ᠨᠡᠭᠦᠷᠡᠰᠦ ᠬᠢᠮᠢ ᠢ᠋ᠢᠨ ᠠᠵᠤ ᠦᠶ᠋ᠯᠡᠳᠪᠦᠷᠢ ᠢ᠋ᠢᠨ ᠲᠤᠷᠱᠢᠯᠲᠠ ᠢ᠋ᠢᠨ ᠰᠠᠭᠤᠷᠢᠨ ᠱᠢᠨ᠎ᠡ ᠮᠡᠷᠭᠡᠵᠢᠯ ᠢ᠋ᠢᠡᠷ ᠱᠢᠨ᠎ᠡ ᠬᠥᠳᠡᠯᠭᠡᠬᠦ᠌ ᠬᠦᠴᠤᠨ ᠢ᠋ ᠬᠦᠭᠵᠢᠬᠡᠨ᠎ᠡ
2026-03-04 10:18:20
ᠵᠣᠬᠢᠶᠠᠭ᠍ᠴᠢ᠄
ᠮᠤᠤ ᠺᠠᠢ ᠶᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠬᠢᠮᠢ ᠢ᠋ᠢᠨ ᠠᠵᠤ ᠦᠢᠯᠡᠳᠪᠦᠷᠢ ᠢ᠋ᠢᠨ ᠬᠦᠷᠢᠶᠡᠨ᠎ᠳᠡᠬᠢ ᠠᠩᠬᠠᠳᠠᠭ᠍ᠴᠢ ᠤᠯᠤᠰ ᠤ᠋ᠨ ᠲᠡᠰ ᠤ᠋ᠨ ᠲᠤᠷᠱᠢᠯᠲᠠ ᠢ᠋ᠢᠨ ᠲᠠᠪᠴᠠᠩ ᠪᠤᠯᠬᠤ ᠦᠦᠱᠢᠨ ᠬᠣᠱᠢᠭᠤᠨ ᠳ᠋ᠤ᠌ ᠪᠠᠢᠷᠢᠯᠠᠭ᠎ᠠ ᠤᠷᠳᠤᠰ ᠤ᠋ᠨ ᠤᠳᠤ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠱᠢᠨ᠎ᠡ ᠢ᠋ᠢ ᠡᠭᠦᠳᠬᠦ᠌ ᠮᠡᠷᠭᠡᠵᠢᠯ᠎ᠦᠨ ᠲᠤᠷᠱᠢᠯᠲᠠ ᠢ᠋ᠢᠨ ᠰᠠᠭᠤᠷᠢᠨ 2025 ᠣᠨ ᠤ᠋ 9 ᠰᠠᠷ᠎ᠠ ᠢ᠋ᠢᠨ 29 ᠤ᠋ ᠡᠳᠦᠷ ᠠᠱᠢᠭ᠍ᠯᠠᠯᠲᠠ ᠳ᠋ᠤ᠌ ᠤᠷᠤᠬ᠍ᠰᠠᠨ ᠡᠴᠡ ᠨᠠᠭᠠᠰᠢ᠂ ᠨᠢᠭᠡᠨᠲᠡ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ 5 ᠲᠦᠷᠦᠯ ᠵᠦᠢᠯ ᠢ᠋ ᠠᠱᠢᠭ᠍ᠯᠠᠯᠲᠠ ᠳ᠋ᠤ᠌ ᠣᠷᠣᠭᠤᠯᠵᠤ᠂ 《ᠰᠤᠳᠤᠯᠤᠨ ᠨᠡᠭᠡᠭᠡᠯᠳᠡ — ᠲᠤᠮᠳᠠ ᠬᠤᠭᠤᠴᠠᠭᠠᠨ ᠤ᠋ ᠲᠤᠷᠱᠢᠯᠲᠠ — ᠬᠡᠷᠡᠭᠯᠡᠬᠡᠨ — ᠠᠵᠤ ᠦᠢᠯᠡᠰᠵᠢᠯᠲᠡ》 ᠵᠢᠨ ᠪᠦᠬᠦ᠌ ᠬᠡᠯᠬᠢᠶ᠎ᠡ ᠢ᠋ᠢᠨ ᠠᠮᠢ ᠠᠬᠤᠢ ᠪᠡᠷ ᠥᠪᠥᠷ ᠮᠣᠩᠭᠣᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠢ᠋ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ ᠳ᠋ᠤ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠡ ᠃

ᠣᠢᠷ᠎ᠠ ᠳ᠋ᠤ᠌᠂ ᠰᠤᠷᠪᠤᠯᠵᠢᠯᠠᠭ᠍ᠴᠢ ᠦᠦᠱᠢᠨ ᠬᠣᠱᠢᠭᠤᠨ ᠤ᠋ ᠲᠣᠭ ᠠᠵᠤ ᠦᠶ᠋ᠯᠡᠳᠪᠦᠷᠢ ᠢ᠋ᠢᠨ ᠬᠦᠷᠢᠶᠡᠯᠡᠩ᠎ᠦᠨ ᠲᠤᠷᠱᠢᠯᠲᠠ ᠢ᠋ᠢᠨ ᠰᠠᠭᠤᠷᠢᠨ ᠳ᠋ᠤ᠌ ᠬᠦᠷᠬᠦᠯᠠᠷ᠂ ᠤᠯᠤᠰ ᠤ᠋ᠨ ᠴᠠᠬᠢᠯᠭᠠᠨ ᠬᠦᠴᠦᠨ ᠤ᠋ ᠪᠡᠯᠡ ᠣᠷᠣᠭᠤᠯᠤᠯᠲᠠ ᠢ᠋ᠢᠨ ᠪᠦᠯᠦᠭᠯᠡᠯ ᠤ᠋ᠨ ᠡᠯᠧᠺᠲ᠋ᠷᠣᠨ ᠪᠠᠭᠴᠠ ᠢ᠋ᠢᠨ ᠰᠠᠴᠤᠷᠠᠭ ᠢ᠋ᠢᠡᠷ ᠨᠡᠭᠦᠷᠡᠰᠦ ᠬᠢᠮᠢ ᠢ᠋ᠢᠨ ᠠᠵᠤ ᠦᠶ᠋ᠯᠡᠳᠪᠦᠷᠢ ᠢ᠋ᠢᠨ ᠬᠠᠶᠠᠭ᠍ᠳᠠᠮᠠᠯ ᠤᠰᠤ ᠢ᠋ᠢ ᠬᠠᠮᠵᠢᠯᠴᠠᠨ ᠲᠦᠷᠬᠡᠨ ᠱᠢᠶ᠋ᠳᠪᠦᠷᠢᠯᠡᠬᠦ᠌ ᠲᠤᠷᠱᠢᠯᠲᠠ ᠢ᠋ᠢᠨ ᠲᠥᠷᠥᠯ ᠵᠦᠶ᠋ᠯ᠎ᠦᠨ ᠪᠠᠷᠢᠮᠵᠢᠶᠠᠵᠢᠭᠤᠯᠤᠭ᠍ᠰᠠᠨ ᠦᠶ᠋ᠯᠡᠳᠪᠦᠷᠢ ᠢ᠋ᠢᠨ ᠲᠠᠰᠤᠭ᠎ᠲᠤ ᠮᠠᠱᠢᠨ ᠲᠤᠨᠤᠭ ᠬᠦᠷᠴᠢᠭᠢᠨᠡᠵᠦ᠍᠂ ᠡᠯ᠎ᠡ ᠵᠦᠶ᠋ᠯ᠎ᠦᠨ ᠲᠥᠬᠥᠭᠡᠷᠦᠮᠵᠢ ᠲᠣᠭ᠍ᠲᠠᠭᠤᠨ ᠢ᠋ᠢᠡᠷ ᠠᠵᠢᠯᠯᠠᠵᠤ ᠪᠠᠢᠯ᠎ᠡ᠃

ᠡᠨᠡ ᠬᠦ᠌ ᠱᠠᠩᠬᠠᠶ ᠢ᠋ᠢᠨ ᠴᠥᠮ᠎ᠡ ᠢ᠋ᠢᠨ ᠢᠨᠵᠸᠨ᠋ᠸᠷᠢᠨᠭ᠌ ᠤ᠋ᠨ ᠰᠤᠳᠤᠯᠭᠠᠨ ᠤ᠋ ᠵᠢᠷᠤᠭ ᠲᠦᠯᠦᠪᠯᠡᠬᠡ ᠢ᠋ᠢᠨ ᠬᠦᠷᠢᠶᠡᠯᠡᠩ ᠪᠣᠯᠤᠨ ᠴᠢᠩᠬᠤᠸᠠ ᠶᠡᠬᠡ ᠰᠤᠷᠭᠠᠭᠤᠯᠢ ᠬᠠᠮᠲᠤᠷᠠᠨ ᠰᠤᠳᠤᠯᠤᠨ ᠨᠡᠭᠡᠭᠡᠭ᠌ᠰᠡᠨ ᠲᠥᠬᠥᠭᠡᠷᠦᠮᠵᠢ ᠨᠢ ᠤᠯᠠᠮᠵᠢᠯᠠᠯᠲᠤ ᠡᠮ ᠨᠠᠢᠷᠠᠯᠭ᠎ᠠ ᠪᠡᠷ ᠱᠢᠶ᠋ᠳᠪᠦᠷᠢᠯᠡᠬᠦ᠌ ᠵᠠᠭ᠍ᠪᠤᠷ ᠢ᠋ ᠲᠠᠶᠠᠭ᠍ᠳᠠᠵᠤ᠂ ᠡᠯᠧᠺᠲ᠋ᠷᠣᠨ ᠪᠠᠭ᠍ᠴᠠ ᠢ᠋ᠢᠨ ᠰᠠᠴᠤᠷᠠᠭ ᠢ᠋ ᠬᠠᠮᠵᠢᠯᠴᠠᠭᠤᠯᠤᠨ ᠬᠥᠪᠦᠮᠡᠯ ᠪᠦᠷᠬᠦᠭᠦᠯ ᠢ᠋ ᠵᠠᠳᠠᠯᠬᠤ ᠮᠡᠷᠭᠡᠵᠢᠯ ᠢ᠋ᠢᠡᠷ ᠳᠠᠮᠵᠢᠭᠤᠯᠤᠨ᠂ ᠵᠠᠳᠠᠷᠠᠬᠤ ᠳ᠋ᠤ᠌ ᠬᠦᠴᠢᠷᠲᠡᠶ ᠣᠷᠭᠠᠨᠢᠭ ᠬᠠᠶᠠᠭ᠍ᠳᠠᠮᠠᠯ ᠤᠰᠤ ᠢ᠋ᠢ ᠱᠢᠶ᠋ᠳᠪᠦᠷᠢᠯᠡᠬᠦ᠌ ᠦᠷ᠎ᠡ ᠪᠦᠲᠦᠮᠵᠢ ᠢ᠋ᠢ 40% ᠭᠠᠷᠤᠢ ᠳᠡᠭᠡᠭ᠌ᠰᠢᠯᠡᠭᠦᠯᠵᠦ᠍᠂ ᠠᠵᠢᠯᠯᠠᠭᠠᠨ ᠤ᠋ ᠥᠪᠡᠷ᠎ᠦᠨ ᠥᠷᠲᠡᠭ ᠢ᠋ 25% ᠪᠡᠷ ᠪᠠᠭᠤᠷᠠᠭᠤᠯᠵᠡᠢ᠃ ᠤᠯᠤᠰ ᠤ᠋ᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ ᠢ᠋ᠢᠨ ᠪᠦᠯᠦᠭᠯᠡᠯ ᠤ᠋ᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠣᠷᠢᠨ ᠢ᠋ ᠬᠠᠮᠠᠭᠠᠯᠠᠬᠤ ᠬᠦᠷᠢᠶᠡᠨ᠎ᠳᠡᠬᠢ ᠭᠣᠣᠯᠳᠠᠯᠭ᠎ᠠ᠎ᠲᠠᠶ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ ᠲᠦᠷᠦᠯ ᠵᠦᠢᠯ ᠪᠣᠯᠤᠭ᠍ᠰᠠᠨ ᠤ᠋ ᠬᠤᠪᠢ ᠳ᠋ᠤ᠌ ᠂ ᠡᠨᠳᠡᠬᠢ ᠲᠣᠭ᠎ᠠ ᠪᠠᠷᠢᠮᠲᠠ ᠪᠦᠷᠢ ᠨᠢ ᠴᠥᠮ ᠮᠡᠷᠭᠡᠵᠢᠯ᠎ᠦᠨ ᠠᠵᠤ ᠦᠢᠯᠡᠰᠵᠢᠯᠲᠡ ᠢ᠋ᠢᠨ ᠠᠬᠢᠴᠠ ᠢ᠋ᠢ ᠨᠥᠯᠥᠭᠡᠯᠡᠵᠦ᠍ ᠪᠠᠢᠨ᠎ᠠ᠃

《ᠡᠨᠡ ᠬᠦ᠌ ᠲᠦᠷᠦᠯ ᠵᠦᠢᠯ ᠪᠣᠯ ᠡᠯᠧᠺᠲ᠋ᠷᠣᠨ ᠪᠠᠭ᠍ᠴᠠ ᠢ᠋ᠢᠨ ᠰᠠᠴᠤᠷᠠᠭ ᠢ᠋ᠢᠡᠷ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠪᠣᠬᠢᠷ ᠤᠰᠤ ᠢ᠋ᠢ ᠰᠢᠢᠳᠪᠤᠷᠢᠯᠡᠳᠡᠭ》 ᠬᠡᠵᠤ ᠤᠯᠤᠰ ᠤ᠋ᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ ᠢ᠋ᠢᠨ ᠪᠦᠯᠦᠭᠯᠡᠯ ᠤ᠋ᠨ ᠲᠥᠪ᠎ᠦᠨ ᠰᠤᠳᠤᠯᠭᠠᠨ ᠤ᠋ ᠬᠦᠷᠢᠶᠡᠯᠡᠩ᠎ᠦᠨ ᠳᠡᠭᠡᠳᠦ ᠲᠡᠰ᠎ᠤᠨ ᠢᠨᠵᠧᠨᠧᠷ ᠺᠦᠩ ᠱᠦ᠍ ᠶᠠᠨ ᠶᠠᠷᠢᠨ᠎ᠡ᠃ ᠲᠡᠬᠦᠨ ᠤ᠋ ᠬᠡᠯᠡᠬᠦ ᠪᠡᠷ 《ᠪᠢᠳᠡ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠰᠠᠭᠤᠷᠢᠨ ᠳ᠋ᠤ᠌ ᠲᠤᠰ ᠲᠦᠷᠦᠯ ᠵᠦᠢᠯ ᠢ᠋ ᠬᠡᠷᠡᠭᠵᠢᠭᠦᠯᠵᠦ᠍ ᠪᠠᠢᠭ᠎ᠠ ᠢ᠋ᠢᠨ ᠭᠣᠣᠯ ᠵᠣᠷᠢᠯᠭ᠎ᠠ ᠨᠢ ᠳᠠᠷᠤᠢ ᠠᠵᠤ ᠦᠢᠯᠡᠰ᠎ᠦᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠪᠣᠳᠠᠲᠠᠢ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠢ᠋ᠢᠨ ᠲᠥᠯᠥᠭᠡ ᠶᠤᠮ᠃ ᠡᠢᠨ ᠬᠦ᠌ ᠲᠥᠷᠥᠯ ᠵᠦᠶ᠋ᠯ ᠪᠠᠢᠭᠤᠯᠤᠭ᠍ᠳᠠᠬᠤ ᠡᠬᠢᠨ᠎ᠦ ᠦᠶ᠎ᠡ᠎ᠳᠦ᠂ ᠠᠵᠤ ᠦᠶ᠋ᠯᠡᠳᠪᠦᠷᠢ ᠢ᠋ᠢᠨ ᠬᠠᠶᠠᠭ᠍ᠳᠠᠮᠠᠯ ᠤᠰᠤᠨ ᠳ᠋ᠤ᠌ ᠲᠦᠱᠢᠭ᠌ᠯᠡᠨ᠂ ᠡᠨᠡ ᠬᠦ᠌ ᠬᠠᠮ ᠤᠷ᠎ᠡ ᠮᠡᠷᠬᠡᠰᠢᠯ ᠢ᠋ ᠬᠡᠷᠡᠭ᠌ᠯᠡᠨ ᠲᠤᠷᠱᠢᠯᠲᠠ ᠬᠢᠵᠦ᠍᠂ ᠡᠭᠦᠨ ᠢ᠋ᠢᠡᠷ ᠤᠷ᠎ᠡ ᠮᠡᠷᠭᠡᠰᠢᠯ ᠤ᠋ᠨ ᠵᠠᠳᠠᠷᠠᠯᠲᠠ ᠢ᠋ᠢᠨ ᠦᠷ᠎ᠡ ᠪᠦᠲᠦᠮᠵᠢ ᠢ᠋ᠢ ᠱᠢᠯᠭᠠᠨ ᠪᠠᠳᠤᠯᠠᠬᠤ ᠢ᠋ᠢ ᠲᠤᠳᠤᠷᠬᠠᠢᠯᠠᠪᠠ᠃ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ ᠰᠠᠭᠤᠷᠢᠨ ᠨᠢ ᠲᠥᠷᠥᠯ ᠵᠦᠶ᠋ᠯ ᠢ᠋ ᠠᠬᠢᠭᠤᠯᠬᠤ ᠳ᠋ᠤ᠌ ᠪᠥᠬᠥ᠌ ᠲᠠᠯ᠎ᠠ ᠢ᠋ᠢᠨ ᠲᠤᠯᠭᠠᠭᠤᠷᠢᠯᠠᠯ ᠬᠠᠩᠭᠠᠵᠤ᠂ ᠴᠢᠨᠠᠷ ᠰᠠᠢᠲᠠᠶ ᠦᠶ᠋ᠯᠡᠳᠪᠦᠷᠢ ᠢ᠋ᠢᠨ ᠲᠠᠰᠤᠭ ᠵᠢᠴᠢ ᠤᠰᠤ ᠴᠠᠬᠢᠯᠭᠠᠨ ᠳᠤᠯᠠᠭᠠᠯᠠᠭ᠎ᠠ ᠵᠡᠷᠭᠡ ᠴᠢᠬᠤᠯᠠ ᠪᠥᠬᠥᠶ ᠲᠤᠷᠱᠢᠯᠲᠠ ᠢ᠋ᠢᠨ ᠨᠥᠬᠥᠴᠡᠯ ᠢ᠋ ᠲᠣᠬᠢᠷᠠᠭᠤᠯᠤᠭ᠍ᠰᠠᠨ ᠢ᠋ᠢᠡᠷ ᠪᠠᠷᠠᠬᠤ ᠥᠬᠡᠶ᠂ ᠪᠠᠰᠠ ᠲᠤᠷᠱᠢᠯᠲᠠ ᠢ᠋ᠢᠨ ᠠᠵᠢᠯᠲᠠᠨ ᠤ᠋ ᠬᠣᠨᠣᠭ ᠪᠠᠭᠤᠳᠠᠯ᠂ ᠢᠳᠡᠭᠡᠨ ᠤᠮᠳᠠᠭᠠᠨ ᠵᠡᠷᠭᠡ ᠠᠷᠤ ᠲᠠᠯ᠎ᠠ ᠢ᠋ᠢᠨ ᠦᠶ᠋ᠯᠡᠴᠢᠯᠡᠭᠡᠨ᠎ᠦ ᠪᠠᠲᠤᠯᠠᠭ᠎ᠠ ᠢ᠋ᠢᠨ ᠠᠰᠠᠭᠤᠳᠠᠯ ᠢ᠋ ᠲᠣᠬᠢᠲᠠᠶ ᠱᠢᠶ᠋ᠳᠪᠦᠷᠢᠯᠡᠵᠦ᠍᠂ ᠲᠥᠷᠥᠯ ᠵᠦᠶ᠋ᠯ᠎ᠦᠨ ᠤᠷᠤᠭ᠍ᠰᠢᠲᠠᠶ ᠶᠠᠪᠤᠭ᠍ᠳᠠᠬᠤ ᠳ᠋ᠤ᠌ ᠪᠠᠲᠤ ᠪᠠᠬᠢ ᠰᠠᠭᠤᠷᠢ ᠲᠠᠯᠪᠢᠵᠤ ᠥᠭ᠌ᠴᠡᠶ》 ᠬᠡᠯ᠎ᠡ᠃ ᠲᠤᠮᠳᠠ ᠬᠤᠭᠤᠴᠠᠭᠠᠨ ᠤ᠋ ᠲᠤᠷᠰᠢᠯᠳᠡ ᠨᠢ ᠨᠢᠭᠡ ᠲᠠᠯ᠎ᠠ ᠪᠡᠷ ᠱᠢᠨ᠎ᠡ ᠢ᠋ᠢ ᠡᠭᠦᠳᠬᠦ᠌᠎ᠲᠡᠶ ᠬᠣᠯᠪᠣᠭ᠍ᠳᠠᠵᠤ᠂ ᠨᠦᠬᠦᠭᠡ ᠲᠠᠯ᠎ᠠ ᠪᠡᠷ ᠠᠵᠤ ᠠᠬᠤᠢᠯᠠᠯ᠎ᠲᠠᠶ ᠬᠣᠯᠪᠣᠭ᠍ᠳᠠᠵᠤ ᠪᠠᠢᠳᠠᠭ᠃

ᠣᠢᠯᠠᠭᠠᠭ᠍ᠰᠠᠨ ᠢ᠋ᠢᠡᠷ᠂ ᠣᠷᠳᠣᠰ ᠤ᠋ᠨ ᠣᠲᠣ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠶ᠋ᠯᠡᠳᠪᠦᠷᠢ ᠢ᠋ᠢᠨ ᠱᠢᠨ᠎ᠡ ᠢ᠋ᠢ ᠡᠭᠦᠳᠬᠦ᠌ ᠮᠡᠷᠭᠡᠵᠢᠯ᠎ᠦᠨ ᠲᠤᠮᠳᠠ ᠬᠤᠭᠤᠴᠠᠭᠠᠨ ᠤ᠋ ᠲᠤᠷᠰᠢᠯᠳᠡ ᠢ᠋ᠢᠨ ᠰᠠᠭᠤᠷᠢᠨ ᠤ᠋ ᠶᠡᠷᠦᠩᠬᠡᠶ ᠪᠠᠯᠠ ᠣᠷᠣᠭᠤᠯᠤᠯᠲᠠ᠎ᠨᠢ 4.5 ᠳ᠋ᠦᠩᠱᠢᠭᠤᠷ ᠲᠥᠭᠥᠷᠢᠭ᠎ᠲᠦ ᠬᠦᠷᠴᠦ᠍᠂ 309 ᠮᠥ᠍ ᠭᠠᠵᠠᠷ ᠢ᠋ ᠡᠵᠡᠯᠡᠵᠦ᠍᠂ 5 ᠬᠥᠬᠡ ᠲᠥᠷᠥᠯ᠎ᠦᠨ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ ᠦᠶ᠋ᠯᠡᠳᠪᠦᠷᠢ ᠢ᠋ᠢᠨ ᠬᠡᠷ ᠪᠠᠢᠱᠢᠩ᠂ 6 ᠤᠯᠠᠭᠠᠨ ᠲᠥᠷᠥᠯ᠎ᠦᠨ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ ᠦᠶ᠋ᠯᠡᠳᠪᠦᠷᠢ ᠢ᠋ᠢᠨ ᠬᠡᠷ ᠪᠠᠢᠱᠢᠩ ᠵᠢᠴᠢ ᠪᠦᠷᠢᠨ ᠢᠵᠢ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠴᠠᠭᠠᠨ ᠬᠡᠮᠵᠢᠬᠦ᠌ ᠲᠤᠨᠤᠭ ᠲᠥᠬᠥᠭᠡᠷᠦᠮᠵᠢ ᠢ᠋ᠢ ᠪᠦᠷᠢᠯᠳᠦᠬᠦᠯᠵᠤ᠂ 35 ᠬᠤᠰᠢᠭᠤᠴᠢ ᠲᠥᠷᠥᠯ ᠵᠦᠶ᠋ᠯ᠎ᠦᠨ ᠲᠤᠮᠳᠠ ᠬᠤᠭᠤᠴᠠᠭᠠᠨ ᠤ᠋ ᠲᠤᠷᠱᠢᠯᠲᠠ ᠢ᠋ᠢ ᠬᠠᠮᠲᠤ ᠳ᠋ᠤᠨᠢ ᠡᠭᠦᠷᠭᠡᠯᠡᠬᠦ ᠪᠣᠯᠤᠨ᠎ᠠ᠃

ᠲᠤᠰ ᠰᠠᠭᠤᠷᠢᠨ ᠪᠣᠯ ᠥᠪᠡᠷᠲᠡᠭᠡᠨ ᠵᠠᠰᠠᠬᠤ ᠣᠷᠣᠨ ᠤ᠋ ᠬᠢᠮᠢ ᠢ᠋ᠢᠨ ᠠᠵᠤ ᠦᠢᠯᠡᠳᠪᠦᠷᠢ ᠢ᠋ᠢᠨ ᠬᠦᠷᠢᠶᠡᠨ᠎ᠳᠡᠬᠢ ᠠᠩᠬᠠᠳᠠᠭ᠍ᠴᠢ ᠤᠯᠤᠰ ᠤ᠋ᠨ ᠲᠡᠰ ᠤ᠋ᠨ ᠲᠤᠷᠱᠢᠯᠲᠠ ᠢ᠋ᠢᠨ ᠲᠠᠪᠴᠠᠩ ᠪᠣᠯᠤᠨ᠎ᠠ᠂ ᠨᠡᠩ ᠴᠤ᠌ ᠪᠦᠬᠦ᠌ ᠤᠯᠤᠰ ᠤ᠋ᠨ ᠤᠳᠤ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠠᠵᠤ ᠦᠢᠯᠡᠰ᠎ᠦᠨ 《ᠲᠤᠷᠱᠢᠯᠲᠠ ᠢ᠋ᠢᠨ ᠲᠠᠰᠤᠭ ᠡᠴᠡ ᠠᠵᠤ ᠦᠢᠯᠡᠳᠪᠦᠷᠢᠵᠢᠯᠲᠡ ᠬᠦᠷᠬᠦ᠌》 ᠵᠠᠩᠭᠢᠯᠠᠭ᠎ᠠ ᠢ᠋ᠢᠨ ᠬᠦᠢᠰᠦ ᠪᠤᠯᠬᠤ ᠶᠤᠮ᠃ ᠣᠳᠣᠬᠠᠨ ᠳ᠋ᠤ᠌ ᠡᠨᠳᠡ ᠨᠢᠭᠡᠨᠲᠡ ᠴᠥᠮ᠎ᠡ ᠢ᠋ᠢᠨ ᠲᠠᠯᠠᠰᠲᠤ ᠮᠥᠬᠦᠯᠢᠭ᠌ᠵᠢᠭᠦᠯᠬᠦ᠌ ᠤᠷ᠎ᠠ ᠮᠡᠷᠭᠡᠰᠢᠯ ᠢ᠋ ᠪᠤᠢ ᠪᠤᠯᠭᠠᠵᠤ᠂  ᠨᠢᠭᠡ ᠠᠯᠬᠤᠮ ᠳ᠋ᠤ ᠠᠯᠺᠧᠨ ᠤᠢᠯᠡᠳᠪᠤᠷᠢᠯᠡᠬᠦ᠂ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠡᠬᠢ ᠪᠠᠶᠠᠯᠢᠭ᠍ᠵᠢᠭᠤᠯᠬᠤ ᠵᠡᠷᠭᠡ ᠨᠢᠭᠡ ᠪᠦᠯᠦᠭ ᠵᠠᠩᠭᠢᠯᠠᠭ᠎ᠠ ᠢ᠋ᠢᠨ ᠮᠡᠷᠭᠡᠵᠢᠯ᠎ᠦᠨ ᠲᠥᠷᠥᠯ ᠵᠦᠶ᠋ᠯ ᠲᠥᠪᠯᠡᠷᠡᠵᠦ᠍ ᠪᠤᠢ᠂ ᠡᠭᠦᠨ᠎ᠳᠦ ᠥᠪᠥᠷ ᠮᠣᠩᠭᠣᠯ ᠤ᠋ᠨ ᠾᠧᠩ ᠱᠧᠩ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠱᠢᠨᠵᠢᠯᠡᠬᠦ᠌ ᠲᠸᠭᠨᠢᠭ ᠤᠬᠠᠭᠠᠨ ᠮᠡᠷᠭᠡᠵᠢᠯ᠎ᠦᠨ ᠢᠨᠵᠧᠨᠧᠷᠢᠩ ᠤ᠋ᠨ ᠬᠢᠵᠠᠭᠠᠷᠳᠤ ᠺᠤᠮᠫᠠᠨᠢ ᠪᠣᠯᠤᠨ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ᠎ᠲᠠᠶ ᠬᠠᠮᠲᠤᠷᠠᠯᠴᠠᠭ᠍ᠰᠠᠨ ᠴᠥᠮ᠎ᠡ ᠢ᠋ᠢᠨ ᠲᠠᠯᠠᠰᠲᠤ ᠮᠥᠬᠦᠯᠢᠭ᠌ᠵᠢᠭᠦᠯᠬᠦ᠌ ᠤᠷ᠎ᠡ ᠮᠡᠷᠬᠡᠰᠢᠯ ᠨᠢᠭᠡᠨᠲᠡ ᠲᠤᠮᠳᠠ ᠬᠤᠭᠤᠴᠠᠭᠠᠨ ᠤ᠋ ᠲᠤᠷᠱᠢᠯᠲᠠ ᠢ᠋ᠢ ᠪᠡᠶᠡᠯᠡᠬᠦᠯᠵᠤ᠂ ᠠᠵᠤ ᠦᠶ᠋ᠯᠡᠳᠪᠦᠷᠢ ᠢ᠋ᠢᠨ ᠬᠠᠶᠠᠭ᠍ᠳᠠᠮᠠᠯ ᠤᠰᠤ ᠢ᠋ᠢ ᠡᠷᠳᠡᠨᠢ ᠪᠣᠯᠭᠠᠬᠤ ᠢ᠋ᠢ ᠪᠡᠶᠡᠯᠡᠭᠦᠯᠵᠦ᠍᠂ ᠠᠵᠤ ᠦᠢᠯᠡᠰᠵᠢᠬᠦᠯᠬᠦ ᠨᠥᠬᠥᠴᠡᠯ ᠢ᠋ ᠪᠦᠷᠢᠯᠳᠦᠭᠦᠯᠵᠡᠶ᠃

《ᠮᠡᠷᠭᠡᠵᠢᠯ᠎ᠦᠨ ᠬᠠᠷᠢᠴᠠᠭᠤᠯᠤᠯᠳᠡ ᠪᠡᠷ ᠳᠡᠮᠵᠢᠨ ᠳᠤᠤᠷᠠᠬᠢ ᠬᠡᠳᠦᠨ ᠲᠠᠯ᠎ᠠ ᠢ᠋ᠢᠨ ᠳᠠᠪᠠᠭᠤᠯᠢᠭ ᠲᠠᠯ᠎ᠠ᠎ᠲᠠᠶ ᠪᠠᠢᠬᠤ ᠢ᠋ᠢ ᠮᠡᠳᠡᠪᠡ᠂ ᠨᠢᠭᠡᠳᠦᠭᠡᠷ᠎ᠲᠦ ᠤᠰᠤ ᠱᠢᠶ᠋ᠳᠪᠦᠷᠢᠯᠡᠬᠦ᠌ ᠭᠠᠵᠠᠷ ᠤ᠋ᠨ ᠲᠠᠯᠠᠪᠠᠶ ᠢ᠋ᠢ ᠶᠡᠬᠡ᠎ᠪᠡᠷ ᠪᠠᠭᠠᠰᠭᠠᠪᠠ᠂ ᠬᠣᠶᠠᠳᠤᠭᠠᠷ᠎ᠲᠤ ᠤᠰᠤ ᠱᠢᠶ᠋ᠳᠪᠦᠷᠢᠯᠡᠬᠦ᠌ ᠠᠵᠢᠯ ᠤ᠋ᠨ ᠦᠷ᠎ᠡ ᠪᠦᠲᠦᠮᠵᠢ ᠢ᠋ᠢᠨ ᠲᠠᠯ᠎ᠠ ᠪᠡᠷ ᠶᠡᠬᠡ᠎ᠪᠡᠷ ᠳᠡᠭᠡᠭ᠌ᠰᠢᠯᠡᠯᠲᠡ᠎ᠲᠡᠶ ᠪᠣᠯᠪᠠ᠂ ᠢᠯᠠᠩᠭᠤᠶ᠎ᠠ ᠡᠮ ᠨᠠᠢᠷᠠᠯᠭ᠎ᠠ ᠢ᠋ᠢᠨ ᠬᠡᠮᠵᠢᠶ᠎ᠡ ᠢ᠋ᠢᠨ ᠨᠡᠮᠡᠭᠳᠡᠯ ᠪᠠ ᠡᠨᠧᠷᠭᠢ ᠢ᠋ᠢᠨ ᠬᠤᠷᠤᠭᠳᠠᠭᠤᠯᠤᠯ ᠢ᠋ ᠬᠡᠷᠡᠭ᠌ᠯᠡᠬᠦ᠌ ᠲᠠᠯ᠎ᠠ ᠪᠡᠷ 8% ᠣᠷᠴᠢᠮ ᠤ᠋ᠨ ᠪᠠᠭᠤᠷᠠᠯᠲᠠ ᠢ᠋ᠢᠨ ᠬᠡᠮᠵᠢᠶ᠎ᠡ ᠢ᠋ᠢ ᠪᠡᠶᠡᠯᠡᠭᠦᠯᠪᠡ᠃ ᠤᠰᠤ ᠢ᠋ᠢ ᠱᠢᠶ᠋ᠳᠪᠦᠷᠢᠯᠡᠬᠦ᠌ ᠡᠨᠡ ᠬᠦ᠌ ᠭᠣᠭ᠍ᠴᠣᠭ᠎ᠠ ᠳᠡᠭᠡᠷ᠎ᠡ᠂ ᠪᠣᠬᠢᠷ ᠱᠢᠪᠠᠷ ᠢ᠋ ᠱᠦᠬᠦᠷᠡᠬᠦᠯᠬᠦ ᠭᠣᠭ᠍ᠴᠣᠭ᠎ᠠ ᠢ᠋ᠢ ᠪᠠᠭᠠᠰᠭᠠᠵᠤ᠂ ᠴᠥᠮ᠎ᠡ ᠢ᠋ᠢᠨ ᠲᠠᠯᠠᠰᠲᠤ ᠪᠡᠷ ᠳᠡᠮᠵᠢᠨ ᠮᠥᠬᠥᠯᠢᠭᠵᠢᠬᠦᠯᠵᠤ᠂ ᠪᠢᠳᠡ ᠤᠰᠤᠨ ᠳᠣᠲᠣᠷᠠᠬᠢ ᠵᠠᠷᠢᠮ ᠲᠡᠮᠦᠷᠯᠢᠭ ᠢᠶᠣᠨ ᠢ᠋ ᠨᠢᠬᠡᠨ ᠮᠥᠬᠥᠯᠢᠭ ᠱᠢᠭ ᠶᠠᠭᠤᠮ᠎ᠠ ᠪᠣᠯᠭᠠᠵᠤ᠂ ᠡᠬᠢ ᠪᠠᠶᠠᠯᠢᠭ᠍ᠵᠢᠭᠤᠯᠤᠨ ᠳᠠᠬᠢᠨ ᠠᠱᠢᠭ᠍ᠯᠠᠬᠤ ᠢ᠋ᠢ ᠤᠯᠠᠮ ᠨᠢᠭᠡ ᠠᠯᠬᠤᠮ ᠪᠡᠶᠡᠯᠡᠭᠦᠯᠵᠦ᠍ ᠪᠣᠯᠤᠨ᠎ᠠ》 ᠬᠡᠵᠤ ᠥᠪᠥᠷ ᠮᠣᠩᠭᠣᠯ ᠤ᠋ᠨ ᠾᠧᠩ ᠱᠧᠩ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠱᠢᠨᠵᠢᠯᠡᠬᠦ᠌ ᠲᠸᠭᠨᠢᠭ ᠤᠬᠠᠭᠠᠨ ᠮᠡᠷᠭᠡᠵᠢᠯ᠎ᠦᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ ᠢ᠋ᠢᠨ ᠮᠡᠷᠭᠡᠵᠢᠯ᠎ᠦᠨ ᠬᠠᠷᠢᠭᠤᠴᠠᠯᠭᠠᠲᠠᠨ ᠯᠢ ᠭᠤᠸᠠᠩ ᠫᠢᠩ ᠲᠠᠨᠢᠯᠴᠠᠭᠤᠯᠪᠠ᠃

ᠣᠷᠳᠣᠰ ᠤ᠋ᠨ ᠤᠯᠤᠰ ᠤ᠋ᠨ ᠣᠲᠣ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠶ᠋ᠯᠡᠳᠪᠦᠷᠢ ᠢ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠭᠤᠤᠯ ᠣᠷᠣᠨ ᠪᠣᠯᠤᠭ᠍ᠰᠠᠨ ᠤ᠋ ᠬᠤᠪᠢ ᠳ᠋ᠤ᠌᠂ ᠲᠣᠭ ᠠᠵᠤ ᠦᠶ᠋ᠯᠡᠳᠪᠦᠷᠢ ᠢ᠋ᠢᠨ ᠬᠦᠷᠢᠶᠡᠯᠡᠩ᠎ᠳᠦ 20 ᠭᠠᠷᠤᠶ ᠳᠠᠭᠠᠭᠤᠯᠤᠭ᠍ᠴᠢ ᠠᠵᠤ ᠠᠬᠤᠢᠯᠠᠯ ᠲᠥᠪᠯᠡᠷᠡᠵᠦ᠍᠂ 1800 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ ᠪᠡᠷ ᠪᠦᠷᠢᠯᠳᠦᠭ᠌ᠰᠡᠨ 《ᠨᠡᠭᠦᠷᠡᠰᠦ — ᠬᠢᠮᠢ — ᠤᠰᠤᠲᠥ᠋ᠷᠥᠭ᠌ᠴᠢ — ᠱᠢᠨ᠎ᠡ ᠮᠠᠲ᠋ᠧᠷᠢᠶᠠᠯ》 ᠤ᠋ᠨ ᠪᠥᠬᠥ᠌ ᠠᠵᠤ ᠦᠶ᠋ᠯᠡᠰ᠎ᠦᠨ ᠬᠡᠯᠬᠢᠶ᠎ᠡ ᠢ᠋ᠢ ᠪᠠᠢᠭᠤᠯᠵᠤ᠂ ᠲᠤᠮᠳᠠ ᠬᠤᠭᠤᠴᠠᠭᠠᠨ ᠤ᠋ ᠲᠤᠷᠱᠢᠯᠲᠠ ᠢ᠋ᠢᠨ ᠲᠥᠷᠥᠯ ᠵᠦᠶ᠋ᠯ᠎ᠳᠦ ᠡᠯᠪᠡᠭ ᠪᠠᠶᠠᠯᠢᠭ ᠬᠡᠷᠡᠭ᠌ᠯᠡᠭᠡᠨ᠎ᠦ ᠲᠠᠯᠠᠪᠤᠷ ᠪᠠ ᠠᠵᠤ ᠦᠶ᠋ᠯᠡᠰ᠎ᠦᠨ ᠢᠵᠢ ᠪᠥᠷᠢᠳᠦᠯ ᠢ᠋ ᠬᠠᠩᠭᠠᠪᠠ; ᠦᠦᠱᠢᠨ ᠬᠣᠱᠢᠭᠤᠨ ᠤ᠋ ᠨᠡᠢᠲᠡᠯᠡᠭ᠌ᠰᠡᠨ 《ᠴᠢᠳᠠᠪᠤᠷᠢᠲᠠᠨ ᠤ᠋ ᠱᠢᠨᠵᠢᠯᠡᠬᠦ᠌ ᠤᠬᠠᠭᠠᠨ ᠤ᠋ ᠱᠢᠨ᠎ᠡ ᠢ᠋ᠢ ᠡᠭᠦᠳᠬᠦ᠌ 16 ᠵᠦᠢᠯ ᠤ᠋ᠨ ᠲᠥᠷᠥ ᠢ᠋ᠢᠨ ᠪᠣᠳᠣᠯᠭ᠎ᠠ》 ᠎ᠨᠢ ᠣᠷᠣᠢᠯᠠᠭ᠍ᠰᠠᠨ ᠴᠢᠳᠠᠪᠤᠷᠢᠲᠠᠨ ᠪᠠ ᠪᠦᠯᠬᠦᠮ ᠨᠡᠢᠲᠡ᠎ᠳᠦ 《ᠠᠰ ᠠᠰ ᠢ᠋ᠢᠡᠷ ᠨᠢ ᠵᠥᠪᠯᠡᠬᠦ᠌》 ᠢ᠋ᠢ ᠬᠡᠷᠡᠭ᠌ᠵᠢᠭᠦᠯᠵᠦ᠍᠂ ᠬᠤᠪᠢ ᠬᠥᠮᠦᠨ᠎ᠳᠦ ᠬᠠᠮᠤᠭ ᠤ᠋ᠨ ᠶᠡᠬᠡ᠎ᠳ᠋ᠡᠬᠡᠨ 500 ᠲᠦᠮᠡᠨ ᠲᠥᠭᠥᠷᠢᠭ ᠤ᠋ᠨ ᠲᠡᠮᠵᠢᠯᠬᠡ᠂ ᠪᠦᠯᠬᠦᠮ ᠨᠡᠢᠲᠡ᠎ᠳᠦ ᠬᠠᠮᠤᠭ ᠤ᠋ᠨ ᠶᠡᠬᠡ ᠳ᠋ᠡᠬᠡᠨ 2000 ᠲᠦᠮᠡᠨ ᠲᠥᠭᠥᠷᠢᠭ ᠤ᠋ᠨ ᠲᠡᠮᠵᠢᠯᠬᠡ ᠦᠵᠡᠬᠦᠯᠵᠤ᠂ ᠴᠢᠳᠠᠪᠤᠷᠢᠲᠠᠨ ᠪᠠ ᠲᠥᠷᠥᠯ ᠵᠦᠶ᠋ᠯ ᠢ᠋ ᠣᠷᠣᠭᠤᠯᠤᠨ ᠠᠪᠴᠢᠷᠠᠬᠤ ᠳ᠋ᠤ᠌ ᠬᠦᠴᠦᠨ ᠨᠡᠮᠡᠷᠢᠯᠡᠪᠡ᠃

ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠴᠢᠩᠬᠤᠸᠠ ᠶᠡᠬᠡ ᠰᠤᠷᠭᠠᠭᠤᠯᠢ ᠵᠡᠷᠭᠡ 12 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠢ᠋ᠢᠨ ᠮᠡᠷᠭᠡᠵᠢᠯ᠎ᠦᠨ ᠲᠤᠯᠭᠠᠭᠤᠷᠢᠯᠠᠯ ᠵᠢᠴᠢ ᠪᠦᠦ ᠹᠸᠩ ᠡᠨᠧᠷᠭᠢ ᠵᠡᠷᠭᠡ ᠲᠠᠭᠠᠭᠤᠯᠤᠬ᠍ᠴᠢ ᠠᠵᠤ ᠠᠬᠤᠢᠯᠠᠯ ᠳ᠋ᠤ᠌ ᠲᠦᠱᠢᠭ᠌ᠯᠡᠨ ᠠᠵᠤ ᠦᠢᠯᠡᠰ᠎ᠲᠦ ᠬᠦᠴᠦᠨ ᠤᠯᠭᠤᠵᠤ᠂ ᠰᠠᠭᠤᠷᠢᠨ ᠤ᠋ ᠬᠢᠨ ᠪᠤᠬᠢᠷᠳᠤᠯ ᠦᠬᠡᠢ ᠤᠰᠤᠲᠥ᠋ᠷᠥᠭ᠌ᠴᠢ ᠢ᠋ᠢᠨ ᠬᠣᠯᠪᠣᠯᠳᠤᠯ᠂ ᠨᠡᠭᠦᠷᠡᠰᠦᠲᠥ᠋ᠷᠥᠭ᠌ᠴᠢ ᠢ᠋ᠢ ᠲᠥᠪᠯᠡᠷᠡᠭᠦᠯᠦᠨ ᠠᠱᠢᠭ᠍ᠯᠠᠬᠤ᠂ ᠳᠡᠭᠡᠳᠦ ᠲᠡᠰ ᠤ᠋ᠨ ᠱᠢᠨ᠎ᠡ ᠮᠠᠲ᠋ᠧᠷᠢᠶᠠᠯ ᠵᠡᠷᠭᠡ ᠵᠢᠷᠭᠤᠭᠠᠨ ᠶᠡᠬᠡ ᠮᠡᠷᠭᠡᠵᠢᠯ᠎ᠦᠨ ᠴᠢᠭ᠌ᠯᠡᠯ᠎ᠦᠨ ᠱᠢᠨ᠎ᠡ ᠢ᠋ᠢ ᠡᠭᠦᠳᠬᠦ᠌ ᠪᠦᠯᠦᠭ᠌ᠵᠢᠯ ᠢ᠋ ᠲᠦᠷᠭᠡᠨ ᠪᠠᠢᠭᠤᠯᠵᠤ ᠪᠠᠢᠨ᠎ᠠ᠃ ᠣᠳᠣᠬᠠᠨ ᠳ᠋ᠤ᠌᠂ ᠡᠯᠧᠺᠲ᠋ᠷᠣᠨ ᠲᠠᠰ ᠤ᠋ᠨ ᠡᠲ᠋ᠢᠯ ᠬᠦᠴᠢᠯ ᠡᠲ᠋ᠢᠯ ᠡᠰᠲ᠋ᠧᠷ᠂ ᠨᠡᠭᠦᠷᠡᠰᠦᠲᠥ᠋ᠷᠥᠭ᠌ᠴᠢ ᠢ᠋ᠢᠨ ᠳᠠᠪᠬᠤᠷ ᠢᠰᠦᠯ ᠮᠧᠲ᠋ᠠᠨᠴᠢᠯᠠᠬᠤ ᠵᠡᠷᠬᠡ 7 ᠲᠥᠷᠥᠯ ᠵᠦᠶ᠋ᠯ ᠶᠠᠭ ᠭᠦᠨ ᠵᠤᠯᠭᠠᠯᠴᠠᠬᠤ ᠱᠠᠳᠤᠨ ᠳ᠋ᠤ᠌ ᠤᠷᠤᠪᠡ᠂ ᠢᠷᠡᠭᠡᠳᠦᠶ᠎ᠳᠦ ᠡᠨᠳᠡ ᠮᠡᠷᠭᠡᠵᠢᠯ᠎ᠦᠨ ᠱᠢᠨ᠎ᠡ ᠢ᠋ᠢ ᠡᠭᠦᠳᠬᠦ᠌ 10 ᠭᠠᠷᠤᠶ ᠠᠵᠤ ᠠᠬᠤᠢᠯᠠᠯ ᠢ᠋ ᠪᠣᠢᠵᠢᠭᠤᠯᠵᠤ᠂ ᠪᠥᠬᠥ᠌ ᠣᠷᠣᠨ ᠤ᠋ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠳᠦ ᠬᠦᠴᠦᠷᠬᠡᠭ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号