ᠦᠪᠦᠷ ᠮᠤᠡᠭᠭᠤᠯ 4871 ᠤᠰᠤᠨ ᠠᠱᠢᠭ᠍ᠯᠠᠯᠲᠠ ᠢ᠋ᠢᠨ ᠪᠠᠷᠢᠯᠭ᠎ᠠ ᠢ᠋ᠢ ᠱᠢᠨ᠎ᠡ ᠪᠡᠷ ᠡᠬᠢᠯᠡᠭᠦᠯᠪᠠ
2026-03-04 09:57:54
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠮᠠᠨ ᠤ᠋ ᠤᠷᠤᠨ 《ᠤᠰᠤ ᠠᠷᠪᠢᠯᠠᠬᠤ ᠢ᠋ᠢ ᠤᠷᠢᠳ ᠢ᠋ᠢᠡᠷ ᠪᠣᠳᠣᠯᠬᠢᠯᠠᠬᠤ᠂ ᠣᠷᠣᠨ ᠵᠠᠶ ᠢ᠋ᠢ ᠲᠡᠩᠴᠡᠭᠦᠷᠢᠲᠡᠶ ᠪᠠᠢᠯᠭᠠᠬᠤ᠂ ᠱᠢᠰᠲ᠋ᠧᠮ ᠲᠠᠢ ᠵᠠᠰᠠᠬᠤ᠂ ᠬᠣᠶᠠᠷ ᠲᠠᠯ᠎ᠠ ᠪᠡᠷ ᠬᠦᠴᠦᠯᠡᠬᠦ᠌》 ᠤᠰᠤ ᠵᠠᠰᠠᠬᠤ ᠰᠡᠳᠭᠢᠮᠵᠢ ᠢ᠋ᠢ ᠭᠦᠨᠵᠡᠭᠡᠢ ᠨᠠᠢᠳᠠᠪᠤᠷᠢᠵᠢᠭᠤᠯᠵᠤ᠂ ᠤᠰᠤᠨ ᠠᠱᠢᠭ᠍ᠯᠠᠯᠲᠠ ᠢ᠋ᠢᠨ ᠰᠠᠭᠤᠷᠢ ᠲᠦᠬᠦᠭᠡᠷᠦᠮᠵᠢ ᠢ᠋ᠢᠨ ᠪᠦᠲᠦᠭᠡᠨ ᠪᠠᠢᠭᠤᠯᠤᠯᠲᠠ ᠢ᠋ᠢ ᠡᠷᠴᠢᠮᠲᠠᠢ ᠠᠬᠢᠭᠤᠯᠤᠨ᠂ 4871 ᠤᠰᠤᠨ ᠠᠱᠢᠭ᠍ᠯᠠᠯᠲᠠ ᠢ᠋ᠢᠨ ᠪᠠᠷᠢᠯᠭ᠎ᠠ ᠢ᠋ᠢ ᠱᠢᠨ᠎ᠡ ᠪᠡᠷ ᠡᠬᠢᠯᠡᠭᠦᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠮᠠᠨ ᠤ᠋ ᠤᠷᠤᠨ ᠵᠠᠰᠠᠭ ᠤ᠋ᠨ ᠣᠷᠳᠣᠨ ᠬᠢᠭᠡᠳ ᠵᠠᠬ᠎ᠠ ᠳᠡᠯᠭᠡᠭᠦᠷ ᠤ᠋ᠨ 《ᠬᠣᠶᠠᠷ ᠲᠠᠯ᠎ᠠ ᠪᠡᠷ ᠬᠦᠴᠦᠯᠡᠬᠦ᠌》 ᠦᠢᠯᠡᠳᠦᠯ ᠢ᠋ ᠭᠦᠢᠴᠡᠳ ᠪᠠᠳᠠᠷᠠᠭᠤᠯᠵᠤ᠂ ᠨᠡᠢᠳᠡ 750 ᠳ᠋ᠦᠩᠱᠢᠭᠤᠷ ᠲᠥᠭᠥᠷᠢᠭ ᠤ᠋ᠨ ᠤᠰᠤᠨ ᠠᠱᠢᠭ᠍ᠯᠠᠯᠲᠠ ᠢ᠋ᠢᠨ ᠪᠠᠯᠠ ᠣᠷᠣᠭᠤᠯᠤᠯᠲᠠ ᠢ᠋ᠢ ᠨᠠᠢᠳᠠᠪᠤᠷᠢᠵᠢᠭᠤᠯᠤᠨ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ᠎ᠬᠢ ᠡᠴᠡ 8.5% ᠪᠠᠷ ᠨᠡᠮᠡᠭ᠌ᠳᠡᠵᠠᠢ᠃ ᠤᠰᠤᠨ ᠠᠱᠢᠭ᠍ᠯᠠᠯᠲᠠ ᠢ᠋ᠢᠨ ᠪᠡᠯᠡ ᠣᠷᠣᠭᠤᠯᠤᠯᠲᠠ ᠳ᠋ᠠᠬᠢ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠲᠤᠰᠭᠠᠶ ᠵᠢᠭᠡᠯᠡᠯᠭᠡ᠂ ᠮᠥᠩᠭᠥᠨ ᠭᠦᠢᠯᠭᠡᠭᠡᠨ ᠤ᠋ ᠢᠲᠡᠭᠡᠮᠵᠢᠲᠦ ᠵᠢᠭᠡᠯᠡᠯᠭᠡ᠂ ᠨᠡᠢᠭᠡᠮ ᠤ᠋ᠨ ᠬᠥᠷᠥᠩᠭᠡ ᠢ᠋ᠢᠨ ᠡᠵᠡᠯᠡᠬᠦ᠌ ᠬᠠᠷᠢᠴᠠᠯ ᠨᠢ 20% ᠪᠠᠢᠭ᠍ᠰᠠᠨ ᠡᠴᠡ 32% ᠪᠣᠯᠤᠨ ᠳᠡᠭᠡᠭ᠌ᠰᠢᠯᠡᠵᠤ᠂ ᠲᠥᠪ ᠤ᠋ᠨ ᠤᠰᠤᠨ ᠠᠱᠢᠭ᠍ᠯᠠᠯᠲᠠ ᠢ᠋ᠢᠨ ᠬᠥᠭ᠌ᠵᠢᠭᠦᠯᠦᠯᠲᠡ ᠢ᠋ᠢᠨ ᠪᠠᠯᠠ ᠮᠥᠩᠭᠥ ᠢ᠋ᠢᠨ ᠲᠥᠷᠥᠯ ᠵᠦᠶ᠋ᠯ ᠤ᠋ᠨ ᠣᠷᠣᠨ ᠨᠤᠲᠤᠭ ᠤ᠋ᠨ ᠢᠵᠢ ᠪᠦᠷᠢᠳᠦᠭᠦᠯᠬᠦ᠌ ᠪᠠᠯᠠ ᠮᠥᠩᠭᠥ ᠢ᠋ᠢ ᠪᠥᠬᠥ᠌ ᠲᠠᠯ᠎ᠠ ᠪᠡᠷ ᠬᠦᠴᠦᠨ ᠥᠬᠡᠶ ᠪᠣᠯᠭᠠᠵᠤ᠂ ᠦᠨᠳᠦᠰᠦᠨ ᠱᠠᠲᠤᠨ ᠤ᠋ ᠳᠠᠷᠤᠭᠠᠰᠤ ᠢ᠋ᠢ 14.2 ᠳ᠋ᠦᠩᠱᠢᠭᠤᠷ ᠲᠥᠭᠥᠷᠢᠭ ᠬᠥᠩᠭᠡᠷᠡᠭᠦᠯᠪᠡ᠃

ᠤᠢᠯᠠᠭᠠᠭᠰᠠᠨ ᠢ᠋ᠢᠡᠷ᠂ ᠮᠠᠨ ᠤ᠋ ᠤᠷᠤᠨ ᠤᠰᠤᠨ ᠠᠱᠢᠭ᠍ᠯᠠᠯᠲᠠ ᠢ᠋ᠢᠨ ᠰᠠᠭᠤᠷᠢ ᠲᠥᠬᠥᠭᠡᠷᠦᠮᠵᠢ ᠢ᠋ᠢᠨ ᠪᠠᠢᠷᠢᠱᠢᠭᠤᠯᠤᠯᠲᠠ᠂ ᠪᠦᠲᠦᠴᠡ᠂ ᠴᠢᠳᠠᠮᠵᠢ ᠪᠠ ᠱᠢᠰᠲ᠋ᠧᠮ ᠤ᠋ᠨ ᠪᠦᠯᠦᠭᠵᠢᠯ ᠢ᠋ ᠲᠦᠷᠭᠡᠳᠭᠡᠨ ᠱᠢᠯᠢᠳᠡᠭ᠌ᠵᠢᠭᠦᠯᠵᠤ᠂ 2025 ᠣᠨ ᠤ᠋ ᠰᠡᠭᠦᠯᠴᠢ ᠪᠣᠯᠲᠠᠯ᠎ᠠ ᠪᠥᠬᠥ᠌ ᠣᠷᠣᠨ ᠳ᠋ᠤ ᠨᠡᠢᠲᠡ 468 ᠤᠰᠤᠨ ᠴᠥᠭᠥᠷᠥᠮ᠂ 121 ᠲᠣᠮᠣ ᠳᠤᠮᠳᠠ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ᠂ 6.18 ᠲᠦᠮᠡᠨ ᠵᠢᠵᠢᠭ ᠴᠥᠭᠥᠷᠥᠮ ᠪᠠᠢᠭᠤᠯᠵᠤ᠂ ᠤᠰᠤᠨ ᠠᠱᠢᠭ᠍ᠯᠠᠯᠲᠠ ᠢ᠋ᠢᠨ ᠰᠠᠭᠤᠷᠢ ᠲᠦᠬᠦᠭᠡᠷᠦᠮᠵᠢ ᠢ᠋ᠢᠨ ᠱᠢᠰᠲ᠋ᠧᠮ ᠢ᠋ ᠤᠯᠠᠮ ᠲᠡᠭᠦᠯᠳᠡᠷᠵᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号