ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ 2025 ᠤᠨ ᠳ᠋ᠤ ᠮᠠᠨ ᠤ᠋ ᠤᠷᠤᠨ ᠬᠢᠨᠠᠯᠳᠠ ᠬᠠᠮᠢᠶᠠᠷᠤᠯᠳᠠ ᠶ᠋ᠢᠨ ᠦᠢᠯᠡᠴᠢᠯᠡᠭᠡᠨ ᠤ᠋ ᠳᠤᠭᠳᠠᠴᠠ ᠪᠡᠨ ᠪᠦᠬᠦ ᠲᠠᠯ᠎ᠠ ᠪᠡᠷ ᠰᠢᠯᠢᠳᠡᠭᠵᠢᠭᠦᠯᠦᠨ᠂ ᠡᠮ ᠤ᠋ᠨ ᠵᠦᠢᠯᠡᠰ ᠤ᠋ᠨ ᠬᠦᠷᠢᠶᠡᠨ ᠤ᠋ ᠠᠵᠤ ᠠᠬᠤᠢᠯᠠᠯ ᠳ᠋ᠤ ᠬᠤᠯᠪᠤᠭᠳᠠᠬᠤ ᠪᠠᠢᠴᠠᠭᠠᠯᠳᠠ ᠶ᠋ᠢ 16.1% ᠪᠡᠷ ᠪᠠᠭᠤᠷᠠᠭᠤᠯᠵᠤ᠂ ᠠᠵᠤ ᠠᠬᠤᠢᠯᠠᠯ ᠤ᠋ᠨ ᠳᠠᠷᠤᠭᠠᠰᠤ ᠶ᠋ᠢ ᠮᠡᠳᠡᠭᠳᠡᠮ᠎ᠠ ᠬᠦᠩᠭᠡᠷᠡᠭᠦᠯᠦᠨ᠂ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠪᠠ᠃
ᠤᠢᠯᠠᠭᠠᠭᠰᠠᠨ ᠶ᠋ᠢᠡᠷ᠂ 2025 ᠤᠨ ᠳ᠋ᠤ ᠮᠠᠨ ᠤ᠋ ᠤᠷᠤᠨ ᠡᠮ ᠤ᠋ᠨ ᠵᠦᠢᠯᠡᠰ ᠤ᠋ᠨ ᠬᠦᠷᠢᠶᠡᠨ ᠤ᠋ ᠠᠵᠤ ᠠᠬᠤᠢᠯᠠᠯ ᠳ᠋ᠤ ᠬᠤᠯᠪᠤᠭᠳᠠᠬᠤ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠪᠠᠢᠴᠠᠭᠠᠯᠳᠠ ᠶ᠋ᠢ ᠴᠢᠩᠭ᠎ᠠ ᠳᠦᠷᠢᠮᠵᠢᠭᠦᠨ ᠦᠷᠨᠢᠭᠦᠯᠵᠤ᠂ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠵᠦᠢᠯᠡᠰ᠂ ᠪᠠᠢᠴᠠᠭᠠᠬᠤ ᠵᠦᠢᠯᠡᠰ ᠤ᠋ᠨ ᠨᠠᠷᠢᠨ ᠳᠠᠩᠰᠠ ᠭᠠᠷᠭᠠᠨ᠂ 《ᠺᠤᠳ᠋ ᠰᠢᠷᠪᠢᠨ ᠠᠵᠤ ᠠᠬᠤᠢᠯᠠᠯ ᠳ᠋ᠤ ᠤᠷᠤᠬᠤ》᠂ 《ᠬᠠᠮᠳᠤᠷᠠᠭᠤᠯᠤᠨ ᠪᠠᠢᠴᠠᠭᠠᠬᠤ》 ᠶ᠋ᠢ ᠪᠦᠬᠦ ᠲᠠᠯ᠎ᠠ ᠪᠡᠷ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ᠋ ᠱᠠᠳᠤᠨ ᠤ᠋ ᠠᠵᠤ ᠠᠬᠤᠢᠯᠠᠯ ᠳ᠋ᠤ ᠬᠤᠯᠪᠤᠭᠳᠠᠬᠤ ᠪᠠᠢᠴᠠᠭᠠᠯᠳᠠ ᠳ᠋ᠤ ᠲᠤᠬᠠᠢ ᠶ᠋ᠢᠨ ᠲᠠᠯᠠᠪᠤᠷ ᠤ᠋ᠨ ᠪᠤᠰᠤ ᠪᠠᠢᠴᠠᠭᠠᠯᠳᠠ 13.2% ᠢ᠋ ᠡᠵᠡᠯᠡᠵᠤ᠂ ᠬᠠᠮᠳᠤᠷᠠᠭᠤᠯᠤᠭᠰᠠᠨ ᠪᠠᠢᠴᠠᠭᠠᠯᠳᠠ 30% ᠶ᠋ᠢ ᠳᠠᠪᠠᠵᠤ᠂ ᠠᠵᠤ ᠠᠬᠤᠢᠯᠠᠯ ᠳ᠋ᠤ ᠬᠦᠷᠴᠤ ᠪᠠᠢᠴᠠᠭᠠᠭᠰᠠᠨ ᠳᠠᠪᠳᠠᠮᠵᠢ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 41% ᠪᠡᠷ ᠪᠠᠭᠤᠷᠠᠵᠠᠢ᠃ ᠡᠭᠦᠨ ᠤ᠋ ᠬᠠᠮᠳᠤ ᠵᠠᠰᠠᠭ ᠵᠠᠬᠢᠷᠭᠠᠨ ᠤ᠋ ᠬᠢᠨᠠᠨ ᠵᠦᠪᠰᠢᠶᠡᠷᠡᠯ ᠤ᠋ᠨ ᠶᠠᠰᠤ ᠴᠢᠨᠠᠷ ᠦᠷ᠎ᠠ ᠪᠦᠲᠦᠮᠵᠢ ᠶ᠋ᠢ ᠤᠯᠠᠮ ᠳᠡᠭᠡᠭᠰᠢᠯᠡᠭᠦᠯᠵᠦ᠂ 111 ᠵᠦᠢᠯ ᠤ᠋ᠨ ᠶᠠᠪᠤᠳᠠᠯ ᠤ᠋ᠨ ᠬᠢᠨᠠᠨ ᠪᠠᠢᠴᠠᠭᠠᠬᠤ ᠳ᠋ᠤ ᠬᠡᠷᠡᠭᠰᠡᠬᠦ ᠴᠠᠭ ᠢ᠋ 54.5% ᠪᠡᠷ ᠪᠤᠭᠤᠨᠢᠰᠬᠠᠨ᠂ ᠬᠢᠨᠡᠨ ᠵᠦᠪᠰᠢᠶᠡᠷᠡᠬᠦ ᠠᠬᠢᠴᠠ ᠶ᠋ᠢ ᠪᠠᠢᠴᠠᠭᠠᠨ ᠦᠵᠡᠬᠦ ᠠᠷᠭ᠎ᠠ ᠵᠠᠮ ᠭᠠᠷᠭᠠᠵᠤ᠂ ᠰᠦᠯᠵᠢᠶᠡᠨ ᠳᠡᠭᠡᠷᠡᠬᠢ ᠠᠰᠠᠭᠤᠯᠳᠠ ᠬᠠᠷᠢᠭᠤᠯᠳᠠ ᠶ᠋ᠢᠨ ᠬᠦᠮᠦᠷᠭᠡ ᠭᠠᠷᠭᠠᠨ᠂ 200 ᠭᠠᠷᠤᠢ ᠵᠤᠷᠪᠤᠰ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠨᠡᠢᠳᠡᠯᠡᠵᠦ᠂ ᠮᠡᠷᠭᠡᠵᠢᠯ ᠤ᠋ᠨ ᠰᠠᠯᠠᠭ᠎ᠠ ᠮᠦᠴᠢᠷ ᠤ᠋ᠨ ᠲᠤᠰᠬᠠᠢ ᠮᠡᠷᠭᠡᠵᠢᠯ ᠤ᠋ᠨ ᠳᠠᠪᠠᠭᠤᠯᠢᠭ ᠲᠤ᠌ ᠲᠦᠰᠢᠭᠯᠡᠨ ᠠᠵᠤ ᠠᠬᠤᠢᠯᠠᠯ ᠤ᠋ᠨ ᠬᠦᠴᠢᠷ ᠲᠦᠪᠡᠭ ᠠᠰᠠᠭᠤᠳᠠᠯ ᠢ᠋ ᠰᠢᠢᠳᠪᠤᠷᠢᠯᠡᠪᠡ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠᠰᠠ ᠠᠵᠤ ᠠᠬᠤᠢᠯᠠᠯ ᠤ᠋ᠨ ᠬᠦᠭᠵᠢᠯᠳᠡ ᠳ᠋ᠤ ᠰᠠᠨᠠᠭᠠᠴᠢᠯᠠᠭ᠎ᠠ ᠡᠴᠡ ᠪᠡᠨ ᠦᠢᠯᠡᠴᠢᠯᠡᠵᠦ᠂ 136 ᠠᠵᠤ ᠠᠬᠤᠢᠯᠠᠯ ᠤ᠋ᠨ 27 ᠭᠤᠤᠯᠳᠠᠯᠭ᠎ᠠ ᠲᠠᠢ ᠲᠦᠷᠦᠯ ᠵᠦᠢᠯ ᠳ᠋ᠤ ᠬᠤᠯᠪᠤᠭᠳᠠᠬᠤ 《ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠠᠵᠤ ᠦᠢᠯᠡᠰ ᠤ᠋ᠨ ᠲᠦᠷᠦᠯ ᠵᠦᠢᠯ ᠤ᠋ᠨ ᠨᠠᠷᠢᠨ ᠳᠠᠩᠰᠠ》᠂ 《ᠠᠵᠤ ᠠᠬᠤᠢᠯᠠᠯ ᠤ᠋ᠨ ᠬᠦᠭᠵᠢᠯᠳᠡ ᠳ᠋ᠤ ᠦᠢᠯᠡᠴᠢᠯᠡᠬᠦ ᠨᠠᠷᠢᠨ ᠳᠠᠩᠰᠠ》 ᠶ᠋ᠢ ᠪᠠᠢᠭᠤᠯᠵᠠᠢ᠃ ᠪᠦᠬᠦ ᠵᠢᠯ ᠳ᠋ᠤ 49 ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠲᠤ᠌ ᠵᠠᠰᠠᠪᠤᠷᠢ ᠤᠷᠤᠭᠤᠯᠬᠤ ᠠᠵᠢᠯ ᠢ᠋ ᠠᠬᠢᠭᠤᠯᠵᠤ᠂ 2 ᠵᠦᠢᠯ ᠤ᠋ᠨ ᠬᠢᠲᠠᠳ ᠡᠮ ᠡᠮᠴᠢᠯᠡᠭᠡᠨ ᠤ᠋ ᠲᠤᠷᠰᠢᠯᠳᠠ ᠶ᠋ᠢᠨ ᠱᠠᠳᠤᠨ ᠳ᠋ᠤ ᠤᠷᠤᠵᠤ᠂ 1 ᠡᠮᠴᠢᠯᠡᠭᠡᠨ ᠤ᠋ ᠪᠠᠢᠭᠤᠯᠤᠮᠵᠢ ᠬᠢᠲᠠᠳ ᠰᠢᠨ᠎ᠠ ᠡᠮ ᠢ᠋ ᠰᠤᠳᠤᠯᠤᠨ ᠦᠢᠯᠡᠳᠬᠦ ᠠᠵᠢᠯᠯᠠᠭ᠎ᠠ ᠦᠷᠨᠢᠭᠦᠯᠦᠨ᠂ 1 ᠭᠤᠶᠤᠯᠠᠯ ᠤ᠋ᠨ ᠡᠳ᠋ ᠤ᠋ᠨ ᠰᠢᠨ᠎ᠠ ᠲᠦᠬᠦᠭᠡᠢ ᠮᠠᠲᠧᠷᠢᠶᠠᠯ ᠰᠢᠯᠭᠠᠨ ᠪᠠᠢᠴᠠᠭᠠᠬᠤ ᠬᠤᠭᠤᠴᠠᠭ᠎ᠠ ᠳ᠋ᠤ ᠤᠷᠤᠵᠤ᠂ ᠴᠤᠬᠤᠷ ᠢ᠋ ᠠᠷᠢᠯᠭᠠᠨ ᠴᠠᠢᠷᠠᠭᠤᠯᠬᠤ ᠴᠢᠳᠠᠮᠵᠢ ᠶ᠋ᠢᠨ ᠭᠤᠶᠤᠯᠠᠯ ᠤ᠋ᠨ ᠡᠳ᠋ ᠢ᠋ ᠠᠮᠵᠢᠯᠳᠠ ᠲᠠᠢ 5 ᠳᠠᠩᠰᠠᠯᠠᠭᠤᠯᠤᠨ᠂ ᠪᠦᠬᠦ ᠤᠷᠤᠨ ᠤ᠋ ᠠᠩᠬ᠎ᠠ ᠤᠳᠠᠭ᠎ᠠ ᠳᠠᠩᠰᠠᠯᠠᠭᠤᠯᠵᠤ ᠪᠠᠢᠭ᠎ᠠ ᠬᠤᠶᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠡᠮᠵᠢᠶ᠎ᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 200% ᠪᠡᠷ ᠨᠡᠮᠡᠭᠳᠡᠭᠰᠡᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号