ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠬᠣᠶᠠᠳᠤᠭᠠᠷ ᠪᠦᠬᠦᠳᠡ ᠬᠤᠷᠠᠯ ᠬᠢᠪᠡ
2026-03-08 12:10:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠬᠣ᠌ ᠨᠢᠩ ᠬᠤᠷᠠᠯ᠎ᠳᠤ ᠤᠷᠤᠯᠴᠠᠪᠠ       ᠤᠯᠤᠰ ᠲᠦᠷᠦ᠍᠎ᠶ᠋ᠢᠨ ᠵᠥᠪᠯᠡᠯᠭᠡᠨ᠎ᠦ 14  ᠭᠡᠱᠢᠭᠦᠨ ᠶᠡᠬᠡ ᠬᠤᠷᠠᠯ ᠲᠡᠭᠡᠷ᠎ᠡ ᠦᠭᠡ ᠬᠡᠯᠡᠪᠡ


ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ 7 ᠎ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ ᠬᠤᠷᠠᠯ᠎ᠳᠤ ᠣᠷᠣᠯᠴᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ 14 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃

ᠲᠥᠷᠥ᠎ᠶ᠋ᠢᠨ ᠶᠠᠪᠤᠳᠠᠯ᠎ᠤᠨ ᠭᠡᠱᠢᠭᠦᠨ ᠪᠥᠭᠡᠳ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠦ᠋ ᠵᠧᠩ ᠯᠦᠩ ᠵᠢᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠦᠭᠡ ᠬᠡᠯᠡᠬᠦ᠎ᠶ᠋ᠢ ᠰᠣᠨᠣᠰᠪᠠ᠃

ᠯᠢᠦ ᠵᠢᠶᠠ ᠢ ᠭᠡᠱᠢᠭᠦᠨ ᠦᠭᠡ ᠬᠡᠯᠡᠬᠦ᠎ᠳᠡᠭᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠪᠠ᠂ ᠥᠭᠡᠷᠡᠴᠢᠯᠡᠯᠲᠡ᠎ᠶ᠋ᠢ ᠴᠢᠨᠠᠭ᠍ᠰᠢᠳᠠ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡᠯ ᠵᠤᠬᠢᠨ᠎ᠠ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠳᠬᠠᠪᠠᠯ ᠵᠤᠬᠢᠨ᠎ᠠ; ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠥᠭᠡᠷᠡᠴᠢᠯᠡᠯᠲᠡ᠎ᠶ᠋ᠢᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠬᠠᠪᠠᠯ ᠵᠤᠬᠢᠨ᠎ᠠ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠥᠬᠥ᠌ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ ᠬᠦᠷᠲᠡᠭᠡᠪᠡᠯ ᠵᠤᠬᠢᠨ᠎ᠠ ᠭᠡᠵᠡᠢ᠃

ᠡᡁᠦ᠋ᠸᠸ ᠵᠢᠨ ᠬᠤᠸᠠ ᠭᠡᠱᠢᠭᠦᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ ᠵᠢᠨ ᠡᠮᠦᠨ᠎ᠠ ᠡᠴᠡ ᠦᠭᠡ ᠬᠡᠯᠡᠬᠦ᠌᠎ᠳᠡᠭᠡᠨ᠂ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤᠢᠴᠠ ᠰᠠᠭᠤᠷᠢ ᠳᠠᠪᠬᠤᠷᠭ᠎ᠠ᠎ᠶ᠋ᠢᠨ ᠮᠡᠷᠭᠡᠵᠢᠯ ᠪᠣᠯ ᠤᠯᠤᠰ᠎ᠤᠨ ᠠᠮᠤᠷ ᠲᠦᠪᠱᠢᠨ ᠲᠣᠭ᠍ᠲᠠᠭᠤᠨ ᠪᠣᠯᠤᠨ ᠦᠷᠭᠦᠯᠵᠢᠯᠡᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠲᠤᠯᠠᠭ᠎ᠠ ᠮᠥᠨ᠂ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠵᠤ᠂ ᠤᠯᠠᠨ ᠠᠷᠭ᠎ᠠ ᠵᠠᠮ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠵᠦ᠍᠂ ᠰᠠᠭᠤᠷᠢ ᠳᠠᠪᠬᠤᠷᠭ᠎ᠠ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠬᠦ᠌ ᠡᠷᠴᠢᠮ᠂ ᠣᠷᠣᠭᠤᠯᠤᠯᠲᠠ᠎ᠶ᠋ᠢᠨ ᠡᠷᠴᠢᠮ ᠢ᠋ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰᠵᠢᠯᠲᠡ᠎ᠶ᠋ᠢᠨ ᠬᠡᠷᠡᠭ᠌ᠯᠡᠭᠡᠨ᠎ᠦ ᠠᠬᠢᠭᠤᠯᠬᠤ ᠦᠢᠯᠡᠳᠦᠯ᠎ᠢ ᠪᠠᠳᠠᠷᠠᠭᠤᠯᠵᠤ᠂ ᠨᠡᠩ ᠤᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠢ ᠦᠷ᠎ᠡ ᠪᠦᠲᠦᠭᠡᠯ ᠭᠠᠷᠭᠠᠪᠠᠯ ᠵᠤᠬᠢᠨ᠎ᠠ ᠭᠡᠵᠠᠢ᠃

ᠬᠤᠸᠠᠩ ᠴᠢᠶᠦ᠋ᠨ ᠬᠣᠶ ᠭᠡᠱᠢᠭᠦᠨ ᠦᠭᠡ ᠬᠡᠯᠡᠬᠦ᠌᠎ᠳᠡᠭᠡᠨ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠨᠠᠩ ᠲᠣᠪᠣᠢᠮ᠎ᠠ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠵᠤ᠂ ᠰᠠᠭᠤᠷᠢ ᠰᠤᠳᠤᠯᠤᠨ ᠨᠡᠭᠡᠭᠡᠯᠲᠡ᠎ᠶ᠋ᠢ ᠦᠷᠭᠦᠯᠵᠢᠯᠡᠨ ᠲᠣᠭ᠍ᠲᠠᠭᠤᠨ᠎ᠢᠶᠠᠷ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠠᠵᠤ ᠦᠶ᠋ᠯᠡᠰ᠎ᠦᠨ ᠣᠨᠴᠠᠯᠢᠭ ᠢ᠋ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠪᠣᠳᠠᠰ ᠲᠤ᠌ ᠪᠠᠯᠠ ᠣᠷᠣᠭᠤᠯᠬᠤ ᠪᠠ ᠬᠦᠮᠦᠨ ᠳ᠋ᠤ ᠪᠠᠯᠠ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠳᠭᠡᠨ ᠪᠣᠢᠵᠢᠭᠤᠯᠵᠤ᠂ ᠱᠢᠨ᠎ᠡ ᠳᠠᠪᠠᠭᠤᠯᠢᠭ᠎ᠢ ᠪᠣᠶ ᠪᠣᠯᠭᠠᠪᠠᠯ ᠵᠤᠬᠢᠨ᠎ᠠ ᠭᠡᠪᠡ ᠃

ᠱᠢᠶᠧ ᠳ᠋ᠦᠩ ᠭᠡᠱᠢᠭᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ ᠵᠢᠨ ᠡᠮᠦᠨ᠎ᠠ ᠡᠴᠡ ᠦᠭᠡ ᠬᠡᠯᠡᠬᠦ᠌᠎ᠳᠡᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠳᠠᠭᠠᠭᠤᠯᠤᠭ᠍ᠴᠢ ᠠᠵᠤ ᠠᠬᠤᠢᠯᠠᠯ᠎ᠤᠨ ᠰᠠᠭᠤᠷᠢ ᠰᠤᠳᠤᠯᠭᠠᠨ᠎ᠤ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠵᠤ᠂ ᠨᠠᠩ ᠣᠯᠠᠨ ᠱᠢᠨ᠎ᠡ᠎ᠶ᠋ᠢ ᠡᠭᠦᠳᠬᠦ᠌ ᠵᠠᠯᠠᠭᠤ ᠴᠢᠳᠠᠪᠤᠷᠢᠲᠠᠨ᠎ᠳᠤ  ᠬᠦᠨᠳᠦ ᠡᠭᠦᠷᠭᠡ ᠵᠢ ᠡᠭᠦᠷᠭᠡᠯᠡᠭᠦᠯᠵᠤ᠂ ᠰᠠᠶᠢᠬᠠᠨ ᠪᠠᠢᠭᠤᠯᠤᠭᠳᠠᠭᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠳᠤ ᠦᠵᠡᠭᠦᠯᠬᠦ᠌ ᠮᠥᠩᠭᠥᠨ ᠭᠦᠶ᠋ᠯᠭᠡᠭᠡᠨ᠎ᠦ ᠳᠡᠮᠵᠢᠯᠭᠡ᠎ᠪᠡᠨ ᠨᠡᠮᠡᠭ᠌ᠳᠡᠭᠦᠯᠵᠦ᠍᠂ ᠱᠢᠨ᠎ᠡ᠎ᠶ᠋ᠢ ᠡᠭᠦᠳᠬᠦ᠌ ᠳ᠋ᠤ ᠨᠠᠩ ᠲᠣᠬᠢᠷᠠᠮᠵᠢᠲᠠᠶ ᠵᠠᠬ᠎ᠠ ᠳᠡᠯᠭᠡᠭᠦᠷ᠎ᠦᠨ ᠣᠷᠴᠢᠨ᠎ᠢ ᠪᠣᠶ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠶ ᠪᠣᠯᠭᠠᠪᠠᠯ ᠵᠤᠬᠢᠨ᠎ᠠ ᠭᠡᠵᠡᠢ᠃

ᠸᠠᠩ ᠵᠢᠶᠠᠨ ᠵᠢᠶᠦ᠋ᠨ ᠭᠡᠱᠢᠭᠦᠨ ᠦᠭᠡ ᠬᠡᠯᠡᠬᠦ ᠳ᠋ᠡᠭᠡᠨ᠂ ᠳᠤᠮᠳᠠᠳᠤ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠍᠎ᠶ᠋ᠢ ᠵᠠᠰᠠᠬᠰᠠᠨ ᠠᠭᠤᠤ ᠶᠡᠬᠡ ᠦᠢᠯᠡᠳᠦᠯᠭᠡ᠎ᠶ᠋ᠢ ᠢᠯᠡᠷᠡᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠭᠦᠨ ᠵᠤᠵᠠᠭᠠᠨ ᠠᠷᠠᠳ ᠲᠦᠮᠡᠨᠴᠢ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠦ᠍ ᠪᠠᠢᠬᠤ᠎ᠶ᠋ᠢ ᠢᠯᠡᠷᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌᠎ᠳᠦ ᠬᠦᠴᠦᠨ ᠨᠡᠮᠡᠷᠢᠯᠡᠵᠦ᠍᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠪᠡᠯ ᠵᠤᠬᠢᠨ᠎ᠠ ᠭᠡᠪᠡ᠃

ᠵᠢᠶᠠᠩ ᠯᠢ ᠫᠢᠩ ᠭᠡᠱᠢᠭᠦᠨ ᠲᠠᠢᠸᠠᠨ᠎ᠤ ᠠᠷᠠᠳᠴᠢᠯᠠᠬᠰᠡᠨ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ ᠳ᠋ᠡᠭᠡᠨ᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠵᠢᠱ᠌ᠢᠢ᠎ᠡ ᠦᠵᠡᠭᠦᠯᠬᠦ᠌ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠢ ᠠᠬᠢᠭᠤᠯᠵᠤ᠂ ᠲᠠᠢᠸᠠᠨ᠎ᠤ ᠪᠡᠯᠡᠳᠦ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠯᠤᠭᠡ ᠵᠣᠯᠭᠠᠭᠤᠯᠬᠤ ᠠᠷᠭ᠎ᠠ ᠵᠠᠮ᠎ᠢᠶᠠᠨ ᠥᠷᠭᠡᠳᠭᠡᠬᠦ᠌᠎ᠳᠦ ᠬᠦᠴᠦᠨ ᠨᠡᠮᠡᠷᠢᠯᠡᠵᠦ᠍᠂ ᠲᠠᠢᠸᠠᠨ᠎ᠤ ᠠᠬ᠎ᠠ ᠳᠡᠭᠦᠦ᠍᠎ᠨᠡᠷ᠎ᠦᠨ ᠠᠵᠠ ᠵᠢᠷᠭᠠᠯ᠎ᠢ ᠨᠡᠮᠡᠭ᠌ᠳᠡᠭᠦᠯᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠡᠷᠬᠡ ᠲᠡᠭ᠌ᠰᠢ ᠪᠣᠯᠭᠠᠨ ᠲᠠᠢᠸᠠᠨ᠎ᠤ ᠠᠬ᠎ᠠ ᠳᠡᠭᠦᠦ᠍᠎ᠨᠡᠷ᠎ᠲᠦ ᠠᠱᠢᠭ ᠬᠦᠷᠲᠡᠭᠡᠵᠦ᠍᠂ ᠦᠷᠭᠦᠯᠵᠢᠯᠡᠨ ᠬᠣᠶᠠᠷ ᠬᠥᠪᠡᠭᠡᠨ᠎ᠦ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠵᠦ᠍᠂ ᠡᠬᠡ ᠤᠯᠤᠰ᠎ᠤᠨ ᠨᠢᠭᠡᠳᠦᠯ᠎ᠦᠨ ᠶᠡᠬᠡ ᠦᠢᠯᠡᠰ᠎ᠲᠦ ᠡᠨ᠋ᠸᠷᠬᠢ᠎ᠬᠤᠷᠠᠮᠳᠤᠭᠤᠯᠪᠡᠯ ᠵᠤᠬᠢᠨ᠎ᠠ ᠭᠡᠪᠠ᠃

ᠴᠢ ᠱᠢᠶᠠᠩ ᠳ᠋ᠦᠩ ᠭᠡᠱᠢᠭᠦᠨ ᠦᠭᠡ ᠬᠡᠯᠡᠬᠦ᠌᠎ᠳᠡᠭᠡᠨ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠠᠮᠤᠷ ᠲᠦᠪᠱᠢᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠬᠠᠮᠵᠢᠯᠴᠠᠭᠠᠨ᠎ᠤ ᠬᠡᠯᠬᠢᠶ᠎ᠡ᠎ᠶ᠋ᠢ ᠨᠡᠪᠲᠡᠷᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠣᠷᠭᠢᠯ ᠭᠡᠮᠵᠢᠭᠳᠡᠯ᠎ᠳᠤ ᠬᠦᠷᠭᠦ ᠵᠢ ᠢᠳᠡᠪᠬᠢᠲᠡᠶ ᠯᠠᠪᠳᠠᠭᠤᠨ ᠠᠬᠢᠭᠤᠯᠤᠨ ᠪᠡᠶᠡᠯᠡᠭᠦᠯᠵᠦ᠍᠂ 《AI + ᠠᠮᠤᠷ ᠲᠦᠪᠱᠢᠨ》 ᠵᠢᠡᠷ ᠬᠤᠤᠰ ᠬᠥᠳᠡᠯᠭᠡᠭᠦᠷ ᠪᠣᠯᠭᠠᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠰᠠᠭᠤᠷᠢ᠎ᠶ᠋ᠢ ᠪᠡᠬᠢᠵᠢᠭᠦᠯᠪᠡᠯ ᠵᠤᠬᠢᠨ᠎ᠠ ᠭᠡᠪᠠ᠃

ᠸᠠᠩ ᠵᠢᠶᠦ᠋ᠨ ᠵᠢᠨ ᠭᠡᠱᠢᠭᠦᠨ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢ ᠲᠥᠯᠥᠭᠡᠯᠡᠨ ᠦᠭᠡ ᠬᠡᠯᠡᠬᠦ᠎ᠳᠡᠭᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠂ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌᠂ ᠨᠡᠢᠭᠡᠮ᠎ᠦᠨ ᠢᠲᠡᠭᠡᠮᠵᠢ ᠵᠡᠷᠭᠡ ᠲᠠᠯ᠎ᠠ᠎ᠶ᠋ᠢᠨ ᠬᠠᠤᠯᠢ ᠴᠠᠭᠠᠵᠠ᠎ᠶ᠋ᠢᠨ ᠲᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠪᠠᠯᠠ ᠣᠷᠣᠭᠤᠯᠤᠭ᠍ᠴᠢᠳ᠎ᠤᠨ ᠣᠷᠳᠣ ᠬᠤᠭᠤᠴᠠᠭᠠᠨ᠎ᠤ ᠵᠢᠱ᠌ᠢᠯᠲᠡ᠎ᠶ᠋ᠢ ᠲᠣᠭ᠍ᠲᠠᠪᠤᠷᠢᠵᠢᠭᠤᠯᠪᠠᠯ ᠵᠤᠬᠢᠨ᠎ᠠ; ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠂ ᠬᠡᠷᠡᠭ᠌ᠯᠡᠭᠡᠨ᠎ᠦ ᠠᠬᠤᠶ ᠪᠠᠢᠳᠠᠯ ᠵᠡᠷᠭᠡ ᠲᠠᠯ᠎ᠠ᠎ᠶ᠋ᠢᠨ ᠳᠡᠮᠵᠢᠯᠭᠡ᠎ᠶ᠋ᠢ ᠨᠡᠮᠡᠭ᠌ᠳᠡᠭᠦᠯᠵᠦ᠍᠂ ᠠᠷᠠᠳ᠎ᠤᠨ ᠳᠤᠮᠳᠠᠬᠢ ᠬᠥᠷᠥᠩᠭᠡ᠎ᠶ᠋ᠢ ᠬᠥᠲᠥᠯᠥᠨ ᠵᠢᠯᠣᠭᠣᠳᠴᠤ᠌ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠴᠠᠷᠠᠭ᠎ᠠ ᠪᠠ ᠢᠷᠡᠭᠡᠳᠦᠶ᠎ᠶ᠋ᠢᠨ ᠠᠵᠤ ᠦᠶ᠋ᠯᠡᠰ᠎ᠲᠦ ᠣᠷᠣᠭᠤᠯᠤᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠬᠢᠴᠠ ᠳᠤᠮᠳᠠ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠠᠬᠢᠭᠤᠯᠪᠠᠯ ᠵᠤᠬᠢᠨ᠎ᠠ ᠭᠡᠪᠠ᠃

ᠯᠢ ᠷᠦᠩ ᠼᠠᠨ ᠭᠡᠱᠢᠭᠦᠨ ᠦᠭᠡ ᠬᠡᠯᠡᠬᠦ᠌᠎ᠳᠡᠭᠡᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ ᠡᠷᠴᠢᠮ᠎ᠢ ᠴᠢᠩᠭᠠᠷᠠᠭᠤᠯᠵᠤ᠂ ᠬᠠᠢᠨᠠᠨ ᠬᠢᠬᠡᠳ ᠰᠢᠶᠠᠨᠭᠭᠠᠩ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠴᠢᠯᠥᠭᠡᠲᠦ ᠠᠷᠠᠯᠵᠢᠶᠠᠨ᠎ᠤ ᠭᠠᠷᠠᠮ᠎ᠤᠨ ᠣᠨᠴᠠᠯᠢᠭ᠎ᠲᠠᠶ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠣᠢᠵᠢᠭᠤᠯᠵᠤ᠂ ᠢᠲᠡᠭᠡᠮᠵᠢ᠎ᠪᠡᠷ ᠰᠠᠭᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠭᠠᠳᠠᠭᠠᠳᠤ ᠨᠡᠬᠡᠬᠡᠯᠳᠡ᠎ᠶ᠋ᠢ ᠬᠦᠳᠦᠯᠦᠨ ᠳᠠᠭᠠᠭᠤᠯᠬᠤ ᠴᠢᠬᠤᠯᠠ ᠡᠭᠦᠳᠡ ᠬᠠᠭᠠᠯᠭ᠎ᠠ ᠪᠣᠯᠭᠠᠪᠠᠯ ᠵᠤᠬᠢᠨ᠎ᠠ ᠭᠡᠪᠠ᠃

ᠵᠧᠦ ᡁᠢ ᠬᠤᠸᠠ ᠭᠡᠰᠢᠭᠦᠨ ᠨᠠᠮ ᠪᠦᠯᠦᠭ᠎ᠦᠨ ᠪᠤᠰᠤ ᠬᠥᠮᠥᠰ᠎ᠢ ᠲᠥᠯᠥᠭᠡᠯᠡᠨ ᠦᠭᠡ ᠬᠡᠯᠡᠬᠦ᠎ᠳᠡᠭᠡᠨ᠂ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠦ ᠰᠢᠨᠵᠢᠯᠡᠬᠦ ᠤᠬᠠᠭᠠᠨ᠎ᠤ ᠰᠤᠳᠤᠯᠭᠠᠨ᠎ᠤ ᠨᠢᠭᠡᠳᠦᠯᠲᠡᠢ ᠲᠥᠯᠥᠪᠵᠢᠭᠦᠯᠦᠨ ᠪᠠᠢᠷᠢᠰᠢᠭᠤᠯᠬᠤ᠎ᠶᠢ ᠰᠢᠯᠢᠳᠡᠭᠵᠢᠭᠦᠯᠵᠦ᠂ ᠬᠠᠮ ᠬᠡᠯᠪᠡᠷᠢ᠎ᠶᠢᠨ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠸᠮ᠎ᠢ ᠪᠠᠢᠭᠤᠯᠵᠤ᠂ ᠰᠢᠨᠵᠢᠯᠡᠭᠡᠨ᠎ᠦ ᠰᠠᠯᠠᠭ᠎ᠠ᠎ᠶᠢᠨ ᠪᠡᠬᠢᠯᠡᠯᠲᠡ᠎ᠶᠢ ᠠᠷᠢᠯᠭᠠᠬᠤ᠎ᠶᠢ ᠠᠬᠢᠭᠤᠯᠵᠤ᠂ ᠰᠢᠨᠵᠢᠯᠡᠭᠡᠨ᠎ᠦ ᠰᠠᠯᠠᠭ᠎ᠠ ᠰᠤᠨᠳᠠᠯᠠᠬᠰᠡᠨ 《ᠬᠣᠣᠰ ᠴᠢᠭᠯᠡᠯ᠎ᠢᠶᠡᠷ ᠣᠷᠴᠢᠭᠤᠯᠬᠤ》 ᠪᠠ ᠬᠠᠮᠵᠢᠯᠴᠠᠬᠤ ᠲᠣᠭᠲᠠᠴᠠ᠎ᠶᠢ ᠪᠠᠢᠭᠤᠯᠵᠤ᠂ ᠲᠣᠭ᠎ᠠ ᠪᠠᠷᠢᠮᠲᠠ᠎ᠶᠢᠨ ᠵᠠᠰᠠᠯᠲᠠ᠎ᠶᠢ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠪ ᠮᠠᠶᠢᠭ᠋᠎ᠤᠨ ᠬᠤᠪᠢᠰᠤᠯᠲᠠ᠎ᠶᠢ ᠬᠥᠲᠥᠯᠥᠨ ᠳᠠᠭᠠᠭᠤᠯᠪᠠᠯ ᠵᠤᠬᠢᠨ᠎ᠠ ᠭᠡᠪᠠ᠃

ᠴᠧᠩ ᠵᠢᠶᠠᠨ ᠫᠢᠩ ᠭᠡᠰᠢᠭᠦᠨ ᠦᠭᠡ ᠬᠡᠯᠡᠬᠦ᠎ᠳᠡᠭᠡᠨ᠂ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ ᠪᠦᠲᠦᠮᠵᠢ᠎ᠶᠢᠨ ᠦᠢᠯᠡᠳᠦᠯᠭᠡ᠎ᠶᠢᠨ ᠬᠢᠴᠢᠶᠡᠯ᠎ᠢ ᠰᠠᠢᠲᠤᠷ ᠨᠡᠭᠡᠭᠡᠵᠦ᠂ ᠨᠡᠢᠭᠡᠮ᠎ᠦᠨ ᠬᠢᠴᠢᠶᠡᠯ᠎ᠦᠨ ᠲᠠᠩᠬᠢᠮ᠎ᠤᠨ ᠬᠥᠮᠥᠨ ᠬᠥᠮᠥᠵᠢᠭᠦᠯᠬᠦ ᠡᠬᠢ ᠪᠠᠶᠠᠯᠢᠭ᠋᠎ᠢ ᠰᠢᠰᠲᠧᠮ᠎ᠲᠠᠢ᠎ᠡᠮᠬᠢᠯᠡᠵᠦ ᠠᠭᠤᠳᠠᠯᠬᠤ᠎ᠶᠢ ᠴᠢᠩᠭᠠᠳᠬᠠᠵᠤ᠂ ᠭᠡᠷ ᠪᠦᠯᠢ ᠰᠤᠷᠭᠠᠭᠤᠯᠢ ᠨᠡᠢᠭᠡᠮ ᠬᠠᠮᠵᠢᠯᠴᠠᠨ ᠬᠥᠮᠥᠨ ᠬᠥᠮᠥᠵᠢᠭᠦᠯᠬᠦ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ᠎ᠢᠶᠡᠷ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ ᠪᠣᠯᠣᠨ ᠨᠡᠢᠭᠡᠮ᠎ᠦᠨ ᠬᠢᠴᠢᠶᠡᠯ᠎ᠦᠨ ᠲᠠᠩᠬᠢᠮ᠎ᠤᠨ ᠨᠡᠩ ᠰᠠᠢᠨ ᠠᠭᠤᠰᠤᠯᠴᠠᠬᠤ᠎ᠶᠢ ᠠᠬᠢᠭᠤᠯᠪᠠᠯ ᠵᠤᠬᠢᠨ᠎ᠠ ᠭᠡᠪᠠ᠃

ᠾᠧ ᠳ᠋ᠠᠨ ᠭᠡᠰᠢᠭᠦᠨ ᠦᠬᠡ ᠬᠡᠯᠡᠬᠦ᠎ᠳᠡᠭᠡᠨ᠂ ᠦᠷᠡᠵᠢᠯ᠎ᠦᠨ ᠳᠡᠮᠵᠢᠯᠭᠡ ᠪᠣᠯ ᠬᠥᠮᠥᠨ᠎ᠦ ᠬᠦᠴᠦᠨ᠎ᠦ ᠬᠥᠷᠥᠩᠭᠡ᠎ᠶᠢᠨ ᠪᠡᠯᠡ ᠣᠷᠣᠭᠤᠯᠤᠯᠲᠠ ᠮᠥᠨ ᠭᠡᠰᠡᠨ ᠢᠳᠡᠪᠬᠢᠲᠡᠢ ᠣᠢᠯᠠᠭᠠᠭᠳᠠᠬᠤᠨ᠎ᠢ ᠪᠣᠶ ᠪᠣᠯᠭᠠᠵᠤ᠂ ᠦᠷᠡᠵᠢᠯ᠎ᠦᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ ᠪᠠ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠤ᠂ ᠦᠷᠡᠵᠢᠯ᠎ᠦᠨ ᠳᠠᠭᠠᠳᠬᠠᠯ᠂ ᠬᠠᠷᠠᠭᠠᠯᠵᠠᠨ ᠠᠰᠠᠷᠠᠬᠤ ᠦᠢᠯᠡᠴᠢᠯᠡᠭᠡ ᠵᠡᠷᠭᠡ ᠪᠠᠲᠤᠯᠠᠭ᠎ᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠦᠨᠳᠦᠰᠦᠨ ᠦᠷᠡᠵᠢᠯ᠎ᠦᠨ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠤ᠂ ᠣᠷᠣᠭ ᠦᠷᠡᠵᠢᠯ᠎ᠦᠨ ᠢᠳᠡᠪᠬᠢᠲᠡᠢ ᠦᠵᠡᠯᠲᠡ᠎ᠶᠢ ᠰᠠᠨᠠᠭᠠᠴᠢᠯᠠᠵᠤ᠂ ᠦᠷᠡᠵᠢᠯ᠎ᠢ ᠬᠦᠨᠳᠦᠳᠬᠡᠬᠦ᠂ ᠭᠡᠷ ᠪᠦᠯᠢ᠎ᠶᠢᠨ ᠨᠥᠬᠥᠷᠰᠡᠭ ᠶᠠᠷᠢᠶ᠎ᠠ ᠬᠡᠯᠡᠯᠴᠡᠭᠡᠨ᠎ᠦ ᠣᠷᠴᠢᠨ ᠲᠤᠭᠤᠷᠢᠨ ᠪᠠ ᠨᠡᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠪᠠᠯ ᠵᠤᠬᠢᠨ᠎ᠠ ᠭᠡᠪᠠ᠃

ᠲᠤᠤ ᠺᠠᠢ ᠶᠤᠸᠠᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠎ᠳᠡᠭᠡᠨ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠬᠠᠮᠵᠢᠯᠴᠠᠭ᠎ᠠ ᠵᠢ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠡᠴᠡ ᠰᠠᠭᠤᠷᠢ ᠰᠤᠷᠭᠠᠨ ᠬᠥᠮᠦᠵᠢᠯ ᠲᠡᠢᠰᠢ ᠥᠷᠭᠡᠵᠢᠬᠦᠯᠬᠦ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠡᠬᠢ ᠪᠠᠶᠠᠯᠢᠭ ᠪᠣᠯᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠂ ᠰᠤᠳᠤᠯᠭᠠᠨ᠎ᠤ ᠡᠬᠢ ᠪᠠᠶᠠᠯᠢᠭ ᠪᠠ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠬᠣᠣᠰ ᠴᠢᠭ᠌ᠯᠡᠯ᠎ᠦᠨ ᠱᠢᠯᠵᠢᠯᠲᠡ ᠪᠣᠯᠤᠨ ᠥᠨᠳᠥᠷ ᠪᠦᠲᠦᠮᠵᠢᠲᠡᠢ ᠲᠤᠬᠢᠷᠠᠭᠤᠯᠤᠯᠳᠠ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠪᠡᠷ ᠤᠳᠤᠷᠢᠳᠤᠮᠵᠢ ᠪᠤᠯᠭᠠᠭᠰᠠᠨ ᠬᠥᠮᠦᠨ ᠬᠥᠮᠦᠵᠢᠭᠦᠯᠬᠦ᠌ ᠬᠠᠷᠠᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠯᠡᠳᠭᠡᠯ ᠴᠢᠳᠠᠪᠤᠷᠢᠲᠠᠨ᠎ᠢ ᠶᠡᠬᠡ᠎ᠪᠡᠷ ᠬᠥᠮᠦᠵᠢᠭᠦᠯᠬᠦ᠌᠎ᠳᠦ ᠪᠠᠲᠤ ᠰᠠᠭᠤᠷᠢ᠎ᠲᠠᠯᠪᠢᠪᠡᠯ ᠵᠤᠬᠢᠨ᠎ᠠ ᠭᠡᠪᠠ᠃

ᠮᠦᠸᠸ ᠷᠦᠩ ᠭᠡᠱᠢᠭᠦᠨ ᠦᠭᠡ ᠬᠡᠯᠡᠬᠦ᠌᠎ᠳᠡᠭᠡᠨ᠂ ᠠᠵᠢᠯ ᠣᠯᠭᠣᠯᠲᠠ᠎ᠶ᠋ᠢ ᠳᠡᠮᠵᠢᠬᠦ᠌ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠠᠩᠭᠠᠯᠭ᠎ᠠ᠎ᠶ᠋ᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠦᠨ ᠬᠥᠭ᠌ᠵᠢᠯᠲᠡ ᠪᠠ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦᠯᠬᠦ ᠬᠡᠷᠡᠭ᠌ᠴᠡᠭᠡ᠎ᠳᠦ ᠨᠠᠩ ᠰᠠᠢᠲᠤᠷ ᠵᠣᠬᠢᠴᠠᠬᠤ᠎ᠶ᠋ᠢ ᠠᠬᠢᠭᠤᠯᠵᠤ᠂ ᠠᠵᠢᠯ ᠣᠯᠭᠣᠯᠲᠠ᠎ᠶ᠋ᠢᠨ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠤᠨ ᠬᠥᠮᠥᠷᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ ᠂ ᠣᠶᠤᠨᠴᠢᠯᠠᠭ᠍ᠰᠠᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠬᠥᠳᠡᠯᠮᠦᠷᠢ᠎ᠶ᠋ᠢᠨ ᠡᠷᠬᠡ ᠠᠱᠢᠭ᠎ᠢ ᠪᠠᠲᠤᠯᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠᠯ ᠵᠤᠬᠢᠨ᠎ᠠ ᠭᠡᠪᠠ᠃

ᠬᠤᠷᠠᠯ᠎ᠢ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠧᠸ᠋ ᠴᠢᠶᠠᠩ ᠡᠷᠬᠢᠯᠡᠪᠡ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号