠯ᠎ᠤᠨ ᠲᠦᠪᠱᠢᠨ ᠪᠦᠷ ᠱᠢᠨ᠎ᠡ ᠳᠡᠭᠡᠭ᠌ᠰᠢᠯᠡᠯᠲᠡ᠎ᠲᠡᠶ ᠪᠤᠯᠵᠤ᠂ ᠤᠷᠤᠭ᠍ᠰᠢᠯᠠᠬᠤ ᠴᠢᠭ᠌ᠯᠡᠯ ᠪᠣᠯᠤᠨ ᠡᠭᠦᠷᠭᠡ ᠬᠠᠷᠢᠭᠤᠴᠠᠯᠭ᠎ᠠ ᠎ᠪᠠᠨ ᠤᠯᠠᠮ ᠴᠢᠨᠠᠭ᠍ᠰᠢᠳᠠ ᠲᠣᠳᠣᠷᠬᠠᠢᠯᠠᠵᠤ᠂ 《ᠬᠣᠶᠠᠷ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠬᠦ᠂ 《ᠬᠣᠶᠠᠷ᠎ᠢ  ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠴᠢᠨᠠᠭ᠍ᠰᠢᠳᠠ ᠴᠢᠩᠭᠠᠳᠭᠠᠪᠠ᠃ ᠤᠯᠠᠨ᠎ᠢᠶᠠᠷ᠎ᠢᠶᠠᠨ ᠳᠠᠷᠤᠢ ᠲᠦᠷᠭᠡᠨ ᠵᠢᠡᠷ ᠰᠤᠷᠤᠯᠴᠠᠭ᠍ᠰᠠᠠ ᠦᠷ᠎ᠡ ᠪᠦᠲᠦᠭᠡᠯ᠎ᠢᠶᠡᠨ ᠦᠢᠯᠡᠳᠦᠯᠭᠡ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠶᠡᠬᠡ᠎ᠪᠡᠷ ᠰᠤᠷᠤᠯᠴᠠᠬᠤ᠂ ᠭᠦᠨᠵᠡᠭᠡᠢ ᠪᠠᠢᠴᠠᠭᠠᠨ ᠰᠤᠳᠤᠯᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ ᠲᠠᠯ᠎ᠠ᠎ᠪᠠᠷ ᠡᠮᠦᠨ᠎ᠡ  ᠨᠢ ᠬᠣᠱᠢᠭᠤᠷᠠᠵᠤ᠂ ᠵᠢᠱ᠌ᠢᠢ᠎ᠡ ᠦᠵᠡᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢ ᠦᠷᠭᠦᠯᠵᠢᠯᠡᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠵᠠᠰᠠᠭ ᠤ᠋ᠨ ᠠᠵᠢᠯ ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ ᠎ᠤᠨ ᠪᠠᠢᠷᠢᠯᠠᠭᠤᠯᠤᠯᠲᠠ᠎ᠳᠤ ᠬᠦᠴᠦ᠍᠎ᠪᠡᠨ ᠲᠥᠪᠯᠡᠷᠡᠭᠦᠯᠦᠨ ᠪᠣᠳᠠᠲᠠᠢ ᠠᠵᠢᠯᠯᠠᠵᠤ ᠲᠡᠷᠢᠭᠦᠨ᠎ᠦ ᠬᠢ ᠪᠣᠯᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号