ᠦᠪᠤᠷ ᠮᠤᠨᠭᠭᠤᠯ ᠤ᠋ᠨ 5 ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠢᠭᠡᠯᠡᠯᠭᠡ᠎ᠶ᠋ᠢᠨ ᠦᠯᠡᠳᠡᠪᠦᠷᠢ 1141 ᠳ᠋ᠦᠩᠱᠢᠭᠤᠷ ᠲᠥᠭᠥᠷᠢᠭ᠎ᠲᠦ ᠬᠦᠷᠪᠡ
2026-03-04 09:42:53
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠳ᠋ᠡᠬᠢ ᠬᠤᠪᠢᠶᠠᠷᠢ ᠪᠠᠩᠬᠢ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠤ᠂ 2025 ᠣᠨ᠎ᠤ ᠡᠴᠦᠰ᠎ᠲᠦ᠂ ᠥᠪᠥᠷ ᠮᠣᠩᠭᠣᠯ ᠤ᠋ᠨ 《ᠰᠠᠯᠬᠢᠨ ᠬᠦᠴᠤᠨ ᠤ᠋ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤᠰᠤᠲᠥ᠋ᠷᠥᠭ᠌ᠴᠢ ᠤᠢᠯᠡᠳᠬᠦ ᠡᠨ᠋ᠸᠷᠬᠢ ᠨᠦᠬᠡᠴᠡᠯᠡᠬᠦ ᠰᠢᠨ᠎ᠡ ᠡᠨ᠋ᠸᠷᠬᠢ ᠢ᠋ᠢᠨ ᠮᠠᠰᠢᠨ》 5 ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠢᠭᠡᠯᠡᠯᠭᠡ᠎ᠶ᠋ᠢᠨ ᠦᠯᠡᠳᠡᠪᠦᠷᠢ 1141 ᠳ᠋ᠦᠩᠱᠢᠭᠤᠷ ᠲᠥᠭᠥᠷᠢᠭ᠎ᠲᠦ ᠬᠦᠷᠴᠦ᠍᠂ 2024 ᠤᠨ ᠤ᠋᠎ᠬᠢ᠎ᠡᠴᠡ 20.1% ᠪᠠᠷ ᠨᠡᠮᠡᠭ᠌ᠳᠡᠪᠡ᠃

2025 ᠣᠨ᠎ᠳᠤ᠂ ᠲᠣᠰ ᠪᠠᠩᠬᠢ  ᠮᠥᠩᠭᠥᠨ  ᠭᠦᠶ᠋ᠯᠭᠡᠭᠡᠨ᠎ᠦ ᠵᠢᠭᠡᠯᠡᠯᠭᠡ ᠪᠡᠷ ᠪᠣᠬᠢᠷᠲᠤᠯ ᠥᠬᠡᠶ ᠬᠥᠭ᠌ᠵᠢᠯᠲᠡ᠎ᠶ᠋ᠢ ᠳᠠᠢᠴᠢᠯᠠᠬᠤ ᠲᠤᠰᠭᠠᠶ ᠠᠵᠢᠯᠯᠠᠭ᠎ᠠ᠎ᠶ᠋ᠢᠨ ᠲᠥᠰᠦᠯ᠂ ᠪᠣᠬᠢᠷᠲᠤᠯ ᠥᠬᠡᠶ ᠮᠥᠩᠭᠥᠨ ᠭᠦᠶ᠋ᠯᠭᠡᠭᠡᠨ᠎ᠦ ᠦᠶ᠋ᠯᠡᠳᠦᠯ᠎ᠢ ᠪᠠᠳᠠᠷᠠᠭᠤᠯᠵᠤ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌᠎ᠶ᠋ᠢ ᠬᠡᠷᠡᠭ᠌ᠵᠢᠭᠦᠯᠬᠦ᠌ ᠲᠥᠰᠦᠯ ᠵᠡᠷᠭᠡ ᠱᠢᠷᠢᠰ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠦᠷᠦᠭᠦᠯᠡᠨ ᠨᠡᠢᠲᠡᠯᠡᠵᠦ᠍᠂ ᠥᠪᠥᠷ ᠮᠣᠩᠭᠣᠯ᠎ᠤᠨ ᠪᠣᠬᠢᠷᠲᠤᠯ ᠥᠬᠡᠶ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ; ᠥᠪᠥᠷ ᠮᠣᠩᠭᠣᠯ᠎ᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ 《ᠤᠰᠤ ᠠᠷᠪᠢᠯᠠᠬᠤ ᠵᠢᠭᠡᠯᠡᠯᠭᠡ》᠂ 《ᠤᠰᠤᠨ᠎ᠤ ᠡᠷᠬᠡ᠎ᠶ᠋ᠢᠨ ᠵᠢᠭᠡᠯᠡᠯᠭᠡ》 ᠵᠡᠷᠭᠡ ᠪᠠᠯᠠ ᠬᠤᠷᠠᠮᠳᠤᠭᠤᠯᠬᠤ ᠦᠶ᠋ᠯᠡᠴᠢᠯᠡᠭᠡᠨ᠎ᠦ ᠢᠨᠵᠧᠨᠧᠷᠢᠩ᠎ᠢ ᠥᠷᠨᠢᠭᠦᠯᠵᠦ᠍᠂ 2025 ᠣᠨ᠎ᠳᠤ ᠨᠢᠭᠡᠨᠲᠡ 《ᠤᠰᠤ ᠠᠷᠪᠢᠯᠠᠬᠤ ᠵᠢᠭᠡᠯᠡᠯᠭᠡ》᠂ 《ᠤᠰᠤᠨ᠎ᠤ ᠡᠷᠬᠡ᠎ᠶ᠋ᠢᠨ ᠵᠢᠭᠡᠯᠡᠯᠭᠡ》᠎ᠶ᠋ᠢ 40 ᠳ᠋ᠦᠩᠱᠢᠭᠤᠷ ᠲᠥᠭᠥᠷᠢᠭ ᠲᠠᠯᠪᠢᠪᠠ; ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠵᠢᠯᠣᠭᠣᠳᠤᠨ ᠪᠣᠬᠢᠷᠲᠤᠯ ᠥᠬᠡᠶ ᠦᠶ᠋ᠯᠡᠳᠬᠦ᠌ ᠦᠶ᠋ᠯᠡᠰ᠎ᠦᠨ ᠠᠵᠤ ᠠᠬᠤᠢᠯᠠᠯ᠎ᠯᠤᠭ᠎ᠠ 《ᠬᠠᠮᠲᠤ᠎ᠪᠠᠷ ᠦᠰᠦᠨ ᠪᠣᠢᠵᠢᠬᠤ ᠲᠥᠯᠥᠪᠯᠡᠭᠡ》 ᠪᠠᠢᠭᠤᠯᠵᠤ᠂ ᠣᠲᠣ ᠪᠣᠯᠲᠠᠯ᠎ᠠ ᠥᠪᠥᠷ ᠮᠣᠩᠭᠣᠯ᠎ᠤᠨ ᠪᠣᠬᠢᠷᠲᠤᠯ ᠥᠬᠡᠶ ᠦᠶ᠋ᠯᠡᠳᠪᠦᠷᠢ ᠪᠣᠯᠤᠨ ᠪᠣᠬᠢᠷᠲᠤᠯ ᠥᠬᠡᠶ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠭᠤᠤᠯ ᠠᠵᠤ ᠠᠬᠤᠢᠯᠠᠯ᠎ᠳᠤ 13.7 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠲᠠᠯᠪᠢᠪᠠ᠃

《ᠪᠣᠬᠢᠷᠲᠤᠯ ᠥᠬᠡᠶ + ᠪᠠᠭ᠎ᠠ ᠨᠡᠭᠦᠷᠡᠰᠦᠲᠥ᠋ᠷᠥᠭ᠌ᠴᠢᠲᠦ》 ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠲᠣᠰ ᠪᠠᠩᠬᠢ 《1 + N》 ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠪᠠᠭ᠍ᠲᠠᠭᠠᠮᠵᠢ᠎ᠪᠠᠨ ᠥᠷᠭᠡᠳᠭᠡᠨ ᠲᠠᠰ ᠳᠡᠪᠱᠢᠬᠦ᠌᠎ᠶ᠋ᠢ ᠨᠢ ᠠᠬᠢᠭᠤᠯᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ 《ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠬᠤ᠂ ᠳᠤᠲᠠᠭᠤᠳᠠᠯ᠎ᠢ ᠨᠥᠬᠥᠪᠥᠷᠢᠯᠡᠬᠦ᠌᠂ ᠤᠶᠠᠨ ᠬᠠᠲᠠᠨ ᠴᠢᠨᠠᠷ᠎ᠢ ᠴᠢᠩᠭᠠᠷᠠᠭᠤᠯᠬᠤ》᠎ᠶ᠋ᠢᠨ ᠲᠣᠭᠣᠷᠢᠨ᠎ᠳᠤ ᠣᠯᠠᠨ ᠲᠠᠯ᠎ᠠ᠎ᠪᠠᠷ ᠬᠦᠴᠦᠯᠡᠵᠦ᠍᠂ 《ᠨᠢᠭᠡ ᠬᠡᠯᠬᠢᠶ᠎ᠡ ᠨᠢᠭᠡ ᠠᠷᠭ᠎ᠠ ᠪᠣᠳᠣᠯᠭ᠎ᠠ》 ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍ ᠱᠢᠨ᠎ᠡ ᠡᠨᠧᠷᠭᠢ᠎ᠶ᠋ᠢᠨ ᠬᠡᠯᠬᠢᠶ᠎ᠡ᠎ᠶ᠋ᠢ ᠤᠷᠲᠤᠳᠭᠠᠬᠤ᠂ ᠬᠡᠯᠬᠢᠶ᠎ᠡ᠎ᠶ᠋ᠢ ᠨᠥᠬᠥᠪᠥᠷᠢᠯᠡᠬᠦ᠌᠂ ᠬᠡᠯᠬᠢᠶ᠎ᠡ᠎ᠶ᠋ᠢ ᠴᠢᠩᠭᠠᠷᠠᠭᠤᠯᠬᠤ᠎ᠶ᠋ᠢ ᠳᠡᠮᠵᠢᠵᠦ᠍᠂ ᠨᠡᠭᠡᠭᠡᠯᠲᠡ᠎ᠶ᠋ᠢᠨ ᠴᠢᠨᠠᠷᠲᠠᠶ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ 3 ᠪᠠᠩᠬᠢ᠎ᠶ᠋ᠢ ᠵᠢᠯᠣᠭᠣᠳᠤᠨ ᠱᠢᠨ᠎ᠡ ᠬᠡᠯᠪᠡᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠮᠥᠩᠭᠥᠨ ᠭᠦᠶ᠋ᠯᠭᠡᠭᠡᠨ᠎ᠦ ᠪᠠᠭᠠᠵᠢ᠎ᠪᠠᠷ 76.9 ᠳ᠋ᠦᠩᠱᠢᠭᠤᠷ ᠲᠥᠭᠥᠷᠢᠭ᠎ᠦᠨ ᠵᠢᠬᠡᠯᠡᠯᠬᠡ ᠲᠠᠯᠪᠢᠪᠠ᠃

ᠡᠬᠦᠨ ᠤ᠋ ᠬᠠᠮᠳᠤ᠂ 《ᠦᠶ᠋ᠯᠡᠳᠬᠦᠨ + ᠦᠶ᠋ᠯᠡᠴᠢᠯᠡᠭᠡ》᠎ᠶ᠋ᠢᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ ᠢ᠋ ᠪᠠᠷᠢᠮᠲᠠᠯᠠᠵᠤ᠂ ᠲᠣᠰ ᠪᠠᠩᠬᠢ᠎ᠨᠢ ᠪᠥᠬᠥ᠌ ᠣᠷᠣᠨ᠎ᠤ ᠠᠷᠠᠳ᠎ᠤᠨ ᠪᠠᠩᠬᠢ᠎ᠶ᠋ᠢᠨ ᠱᠢᠰᠲ᠋ᠧᠮ᠎ᠢ ᠬᠥᠲᠥᠯᠥᠨ ᠵᠢᠯᠣᠭᠣᠳᠴᠤ᠌ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠯᠤᠭ᠎ᠠ ᠢᠳᠡᠪᠬᠢᠲᠡᠶ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠪᠤᠬᠢᠷᠳᠤᠯ ᠦᠬᠡᠢ ᠮᠥᠩᠭᠥᠨ ᠭᠦᠶ᠋ᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号