ᠨᠡᠢᠭᠡᠮ᠎ᠦᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠴᠠᠲᠠᠶ ᠨᠠᠢᠳᠠᠪᠤᠷᠢᠵᠢᠭᠤᠯᠵᠤ᠂ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠬᠦ᠌᠎ᠶ᠋ᠢᠨ ᠲᠥᠯᠥᠭᠡ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠢᠷ᠎ᠠ᠎ᠳᠤ ᠪᠥᠬᠥ᠌ ᠬᠣᠲᠠ᠎ᠶ᠋ᠢᠨ ᠬᠥᠳᠡᠭᠡ ᠲᠣᠰᠭᠣᠨ᠎ᠳᠤ ᠨᠡᠢᠭᠡᠮ᠎ᠦᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠪᠡ᠃ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠵᠢᠯᠳᠠᠨ ᠡᠴᠡ ᠡᠯ᠎ᠡ ᠬᠣᠱᠢᠭᠤ ᠱᠢᠶᠠᠨ ᠲᠣᠭᠣᠷᠢᠭ ᠦ᠋ᠨ ᠲᠣᠰᠭᠣᠨ᠎ᠤ ᠠᠷᠠᠳ᠎ᠤᠨ ᠵᠥᠪᠯᠡᠯ᠎ᠳᠦ ᠪᠦᠯᠦᠭ ᠤᠳᠠᠭ᠎ᠠ ᠬᠤᠪᠢᠶᠠᠨ ᠬᠦᠷᠴᠦ᠍᠂ ᠵᠣᠭᠣᠭ ᠳᠡᠯᠭᠡᠬᠦ᠂ ᠠᠷᠠᠳ᠎ᠤᠨ ᠰᠠᠨᠠᠯ᠎ᠢ ᠰᠤᠨᠤᠰᠬᠤ ᠠᠷᠭ᠎ᠠ ᠬᠡᠯᠪᠡᠷᠢ᠎ᠪᠡᠷ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌᠂ ᠲᠦᠷ ᠴᠠᠭ ᠠᠪᠤᠷᠠᠨ ᠲᠤᠰᠠᠯᠠᠬᠤ ᠵᠡᠷᠭᠡ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠣᠯᠠᠨ ᠲᠦᠮᠡᠨ ᠳ᠋ᠤ ᠤᠬᠠᠭᠤᠯᠤᠨ ᠲᠠᠢᠯᠪᠤᠷᠢᠯᠡᠵᠤ᠂ ᠬᠦᠴᠢᠷᠳᠡᠯᠲᠡᠶ ᠣᠯᠠᠨ ᠲᠦᠮᠡᠨ᠎ᠦ ᠲᠥᠷᠥ᠎ᠶ᠋ᠢᠨ ᠪᠣᠳᠣᠯᠭ᠎ᠠ᠎ᠶ᠋ᠢ ᠮᠡᠳᠡᠬᠦ᠌ ᠬᠡᠮᠵᠢᠶ᠎ᠡ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠪᠡ᠃
ᠠᠵᠢᠯᠯᠠᠭ᠎ᠠ ᠲᠡᠭᠡᠷ᠎ᠡ ᠠᠵᠢᠯᠳᠠᠨ ᠡᠴᠡ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ 《ᠭᠤᠶᠤᠴᠢᠯᠠᠬᠤ ᠨᠥᠬᠥᠴᠡᠯ᠂ ᠣᠷᠣᠯᠭ᠎ᠠ ᠡᠳ᠋ ᠬᠥᠷᠥᠩᠭᠡ᠎ᠶ᠋ᠢ ᠲᠣᠭᠠᠴᠠᠭ᠎ᠠ ᠬᠢᠬᠦ᠌᠂ ᠠᠪᠤᠷᠠᠨ ᠲᠤᠰᠠᠯᠠᠬᠤ ᠮᠥᠩᠭᠥ᠌ ᠣᠯᠭᠣᠬᠤ》 ᠪᠠ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠌ ᠲᠦᠷᠦ ᠵᠢᠨ ᠪᠤᠳᠤᠯᠭ᠎ᠠ ᠵᠢᠨ 《ᠮᠠᠭᠠᠳᠯᠠᠨ ᠲᠣᠭ᠍ᠲᠠᠭᠠᠬᠤ ᠬᠡᠪᠴᠢᠶ᠎ᠡ᠂ ᠣᠯᠭᠣᠮᠵᠢ᠎ᠶ᠋ᠢᠨ ᠠᠭᠤᠯᠭ᠎ᠠ》 ᠶ᠋ᠢ ᠲᠤᠳᠤᠷᠬᠠᠢ ᠤᠢᠯᠠᠭᠠᠮᠵᠢᠳᠠᠢ ᠦᠭᠡ ᠶᠡᠷᠢᠶ᠎ᠠ ᠪᠡᠷ ᠲᠠᠢᠯᠪᠤᠷᠢᠯᠠᠨ ᠦᠭᠴᠤ᠂ ᠲᠦᠷ ᠴᠠᠭ ᠠᠪᠤᠷᠠᠨ ᠲᠤᠰᠠᠯᠠᠬᠤ ᠳ᠋ᠤ 《ᠳᠣᠭᠢᠷᠠᠬᠤ ᠪᠠᠢᠳᠠᠯ᠂ ᠭᠤᠶᠤᠴᠢᠯᠠᠬᠤ ᠶᠠᠪᠤᠴᠠ᠂ ᠦᠷ᠎ᠡ ᠳ᠋ᠦᠩ᠎ᠦᠨ ᠴᠠᠭ᠎ᠤᠨ ᠬᠢᠵᠠᠭᠠᠷ》 ᠢ᠋ ᠲᠣᠳᠣᠷᠬᠠᠶ ᠶᠠᠷᠢᠬᠤ ᠭᠤᠤᠯ ᠱᠠᠭᠠᠷᠳᠠᠯᠭ᠎ᠠ᠎ᠶ᠋ᠢᠨ ᠲᠣᠭᠣᠷᠢᠨ᠎ᠳᠤ ᠲᠣᠰ ᠲᠣᠰᠭᠣᠨ᠎ᠤ ᠬᠦᠴᠢᠷᠳᠡᠯᠲᠡᠶ ᠣᠯᠠᠨ ᠲᠦᠮᠡᠨ᠎ᠦ ᠲᠤᠰᠠᠯᠠᠮᠵᠢ ᠭᠥᠷᠳᠡᠭ᠌ᠰᠡᠨ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠬᠡᠢᠰᠪᠦᠷᠢ ᠲᠥᠷᠥ᠎ᠶ᠋ᠢᠨ ᠪᠣᠳᠣᠯᠭ᠎ᠠ᠎ᠶ᠋ᠢ ᠠᠮᠢᠳᠤᠯᠢᠭ ᠪᠥᠭᠡᠳ ᠣᠢᠯᠠᠭᠠᠮᠵᠢᠲᠠᠶ ᠪᠤᠯᠭᠠᠪᠠ᠃ ᠡᠭᠦᠨ᠎ᠦ ᠬᠠᠮᠲᠤ᠂ ᠠᠵᠢᠯᠳᠠᠨ ᠡᠴᠡ ᠪᠠᠰᠠ ᠠᠪᠤᠷᠠᠨ ᠲᠤᠰᠠᠯᠠᠬᠤ ᠡᠲᠡᠭᠡᠳ᠎ᠦᠨ ᠡᠭᠦᠷᠭᠡ ᠵᠢᠴᠢ ᠬᠥᠳᠡᠯᠦᠩᠭᠦᠶ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠭᠤᠤᠯᠳᠠᠯᠭ᠎ᠠ᠎ᠲᠠᠶ ᠴᠢᠬᠤᠯᠠᠴᠢᠯᠠᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠠᠪᠤᠷᠠᠨ ᠲᠤᠰᠠᠯᠠᠬᠤ ᠬᠠᠷᠠᠭᠠᠯᠵᠠᠯ᠎ᠢ ᠵᠢᠷᠤᠮᠵᠢᠭᠤᠯᠤᠨ ᠬᠦᠷᠲᠡᠭᠡᠪᠡ᠃
ᠣᠳᠣᠬᠠᠨ ᠪᠣᠯᠲᠠᠯ᠎ᠠ ᠪᠥᠬᠥ᠌ ᠬᠣᠲᠠ᠎ᠶ᠋ᠢᠨ 9 ᠬᠣᠱᠢᠭᠤ ᠱᠢᠶᠠᠨ ᠲᠣᠭᠣᠷᠢᠭ ᠲᠸ᠋ 63 ᠲᠠᠯᠠᠪᠤᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ᠂ ᠬᠢᠨᠠᠨ ᠬᠡᠮᠵᠢᠬᠦ᠌ ᠡᠷᠦᠬᠡ ᠵᠡᠷᠭᠡ 1200 ᠭᠠᠷᠤᠶ ᠬᠦᠴᠢᠷᠳᠡᠯᠲᠡᠶ ᠬᠥᠮᠦᠰ᠎ᠢ ᠬᠠᠮᠤᠷᠴᠤ᠌᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳᠢ ᠠᠪᠤᠷᠠᠨ ᠲᠤᠰᠠᠯᠠᠬᠤ ᠲᠣᠳᠣᠷᠬᠠᠶ ᠨᠠᠷᠢᠨ ᠲᠠᠩᠰᠠ ᠵᠢ 920 ᠬᠤᠪᠢ᠂ ᠡᠯ᠎ᠡ ᠲᠥᠷᠥᠯ᠎ᠦᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ 1500 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 18 ᠵᠤᠷᠪᠤᠰ ᠴᠤᠭ᠍ᠯᠠᠭᠤᠯᠵᠤ ᠪᠦᠳᠦᠮᠵᠢᠳᠠᠢ ᠱᠢᠶ᠋ᠳᠪᠦᠷᠢᠯᠡᠵᠡᠢ᠃