ᠰᠤᠷᠪᠤᠯᠵᠢᠯᠠᠬᠴᠢ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠤᠢᠯᠠᠭᠠᠬᠰᠠᠨ ᠢ᠋ᠶ᠋ᠡᠷ᠂ ᠲᠤᠰ ᠲᠤᠪᠴᠢᠶ᠎ᠠ ᠶ᠋ᠢᠨ ᠬᠢᠨ 《ᠬᠣᠶᠠᠷ ᠬᠣᠪᠣᠷ ᠱᠢᠷᠣᠶ ᠶ᠋ᠢᠨ ᠰᠠᠭᠤᠷᠢᠨ》 ᠢ᠋ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠵᠢ ᠭᠦᠨᠵᠡᠭᠡᠶ ᠲᠤᠭᠤᠱᠢᠯᠠᠭᠤᠯᠵᠤ᠂ ᠬᠣᠪᠣᠷ ᠱᠢᠷᠣᠶ ᠶ᠋ᠢᠨ ᠠᠵᠤ ᠦᠶ᠋ᠯᠡᠰ ᠤ᠋ᠨ ᠪᠥᠬᠥ᠌ ᠬᠡᠯᠬᠢᠶᠡᠨ ᠤ᠋ ᠬᠡᠮᠵᠢᠯᠲᠡ ᠪᠠᠷᠢᠮᠵᠢᠶ᠎ᠠ ᠭᠡᠷᠡᠴᠢᠯᠡᠯ ᠤ᠋ᠨ ᠱᠢᠰᠲ᠋ᠧᠮ ᠢ᠋ ᠲᠡᠭᠦᠯᠳᠡᠷᠵᠢᠭᠦᠯᠬᠦ᠌ ᠪᠡᠷ ᠭᠠᠷᠳᠠᠴᠠ ᠪᠣᠯᠭᠠᠵᠤ᠂ ᠬᠣᠪᠣᠷ ᠱᠢᠷᠣᠶ ᠶ᠋ᠢᠨ ᠠᠵᠤ ᠦᠶ᠋ᠯᠡᠰ ᠤ᠋ᠨ ᠦᠨᠳᠦᠷ ᠲᠦᠪᠰᠢᠨᠵᠢᠭᠰᠡᠨ᠂ ᠤᠶᠤᠨᠴᠢᠯᠠᠬᠰᠠᠨ᠂ ᠪᠤᠬᠢᠷᠲᠤᠯ ᠦᠭᠡᠢ ᠬᠥᠭ᠌ᠵᠢᠯᠲᠡ ᠳ᠋ᠤ ᠪᠠᠲᠤ ᠪᠠᠬᠢ ᠬᠡᠮᠵᠢᠯᠲᠡ ᠶ᠋ᠢᠨ ᠲᠤᠯᠭᠠᠭᠤᠷᠢᠯᠠᠯ ᠬᠠᠩᠭᠠᠵᠤ ᠪᠠᠢᠨ᠎ᠠ᠃
ᠤᠯᠤᠰ ᠤ᠋ᠨ ᠬᠣᠪᠣᠷ ᠱᠢᠷᠣᠶ ᠶ᠋ᠢᠨ ᠴᠢᠳᠠᠮᠵᠢᠲᠤ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠢ᠋ ᠪᠡᠯᠡᠳᠭᠡᠨ ᠪᠠᠢᠭᠤᠯᠵᠤ᠂ ᠨᠠᠷᠢᠯᠢᠭ ᠭᠸᠤᠮᠸᠲ᠋ᠷᠢ ᠵᠢᠨ ᠬᠡᠮᠵᠢᠶ᠎ᠡ ᠵᠡᠷᠭᠡ 9 ᠲᠤᠰᠭᠠᠶ ᠮᠡᠷᠭᠡᠵᠢᠯ ᠤ᠋ᠨ ᠬᠦᠷᠢᠶ᠎ᠡ ᠴᠠᠷᠠᠭ᠎ᠠ ᠶ᠋ᠢᠨ 93 ᠵᠦᠶ᠋ᠯ ᠤ᠋ᠨ ᠨᠡᠢᠭᠡᠮ ᠨᠡᠢᠲᠡ ᠶ᠋ᠢᠨ ᠬᠡᠷᠡᠭ᠌ᠯᠡᠭᠡᠨ ᠤ᠋ ᠬᠡᠮᠵᠢᠯᠲᠡ ᠶ᠋ᠢᠨ ᠪᠠᠷᠢᠮᠵᠢᠶ᠎ᠠ ᠵᠢ ᠱᠢᠨ᠎ᠡ ᠪᠡᠷ ᠨᠡᠮᠡᠭ᠌ᠳᠡᠭᠦᠯᠵᠦ᠍᠂ CNAS (ᠳᠤᠮᠳᠠᠳᠤ ᠤᠯᠤᠰ ᠤ᠋ᠨ ᠬᠢᠷᠢ ᠲᠡᠨᠭᠴᠡᠬᠦ ᠵᠢ ᠦᠨᠡᠯᠡᠨ ᠲᠤᠬᠲᠠᠭᠠᠬᠤ ᠤᠯᠤᠰ ᠤ᠋ᠨ ᠵᠦᠪᠰᠢᠶᠡᠷᠡᠯ ᠤ᠋ᠨ ᠵᠦᠪᠯᠡᠯ) ᠡᠴᠡ ᠮᠡᠳᠡᠷᠡᠭᠰᠡᠨ 108 ᠵᠦᠶ᠋ᠯ ᠤ᠋ᠨ ᠰᠢᠯᠭᠠᠬᠤ ᠴᠢᠳᠠᠪᠤᠷᠢ ᠵᠢᠴᠢ 302 ᠪᠤᠯᠵᠤᠯᠲᠤ ᠲᠤᠭ᠎ᠠ ᠵᠢ ᠪᠠᠢᠴᠠᠭᠠᠨ ᠬᠡᠮᠵᠢᠬᠦ ᠴᠢᠳᠠᠪᠤᠷᠢ ᠵᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ᠋ ᠰᠣᠷᠢᠨᠵᠢᠨ ᠪᠤᠯᠵᠤᠯᠲᠤ ᠬᠡᠮᠵᠢᠭᠳᠡᠬᠦᠨ᠂ ᠬᠣᠭᠣᠰᠣᠮ᠂ ᠬᠡᠯᠪᠡᠯᠵᠡᠯᠲᠡ᠂ ᠰᠠᠴᠤᠷᠠᠭ ᠬᠡᠷᠡᠯ ᠤ᠋ᠨ ᠬᠦᠴᠦᠯᠡᠴᠡ ᠵᠡᠷᠭᠡ ᠣᠯᠠᠨ ᠵᠦᠶ᠋ᠯ ᠤ᠋ᠨ ᠬᠡᠮᠵᠢᠨ ᠱᠢᠯᠭᠠᠬᠤ ᠴᠢᠳᠠᠪᠤᠷᠢ ᠶ᠋ᠢᠨ ᠲᠠᠯ᠎ᠠ ᠶ᠋ᠢᠨ ᠮᠡᠷᠭᠡᠵᠢᠯ ᠤ᠋ᠨ ᠬᠣᠭᠣᠰᠣᠨ ᠢ᠋ ᠨᠥᠬᠥᠪᠥᠷᠢᠯᠡᠪᠡ᠃ ᠪᠠᠷᠢᠮᠵᠢᠶᠠᠵᠢᠭᠤᠯᠤᠯᠲᠠ ᠪᠠ ᠵᠢᠷᠤᠮᠵᠢᠯ ᠤ᠋ᠨ ᠰᠢᠰᠲᠸᠮ ᠢ᠋ ᠪᠦᠷᠢᠨᠰᠢᠭᠦᠯᠵᠦ᠂ ᠳᠤᠮᠳᠠᠳᠤ ᠤᠯᠤᠰ ᠤ᠋ᠨ ᠬᠡᠮᠵᠢᠯᠲᠡ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠵᠡᠷᠭᠡ ᠪᠠᠢᠭᠤᠯᠤᠮᠵᠢ ᠲᠠᠢ ᠬᠠᠮᠲᠤᠷᠠᠨ 4 ᠵᠦᠢᠯ ᠤ᠋ᠨ ᠤᠯᠤᠰ ᠤ᠋ᠨ ᠪᠠᠷᠢᠮᠵᠢᠶ᠎ᠠ ᠵᠢ ᠨᠡᠢᠲᠡᠯᠡᠵᠦ᠍᠂ ᠬᠣᠪᠣᠷ ᠱᠢᠷᠣᠶ ᠶ᠋ᠢᠨ ᠴᠢᠳᠠᠮᠵᠢᠲᠤ ᠮᠠᠲ᠋ᠧᠷᠢᠶᠠᠯ ᠤ᠋ᠨ ᠠᠵᠤ ᠦᠢᠯᠡᠰ ᠤ᠋ᠨ ᠬᠡᠮᠵᠢᠯᠲᠡ ᠶ᠋ᠢᠨ ᠮᠡᠷᠭᠡᠵᠢᠯ ᠤ᠋ᠨ ᠵᠥᠪᠯᠡᠯ ᠳ᠋ᠤ ᠲᠦᠱᠢᠭ᠌ᠯᠡᠨ ᠥᠪᠡᠷᠲᠡᠭᠡᠨ ᠵᠠᠰᠠᠬᠤ ᠣᠷᠣᠨ ᠤ᠋ ᠬᠡᠮᠵᠢᠯᠲᠡ ᠶ᠋ᠢᠨ ᠮᠡᠷᠭᠡᠵᠢᠯ ᠤ᠋ᠨ ᠵᠢᠷᠤᠮᠵᠢᠯ ᠢ᠋ 28 ᠵᠦᠶ᠋ᠯ ᠲᠣᠭ᠍ᠲᠠᠭᠠᠪᠠ᠃ ᠪᠡᠶ᠎ᠡ ᠪᠠᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠲᠠᠢ ᠪᠠᠷᠢᠮᠵᠢᠶᠠᠲᠤ ᠲᠣᠨᠣᠭ᠍ᠯᠠᠯ ᠵᠡᠷᠭᠡ ᠭᠤᠤᠯᠯᠠᠬᠤ ᠲᠥᠬᠥᠭᠡᠷᠦᠮᠵᠢ ᠵᠢ ᠰᠤᠳᠤᠯᠦᠨ ᠦᠢᠯᠡᠳᠴᠦ᠂ ᠮᠡᠷᠭᠡᠵᠢᠯ ᠤ᠋ᠨ ᠬᠦᠴᠢᠷ ᠠᠰᠠᠭᠤᠳᠠᠯ ᠢ᠋ ᠰᠢᠢᠳᠪᠦᠷᠢᠯᠡᠵᠦ᠂ ᠪᠡᠶ᠎ᠡ ᠪᠠᠨ ᠳᠠᠭᠠᠭᠠᠬᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠰᠢᠰᠲᠸᠮ ᠢ᠋ ᠪᠦᠷᠢᠯᠳᠦᠭᠦᠯᠪᠡ᠃ 《ᠪᠤᠭᠤᠳᠤ ᠶ᠋ᠢᠨ ᠠᠵᠤ ᠠᠬᠤᠢᠯᠠᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠨᠢᠭᠡ ᠦᠷᠲᠡᠭᠡᠴᠢᠯᠡᠭᠰᠡᠨ ᠬᠡᠯᠪᠡᠷᠢ ᠶ᠋ᠢᠨ ᠦᠢᠯᠡᠴᠢᠯᠡᠭᠡᠨ ᠤ᠋ ᠲᠠᠪᠴᠠᠩ》 ᠢ᠋ ᠪᠠᠢᠭᠤᠯᠤᠨ᠂ 3000 ᠠᠵᠤ ᠠᠬᠤᠢᠯᠠᠯᠳᠤ 《ᠨᠢᠭᠡ ᠥᠷᠲᠡᠭᠡᠴᠢᠯᠡᠭᠰᠡᠨ ᠬᠡᠯᠪᠡᠷᠢ ᠶ᠋ᠢᠨ》 ᠦᠶ᠋ᠯᠡᠴᠢᠯᠡᠭᠡ ᠵᠢ 5 ᠲᠦᠮᠡ ᠭᠠᠷᠤᠶ ᠵᠦᠶ᠋ᠯ ᠤᠳᠠᠭ᠎ᠠ ᠬᠠᠩᠭᠠᠵᠤ᠂ ᠬᠡᠮᠵᠢᠯᠲᠡ ᠶ᠋ᠢᠨ ᠲᠤᠭ᠎ᠠ ᠪᠠᠷᠢᠮᠲᠠ ᠵᠢ ᠠᠭᠤᠰᠤᠯᠴᠠᠭᠤᠯᠤᠨ ᠬᠠᠮᠲᠤ ᠪᠠᠷ ᠬᠦᠷᠲᠡᠬᠦ ᠵᠢ ᠠᠬᠢᠭᠤᠯᠪᠠ᠃
ᠣᠳᠣᠬᠠᠨ ᠪᠣᠯᠲᠠᠯ᠎ᠠ᠂ ᠦᠪᠦᠷ ᠮᠤᠨᠭᠭᠤᠯ ᠨᠢᠭᠡᠨᠲᠡ ᠬᠣᠪᠣᠷ ᠱᠢᠷᠣᠶ ᠶ᠋ᠢᠨ ᠮᠠᠲ᠋ᠧᠷᠢᠶᠠᠯ ᠢ᠋ ᠰᠤᠳᠤᠯᠤᠨ ᠨᠡᠭᠡᠭᠡᠬᠦ᠌᠂ ᠦᠶ᠋ᠯᠡᠳᠪᠦᠷᠢᠯᠡᠬᠦ᠌᠂ ᠬᠡᠷᠡᠭ᠌ᠯᠡᠬᠦ᠌ ᠪᠥᠬᠥ᠌ ᠬᠡᠯᠬᠢᠶ᠎ᠡ ᠵᠢ ᠬᠠᠮᠤᠷᠤᠭ᠍ᠰᠠᠨ ᠬᠡᠮᠵᠢᠯᠲᠡ᠂ ᠪᠠᠷᠢᠮᠵᠢᠶ᠎ᠠ᠂ ᠭᠡᠷᠡᠴᠢᠯᠡᠯ ᠪᠠ ᠮᠡᠷᠭᠡᠵᠢᠯ ᠤ᠋ᠨ ᠱᠢᠨ᠎ᠡ ᠵᠢ ᠡᠭᠦᠳᠬᠦ᠌ ᠦᠶ᠋ᠯᠡᠴᠢᠯᠡᠭᠡᠨ ᠤ᠋ ᠱᠢᠰᠲ᠋ᠧᠮ ᠢ᠋ ᠠᠩᠬ᠎ᠠ ᠠᠯᠬᠤᠮ ᠪᠠᠢᠭᠤᠯᠵᠤ᠂ ᠠᠵᠤ ᠦᠶ᠋ᠯᠡᠰ ᠤ᠋ᠨ ᠬᠥᠭ᠌ᠵᠢᠯᠲᠡ ᠵᠢ ᠣᠷᠳᠣ ᠬᠤᠭᠤᠴᠠᠭ᠎ᠠ ᠪᠡᠷ ᠬᠢᠵᠠᠭᠠᠷᠯᠠᠵᠤ ᠪᠠᠢᠭ᠎ᠠ ᠬᠡᠮᠵᠢᠯᠲᠡ ᠶ᠋ᠢᠨ ᠬᠦᠴᠢᠷ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠨ᠂ 《ᠬᠣᠶᠠᠷ ᠬᠣᠪᠣᠷ ᠱᠢᠷᠣᠶ ᠶ᠋ᠢᠨ ᠰᠠᠭᠤᠷᠢᠨ》 ᠤ᠋ ᠪᠥᠲᠥᠭᠡᠨ ᠪᠠᠢᠭᠤᠯᠤᠯᠲᠠ ᠶ᠋ᠢᠨ ᠲᠠᠰᠤᠷᠠᠯᠲᠠ ᠥᠬᠡᠶ ᠱᠢᠨ᠎ᠡ ᠳᠡᠭ᠌ᠲᠡᠷ ᠲᠦ᠍ ᠭᠠᠷᠬᠤ ᠳ᠋ᠤ ᠬᠦᠴᠦᠨ ᠨᠡᠮᠡᠷᠢᠯᠡᠪᠡ᠃