ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠠᠵᠢᠯ᠎ᠤᠨ ᠰᠢᠨ᠎ᠡ ᠰᠦᠪᠡᠭᠴᠢᠯᠡᠯᠳᠡ
2026-04-14 11:14:41
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠪᠥᠬᠥ ᠣᠷᠣᠨ᠎ᠤ ᠰᠤᠷᠭᠠᠭᠤᠯᠢ᠎ᠶᠢᠨ ᠰᠢᠨ᠎ᠡ ᠴᠠᠭ ᠦᠶ᠎ᠡ᠎ᠶᠢᠨ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠦᠨ ᠪᠠᠢᠷᠢᠯᠠᠭᠤᠯᠤᠯᠲᠠ ᠪᠣᠯᠪᠠᠰᠤᠷᠠᠯ᠎ᠤᠨ ᠬᠤᠷᠠᠯ ᠵᠢᠴᠢ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠨᠢᠭᠡ ᠴᠤᠭᠴᠠᠵᠢᠭᠤᠯᠬᠤ ᠵᠢ ᠠᠬᠢᠭᠤᠯᠬᠤ ᠬᠤᠷᠠᠯ ᠲᠦᠷᠦᠬᠦᠬᠡᠨ ᠬᠦᠬᠡᠬᠤᠳᠠ ᠳ᠋ᠤ ᠶᠠᠪᠤᠭᠳᠠᠵᠤ᠂ ᠪᠦᠬᠦ ᠤᠷᠤᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠬᠡ ᠴᠤᠭᠴᠠᠵᠢᠭᠤᠯᠬᠤ ᠵᠢ ᠠᠬᠢᠭᠤᠯᠤᠭᠰᠠᠨ ᠦᠷ᠎ᠠ ᠪᠦᠳᠦᠬᠡᠯ᠎ᠤᠨ ᠦᠵᠡᠬᠦᠯᠬᠡ ᠡᠷᠬᠢᠯᠡᠵᠦ᠂ ᠲᠦᠷᠦ ᠵᠢᠨ ᠪᠤᠳᠤᠯᠭ᠎ᠠ ᠵᠢᠨ ᠳᠠᠢᠯᠤᠮᠵᠢ ᠬᠢᠵᠦ᠂ ᠠᠳᠠᠯᠢ ᠪᠤᠰᠤ ᠭᠠᠵᠠᠷ᠎ᠤᠨ ᠠᠳᠠᠯᠢ ᠪᠤᠰᠤ ᠰᠤᠷᠤᠯᠭ᠎ᠠ ᠵᠢᠨ ᠱᠠᠳᠤᠨ᠎ᠤ ᠪᠠᠭᠰᠢ ᠨᠠᠷ᠎ᠤᠨ ᠲᠦᠯᠦᠬᠡᠯᠡᠭᠴᠢ ᠵᠢᠨ ᠵᠢᠱ᠌ᠢᠶ᠎ᠠ ᠦᠵᠡᠬᠦᠯᠬᠦ ᠬᠢᠴᠢᠶᠡᠯᠯᠡᠬᠡ ᠤᠷᠤᠵᠤ᠂ ᠬᠡᠰᠡᠭ ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ᠎ᠤᠨ ᠰᠢᠨ᠎ᠡ ᠵᠢ ᠡᠬᠦᠳᠦᠭᠰᠡᠨ ᠪᠠᠢᠳᠠᠯ᠎ᠢ ᠳᠤᠭᠤᠷᠢᠨ ᠰᠤᠷᠤᠯᠴᠠᠭᠰᠠᠨ ᠪᠠᠢᠨ᠎ᠠ᠃


QQ20260413-191204.png


ᠥᠪᠥᠷ ᠮᠣᠩᠭᠣᠯ᠎ᠤᠨ ᠤᠷᠠᠯᠢᠭ  ᠵᠦᠴᠦᠭᠡ᠎ᠶᠢᠨ ᠬᠦᠷᠢᠶᠡᠯᠡᠩ᠎ᠳᠦ ᠶᠠᠪᠤᠭᠳᠠᠭᠰᠠᠨ《ᠰᠡᠳᠬᠢᠯ᠎ᠳᠦ ᠰᠠᠴᠤᠭᠰᠠᠨ ᠬᠡᠬᠡ 》 ︱ 《ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》 ᠤ᠋ᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ ᠪᠤᠯ ᠰᠤᠷᠭᠠᠭᠤᠯᠢ᠎ᠶᠢᠨ ᠬᠦᠷᠢᠶᠡᠨ᠎ᠦ ᠨᠢᠭᠡ ᠡᠳᠦᠷ᠎ᠦᠨ ᠶᠣᠰᠣ᠌ ᠰᠤᠷᠲᠠᠬᠤᠨ᠎ᠤ ᠬᠥᠮᠦᠵᠢᠯ᠎ᠢᠶᠡᠷ ᠭᠣᠣᠯ ᠰᠢᠵᠢᠮ ᠪᠣᠯᠭᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠦᠨ ᠵᠠᠪᠰᠠᠷᠯᠠᠭ᠎ᠠ᠎ᠶᠢᠨ ᠠᠵᠢᠯᠯᠠᠭ᠎ᠠ᠂ ᠰᠤᠳᠤᠯᠤᠨ ᠰᠤᠷᠤᠯᠴᠠᠬᠤ ᠦᠢᠯᠡᠳᠦᠯᠭᠡ ᠳᠤᠮᠳᠠᠬᠢ ᠬᠥᠮᠥᠨ᠎ᠢ ᠬᠥᠮᠥᠵᠢᠭᠦᠯᠬᠦ ᠦᠵᠡᠭᠳᠡᠯ᠎ᠢ ᠲᠠᠢᠰᠠᠨ᠎ᠳᠤ ᠲᠤᠭᠯᠠᠨ ᠦᠵᠡᠭᠦᠯᠦᠭᠰᠡᠨ ᠰᠢᠨ᠎ᠡ᠎ᠶᠢ ᠡᠭᠦᠳᠬᠦ ᠮᠠᠶᠢᠭ᠋᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠩᠬᠢᠮ᠎ᠤᠨ ᠴᠤᠭᠴᠠᠯᠠᠯᠳᠠ ᠪᠤᠯᠤᠨ᠎ᠠ᠃


  QQ20260413-191216.png


 ᠪᠠᠭᠰᠢ ᠰᠤᠷᠤᠭᠴᠢᠳ᠎ᠤᠨ ᠬᠦᠰᠡᠯ ᠮᠦᠷᠦᠬᠡᠳᠦᠯ᠎ᠢ ᠢᠯᠡᠷᠡᠬᠦᠯᠦᠭᠰᠡᠨ ᠰᠢᠨ᠎ᠡ ᠬᠤᠳᠠ ᠲᠤᠭᠤᠷᠢᠭ᠎ᠤᠨ ᠰᠤ᠌ ᠬᠤ᠌ ᠵᠡᠬᠡᠯᠢ ᠵᠢᠨ ᠳᠤᠷᠰᠢᠯᠳᠠ ᠵᠢᠨ ᠪᠠᠭ᠎ᠠ ᠰᠤᠷᠭᠠᠭᠤᠯᠢ ᠵᠢᠨ ᠠᠩᠬᠢ ᠵᠢᠨ ᠬᠤᠷᠠᠯ  — 《ᠬᠦᠰᠡᠯᠡᠩ᠎ᠤᠨ ᠦᠷ᠎ᠠ》᠂  ᠰᠠᠨᠰᠠᠷ᠎ᠤᠨ ᠠᠶᠠᠯᠠᠯ᠎ᠤᠨ ᠵᠣᠷᠢᠭ᠋ ᠰᠠᠨᠠᠭ᠎ᠠ ᠪᠣᠯᠣᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠭᠦᠨᠵᠡᠭᠡᠢ ᠠᠭᠤᠰᠤᠯᠴᠠᠭᠤᠯᠤᠭᠰᠠᠨ ᠬᠦᠬᠡᠬᠤᠳᠠ ᠵᠢᠨ ᠬᠤᠶᠠᠳᠤᠭᠠᠷ ᠳᠤᠮᠳᠠᠳᠤ ᠰᠤᠷᠭᠠᠭᠤᠯᠢ ᠵᠢᠨ《ᠡᠬᠡ ᠤᠯᠤᠰ᠎ᠤᠨ ᠵᠢᠡᠨ ᠲᠦᠯᠦᠬᠡ ᠠᠮᠢ ᠨᠠᠰᠤ ᠪᠠᠨ ᠲᠤᠷᠠᠳᠠᠶ᠎ᠠ ᠵᠤᠷᠢᠭᠤᠯᠤᠨ᠎ᠠ》ᠭᠡᠬᠦ ᠪᠦᠳᠦᠬᠡᠯ᠂ ᠵᠠᠯᠠᠭᠤᠴᠤᠳ ᠪᠠᠭᠠᠴᠤᠳ᠎ᠤᠨ ᠨᠤᠳᠤᠭ ᠤᠰᠤᠨ᠎ᠤ ᠪᠠᠨ ᠲᠦᠯᠦᠭᠡ ᠴᠢᠷᠮᠠᠢᠨ ᠳᠡᠮᠡᠴᠡᠬᠦ ᠵᠤᠷᠢᠭ ᠰᠠᠨᠠᠭ᠎ᠠ ᠵᠢ ᠬᠦᠪᠴᠢᠯᠡᠭᠰᠡᠨ ᠪᠤᠭᠤᠳᠤ ᠬᠤᠳᠠ ᠵᠢᠨ ᠪᠠᠭᠠᠴᠤᠳ᠎ᠤᠨ ᠤᠷᠳᠤᠨ᠎ᠤ ᠰᠤᠳᠤᠯᠤᠨ ᠰᠤᠷᠤᠯᠴᠠᠬᠤ ᠮᠠᠶᠢᠭ᠎ᠤᠨ ᠳᠠᠭᠤᠤ ᠬᠦᠭᠵᠢᠮᠳᠤ ᠵᠦᠴᠦᠬᠡ 《ᠬᠠᠷᠢᠶᠠᠴᠠᠢ》᠁ ᠡᠳᠡᠭᠡᠷ 《ᠠᠮᠢᠳᠤᠷᠠᠯ᠎ᠤᠨ ᠳᠤᠮᠳᠠᠬᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠨᠤᠬᠦᠳ ᠨᠢ ᠤᠯᠠᠮᠵᠢᠯᠠᠯᠲᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠲᠤᠳᠠᠭᠤᠳᠠᠯ᠎ᠢ ᠢᠯᠠᠨ ᠲᠠᠪᠠᠵᠤ᠂ ᠠᠯᠢ ᠤᠯᠠᠨ ᠰᠢᠨ᠎ᠡ ᠰᠡᠪᠡᠭᠦᠨ ᠦᠵᠡᠭᠳᠡᠯ᠎ᠦᠳ᠎ᠢᠶᠡᠷ ᠳᠠᠮᠵᠢᠭᠤᠯᠤᠨ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠠᠮᠢᠳᠤ ᠲᠦᠷᠰᠦᠯᠢᠭ ᠵᠢᠡᠷ ᠬᠦᠮᠦᠰ᠎ᠤᠨ ᠰᠡᠳᠬᠢᠯ ᠳ᠋ᠤ ᠬᠠᠳᠠᠩᠰᠢᠭᠤᠯᠵᠠᠢ᠃


QQ20260413-191228.png


ᠬᠤᠷᠠᠯ ᠳᠡᠬᠡᠷᠡᠬᠢ 5 ᠲᠦᠯᠦᠬᠡᠯᠡᠭᠴᠢ ᠪᠠᠭᠰᠢ ᠵᠢᠨ ᠵᠢᠱ᠌ᠢᠶ᠎ᠠ ᠦᠵᠡᠬᠦᠯᠬᠦ ᠬᠢᠴᠢᠶᠡᠯᠯᠡᠬᠡ ᠵᠢᠨ 《ᠪᠠᠭ᠎ᠠ ᠬᠢᠴᠢᠶᠡᠯ᠎ᠦᠨ ᠲᠠᠩᠬᠢᠮ》 ᠨᠢ ᠥᠪᠥᠷ ᠮᠣᠩᠭᠣᠯ᠎ᠤᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠪᠦᠷᠢᠨ ᠳᠤᠰᠬᠠᠭᠰᠠᠨ ᠪᠠᠢᠨ᠎ᠠ᠃

ᠠᠩᠭᠢ᠎ᠶᠢᠨ ᠡᠷᠬᠢᠯᠡᠭᠴᠢ ᠪᠣᠯ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠴᠢᠬᠤᠯᠠ ᠬᠦᠴᠦᠨ᠂ ᠰᠤᠷᠤᠭ᠍ᠴᠢᠳ ᠲᠠᠢ ᠦᠷᠬᠦᠯᠵᠢ ᠬᠠᠮᠳᠤ ᠪᠠᠢᠵᠤ ᠳᠡᠳᠡᠨ᠎ᠢ ᠬᠠᠮᠤᠭ ᠡᠴᠡ ᠢᠯᠡᠬᠦᠦ ᠨᠦᠯᠦᠬᠡᠯᠡᠵᠦ ᠬᠦᠳᠦᠯᠦᠨ ᠲᠠᠭᠠᠭᠤᠯᠳᠠᠭ ᠬᠦᠮᠦᠰ ᠪᠤᠯᠤᠨ᠎ᠠ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠠᠩᠭᠢ᠎ᠶᠢᠨ ᠡᠷᠬᠢᠯᠡᠭᠴᠢ ᠬᠠᠨ ᠰᠢᠦᠢ ᠭᠠᠵᠠᠷ ᠵᠦᠢ᠎ᠶᠢᠨ ᠲᠤᠰᠬᠠᠢ ᠮᠡᠷᠭᠡᠵᠢᠯ᠎ᠦᠨ ᠰᠡᠳᠬᠢᠬᠦᠢ᠎ᠶᠢ ᠠᠩᠭᠢ ᠳᠠᠭᠠᠭᠤᠯᠤᠨ ᠬᠥᠮᠥᠨ᠎ᠢ ᠬᠥᠮᠥᠵᠢᠭᠦᠯᠬᠦ ᠠᠷᠭ᠎ᠠ ᠪᠣᠳᠣᠯᠭ᠎ᠠ᠎ᠳᠤ ᠠᠭᠤᠰᠬᠠᠵᠤ᠂ 《ᠠᠭᠤᠯᠠ ᠤᠰᠤ᠎ᠪᠠᠷ ᠬᠥᠮᠥᠨ᠎ᠢ ᠬᠥᠮᠥᠵᠢᠭᠦᠯᠬᠦ》ᠦᠵᠡᠭᠦᠯᠭᠡ᠎ᠶᠢᠨ ᠬᠢᠴᠢᠶᠡᠯ ᠨᠢ ᠤᠯᠤᠰ ᠭᠡᠷ᠎ᠦᠨ ᠬᠠᠢᠷ᠎ᠠ ᠰᠡᠳᠬᠢᠯᠭᠡ ᠵᠢ ᠠᠩᠭᠢ ᠨᠢᠭᠡᠴᠢ᠎ᠶᠢᠨ ᠬᠥᠮᠥᠨ᠎ᠢ ᠬᠥᠮᠥᠵᠢᠭᠦᠯᠬᠦ᠎ᠯᠤᠭᠡ ᠭᠦᠨᠵᠡᠭᠡᠢ ᠠᠭᠤᠰᠤᠯᠴᠠᠭᠤᠯᠵᠤ᠂ ᠯᠠᠪᠳᠠᠭᠤᠨ ᠪᠠᠳᠤᠳᠠᠢ ᠠᠩᠭᠢ᠎ᠶᠢᠨ ᠬᠠᠮᠢᠶᠠᠷᠤᠯᠲᠠ᠎ᠶᠢᠨ ᠣᠶᠤᠨ ᠤᠬᠠᠭᠠᠨ᠎ᠢ ᠢᠯᠡᠷᠡᠭᠦᠯᠦᠭᠰᠡᠨ ᠪᠠᠢᠨ᠎ᠠ᠃


QQ20260413-191235.png


ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠱᠠᠳᠤ ᠱᠠᠳᠤ ᠪᠡᠷ ᠬᠦᠨᠵᠡᠬᠡᠢᠷᠡᠬᠦᠯᠦᠨ ᠵᠤᠯᠭᠠᠭᠤᠯᠵᠤ᠂ ᠡᠯ᠎ᠡ ᠰᠤᠷᠤᠯᠭ᠎ᠠ᠎ᠶᠢᠨ ᠱᠠᠲᠤᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠢ ᠬᠡᠷᠬᠢᠨ ᠰᠠᠢᠲᠤᠷ ᠬᠢᠬᠦ ᠳᠤᠬᠠᠢ ᠤᠯᠠᠭᠠᠨᠬᠠᠳᠠ ᠬᠤᠳᠠ ᠵᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠨᠢᠭᠡ ᠴᠤᠭᠴᠠᠵᠢᠭᠤᠯᠬᠤ ᠬᠠᠮᠲᠤ᠎ᠶᠢᠨ ᠴᠣᠭᠴᠠ᠎ᠶᠢᠨ ᠭᠤᠷᠪᠠᠨ ᠪᠠᠭ᠍ᠰᠢ ᠵᠢᠨ 《ᠬᠠᠰ ᠯᠤᠤ ᠵᠢᠨ ᠢᠷᠠᠯ ᠭᠠᠷᠤᠯ᠎ᠢ ᠡᠷᠢᠬᠦᠢ·ᠰᠡᠳᠬᠢᠯ᠎ᠨᠢᠬᠡᠳᠦᠨ ᠬᠦᠰᠡᠯ ᠮᠦᠷᠦᠬᠡᠳᠦᠯ ᠵᠢᠡᠨ ᠳᠡᠷᠬᠡᠯᠰᠢᠬᠦᠯᠦᠢ᠎ᠠ》 ᠬᠡᠬᠦ ᠵᠢᠱ᠌ᠢᠶ᠎ᠡ ᠦᠵᠡᠭᠦᠯᠬᠦ ᠬᠢᠴᠢᠶᠡᠯ ᠨᠢ ᠮᠠᠰᠢ ᠰᠤᠨᠢᠷᠬᠠᠯᠳᠠᠢ ᠪᠠᠢᠳᠠᠭ᠃ ᠲᠡᠳᠡ ᠳᠤᠮᠳᠠᠳᠤ᠎ᠶᠢᠨ ᠰᠣᠶᠣᠯ᠎ᠤᠨ ᠦᠨᠡᠲᠦ ᠡᠷᠳᠡᠨᠢ᠎ᠪᠤᠯᠬᠤ ᠬᠣᠩ ᠱᠠᠨ᠎ᠤ C ᠬᠡᠯᠪᠡᠷᠢᠳᠤ ᠬᠠᠰ ᠯᠤᠤ ᠪᠡᠷ ᠭᠣᠣᠯ ᠰᠢᠵᠢᠮ ᠪᠣᠯᠭᠠᠵᠤ᠂ ᠪᠠᠭ᠎ᠠ ᠰᠤᠷᠭᠠᠭᠤᠯᠢ᠎ᠵᠢᠨ ᠬᠢᠴᠢᠶᠡᠯ ᠳ᠋ᠤ ᠬᠠᠰ ᠯᠤᠤ ᠪᠣᠯᠣᠨ ᠬᠢᠲᠠᠳ ᠥᠰᠥᠭ᠎ᠢᠶᠡᠷ ᠵᠠᠭᠤᠴᠢ ᠪᠣᠯᠭᠠᠨ᠂ ᠰᠤᠷᠤᠭ᠍ᠴᠢᠳ᠎ᠲᠤ ᠳᠤᠮᠳᠠᠳᠤ᠎ᠶᠢᠨ ᠪᠣᠯᠪᠠᠰᠤᠨ᠎ᠤ ᠠᠮᠢᠨ ᠰᠤᠳᠠᠰᠤ ᠵᠢᠨ ᠰᠢᠨ᠎ᠡ ᠰᠣᠷᠭᠣᠭ ᠢᠮ ᠲᠠᠮᠠᠭ᠎ᠠ᠎ᠶᠢ ᠠᠩᠬ᠎ᠠ ᠳᠠᠨᠢᠭᠤᠯᠵᠠᠢ;ᠳᠤᠮᠳᠠᠳᠤ ᠰᠤᠷᠭᠠᠭᠤᠯᠢ ᠵᠢᠨ ᠬᠢᠴᠢᠶᠡᠯ ᠳ᠋ᠤ ᠭᠠᠵᠠᠷ ᠣᠷᠣᠨ ᠠᠯᠤᠰᠯᠠᠭᠰᠠᠨ ᠬᠠᠰ ᠯᠤᠤ ᠵᠢᠨ ᠰᠣᠶᠣᠯ᠎ᠤᠨ ᠠᠭᠤᠰᠤᠯᠴᠠᠯ᠎ᠢᠶᠠᠷ ᠰᠢᠵᠢᠮ ᠪᠣᠯᠭᠠᠵᠤ᠂ ᠰᠤᠷᠤᠭ᠍ᠴᠢᠳ᠎ᠲᠤ ᠳᠤᠮᠳᠠᠳᠤ᠎ᠶᠢᠨ ᠪᠣᠯᠪᠠᠰᠤᠨ᠎ᠤ ᠤᠯᠠᠨ ᠡᠰᠢᠲᠦ ᠨᠢᠭᠡ ᠴᠣᠭᠴᠠᠵᠢᠭ᠍ᠰᠠᠨ᠂ ᠦᠶ᠎ᠡ᠎ᠶᠢᠨ ᠦᠶ᠎ᠡ ᠣᠷᠣᠰᠢᠨ ᠲᠣᠭᠲᠠᠨᠢᠬᠤ ᠣᠨᠴᠠᠯᠢᠭ᠋᠎ᠢ ᠣᠢᠯᠠᠭᠠᠭᠤᠯᠪᠠ;ᠶᠡᠬᠡ ᠰᠤᠷᠭᠠᠭᠤᠯᠢ ᠵᠢᠨ ᠬᠢᠴᠢᠶᠡᠯ ᠳ᠋ᠤ ᠬᠠᠰ ᠯᠤᠤ ᠨᠢ ᠯᠢᠶᠣᠤᠾᠧ ᠭᠣᠣᠯ᠎ᠤᠨ ᠰᠠᠪᠠ ᠭᠠᠵᠠᠷ ᠪᠣᠯᠣᠨ ᠬᠠᠳᠤᠨ ᠭᠣᠣᠯ᠎ᠤᠨ ᠰᠠᠪᠠ ᠭᠠᠵᠠᠷ᠎ᠤᠨ ᠪᠣᠯᠪᠠᠰᠤᠨ᠎ᠤ ᠴᠢᠬᠤᠯᠠ ᠡᠬᠢ ᠰᠤᠷᠪᠤᠯᠵᠢ ᠪᠤᠯᠬᠤ ᠵᠢ ᠳᠠᠢᠯᠪᠤᠷᠢᠯᠠᠵᠤ᠂ ᠰᠤᠷᠤᠭ᠍ᠴᠢᠳ᠎ᠤᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ ᠪᠣᠯᠣᠨ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠳᠦ ᠢᠳᠡᠪᠬᠢᠲᠡᠢ ᠤᠷᠤᠯᠴᠠᠬᠤ ᠵᠢ ᠳᠠᠢᠴᠢᠯᠠᠭᠰᠠᠨ ᠪᠠᠢᠨ᠎ᠠ᠃ ᠡᠨᠡ᠎ᠬᠦ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠬᠢᠴᠢᠶᠡᠯ ᠨᠢ ᠡᠳᠦᠷ ᠳᠤᠳᠤᠮ᠎ᠤᠨ ᠰᠤᠷᠤᠯᠭ᠎ᠠ᠎ᠶᠢᠨ ᠱᠠᠳᠤ ᠠᠯᠤᠰᠯᠠᠭᠰᠠᠨ ᠵᠢᠭᠠᠬᠤ ᠵᠢ ᠰᠤᠳᠤᠯᠬᠤ ᠲᠣᠭᠲᠠᠴᠠ᠎ᠶᠢᠨ ᠠᠮᠢᠳᠤᠯᠢᠭ᠋ ᠢᠯᠡᠷᠡᠭᠦᠯᠦᠯ ᠪᠣᠯᠬᠤ᠎ᠪᠠᠷ ᠪᠠᠷᠠᠬᠤ ᠦᠭᠡᠢ᠂ ᠥᠪᠥᠷ ᠮᠣᠩᠭᠣᠯ᠎ᠤᠨ ᠲᠡᠦᠬᠡ ᠰᠣᠶᠣᠯ᠎ᠤᠨ ᠡᠬᠢ ᠪᠠᠶᠠᠯᠢᠭ ᠵᠢᠡᠷ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠦᠯᠢᠭᠡᠷ᠎ᠢ ᠰᠠᠢᠲᠤᠷ ᠶᠠᠷᠢᠬᠤ ᠰᠢᠨ᠎ᠡ ᠰᠦᠪᠡᠭᠴᠢᠯᠡᠯ ᠪᠣᠯᠣᠨ᠎ᠠ᠃

 ᠠᠩᠭᠢ᠎ᠶᠢᠨ ᠬᠤᠷᠠᠯ᠎ᠤᠨ ᠬᠢᠴᠢᠶᠡᠯ ᠪᠣᠯ ᠶᠣᠰᠣ᠌ ᠰᠤᠷᠲᠠᠬᠤᠨ᠎ᠤ ᠬᠥᠮᠦᠵᠢᠯ᠎ᠦᠨ ᠠᠵᠢᠯ᠎ᠤᠨ ᠭᠣᠣᠯ ᠵᠢᠭ᠍ᠰᠠᠭᠠᠯ᠎ᠤᠨ ᠭᠠᠵᠠᠷ᠂ ᠪᠠᠭ᠍ᠰᠢ ᠰᠤᠷᠤᠭ᠍ᠴᠢᠳ᠎ᠤᠨ ᠬᠣᠣᠰ ᠴᠢᠭᠯᠡᠯ᠎ᠢᠶᠡᠷ ᠬᠠᠷᠢᠯᠴᠠᠨ ᠴᠢᠳᠠᠪᠤᠷᠢ ᠣᠯᠭᠣᠬᠤ ᠦᠰᠦᠨ ᠪᠣᠶ᠋ᠢᠵᠢᠯᠲᠠ᠎ᠶᠢᠨ ᠬᠢᠴᠢᠶᠡᠯ᠎ᠦᠨ ᠲᠠᠩᠬᠢᠮ ᠪᠣᠯᠣᠨ᠎ᠠ᠃ ᠬᠥᠬᠡᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠸᠠᠩ ᡁᠢ ᠬᠠᠩ᠂ ᠸᠠᠩ ᠯᠦ᠍ ᠬᠣᠶᠠᠷ ᠪᠠᠭ᠍ᠰᠢ ᠵᠢᠨ 《ᠤᠭ ᠰᠠᠨᠠᠭ᠎ᠠ ᠪᠠᠨ ᠪᠠᠳᠤ ᠰᠠᠬᠢᠵᠤ᠂ ᠭᠤᠷᠪᠠ ᠤᠳᠠᠭᠠᠨ᠎ᠤ ᠨᠡᠬᠦᠳᠡᠯ ᠵᠢᠡᠷ ᠬᠦᠰᠡᠯ ᠵᠡᠭᠦᠳᠦ ᠪᠠᠨ ᠳᠡᠷᠬᠡᠯᠰᠢᠬᠦᠯᠦᠯ᠎ᠡ》 ᠬᠡᠬᠦ ᠠᠩᠬᠢ ᠵᠢᠨ ᠬᠤᠷᠠᠯ᠎ᠤᠨ ᠬᠢᠴᠢᠶᠡᠯ ᠨᠢ ᠰᠤᠷᠤᠭᠴᠢᠳ ᠲᠸ᠋ 《ᠰᠠᠨᠰᠠᠷ᠎ᠤᠨ ᠠᠶᠠᠯᠠᠯ᠎ᠤᠨ ᠦᠢᠯᠡᠰ᠎ᠤᠨ ᠲᠦᠯᠦᠬᠡ ᠬᠤᠰᠢᠭᠤᠨ ᠲᠦᠪ ᠵᠢᠡᠨ ᠭᠤᠷᠪᠠᠨᠳᠠ ᠨᠡᠬᠦᠯᠬᠡᠭᠰᠡᠨ》 ᠥᠯᠢᠭᠡᠷ ᠵᠢᠡᠷ ᠰᠠᠨᠰᠠᠷ᠎ᠤᠨ ᠠᠶᠠᠯᠠᠯ᠎ᠤᠨ ᠵᠣᠷᠢᠭ᠋ ᠰᠠᠨᠠᠭ᠎ᠠ᠎ᠶᠢ ᠦᠢᠯᠡᠳᠦᠯᠭᠡᠵᠢᠭᠦᠯᠬᠦ᠂ ᠵᠠᠯᠠᠭᠤ ᠨᠠᠰᠤ᠎ᠪᠠᠨ ᠡᠬᠡ ᠤᠯᠤᠰ᠎ᠲᠠᠭᠠᠨ ᠵᠣᠷᠢᠭᠤᠯᠬᠤ ᠬᠥᠮᠥᠨ᠎ᠦ ᠠᠮᠢᠳᠤᠷᠠᠯ᠎ᠤᠨ ᠬᠦᠰᠡᠯ ᠳᠡᠮᠡᠦᠯᠦᠯ᠎ᠤᠨ ᠳᠤᠬᠠᠢ ᠬᠦᠮᠦᠵᠢᠯ ᠬᠦᠷᠳᠡᠭᠡᠪᠡ᠃

 ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠪᠣᠯ ᠨᠢᠭᠡᠨ ᠰᠢᠰᠲᠧᠮᠳᠤ ᠢᠨᠵᠧᠨᠧᠷᠢᠩ ᠪᠤᠯᠤᠨ᠎ᠠ᠃ ᠡᠯ᠎ᠡ ᠬᠢᠴᠢᠶᠡᠯ ᠲᠦᠷᠦᠯ ᠳ᠋ᠤ ᠬᠠᠷᠢᠭᠤᠴᠠᠯᠭ᠎ᠠ ᠵᠢ ᠰᠠᠢᠳᠤᠷ ᠶᠠᠷᠢᠵᠤ ᠰᠠᠢᠳᠤᠷ ᠪᠡᠶᠡᠯᠡᠭᠦᠯᠬᠦ ᠨᠢ ᠮᠠᠰᠢ ᠴᠢᠬᠤᠯᠠ ᠪᠠᠢᠳᠠᠭ᠃ ᠲᠤᠰᠬᠠᠢ ᠮᠡᠷᠭᠡᠵᠢᠯ᠎ᠦᠨ ᠬᠢᠴᠢᠶᠡᠯ᠎ᠳᠡᠬᠢ ᠦᠵᠡᠯ ᠰᠠᠨᠠᠭ᠎ᠠ ᠤᠯᠤᠰ ᠲᠥᠷᠥ᠎ᠶᠢᠨ ᠡᠯᠧᠮᠧᠨ᠋ᠲ᠎ᠢ ᠠᠭᠤᠳᠠᠯᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ ᠬᠢᠭᠡᠳ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠠᠳᠠᠯᠢ ᠴᠢᠭᠯᠡᠯ᠎ᠢᠶᠡᠷ ᠤᠷᠤᠭᠰᠢᠯᠠᠬᠤ ᠵᠢ᠎ᠬᠡᠷᠬᠢᠨ ᠪᠡᠶᠡᠯᠡᠬᠦᠯᠬᠦ ᠳᠤᠬᠠᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠪᠠᠢ᠎ᠶᠢᠨ ᠪᠠᠭ᠍ᠰᠢ ᠡᠴᠡ 《ᠫᠢᠫᠠ᠎ᠶᠢᠨ ᠤᠷᠠᠯᠢᠭ᠋᠎ᠲᠠᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ》 ᠵᠢᠨ ᠳᠡᠯᠭᠡᠨ ᠦᠵᠡᠭᠦᠯᠬᠡ ᠪᠡᠷ ᠳᠠᠮᠵᠢᠭᠤᠯᠵᠤ᠂ ᠤᠷᠠᠯᠢᠭ᠋᠎ᠤᠨ ᠬᠠᠷᠠᠭᠠᠰᠤ ᠠ᠋ᠴᠠ ᠦᠵᠡᠯ ᠰᠠᠨᠠᠭ᠎ᠠ ᠤᠯᠤᠰ ᠲᠥᠷᠥ᠎ᠶᠢᠨ ᠡᠯᠧᠮᠧᠨ᠋ᠲ᠎ᠢ ᠠᠭᠤᠳᠠᠯᠵᠤ᠂ ᠰᠤᠷᠤᠭ᠍ᠴᠢᠳ᠎ᠲᠤ ᠫᠢᠫᠠ᠎ᠶᠢᠨ ᠤᠷᠠᠯᠢᠭ᠋᠎ᠤᠨ ᠬᠥᠭᠵᠢᠯᠲᠡ᠎ᠶᠢᠨ ᠶᠠᠪᠤᠴᠠ᠎ᠶᠢ ᠣᠢᠯᠠᠭᠠᠭᠤᠯᠤᠭᠰᠠᠨ ᠪᠥᠭᠡᠳ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢ ᠮᠡᠳᠡᠷᠡᠭᠦᠯᠵᠡᠢ᠃

ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠵᠢ ᠰᠤᠷᠭᠠᠭᠤᠯᠢ᠎ᠶᠢᠨ ᠬᠦᠷᠢᠶᠡᠨ᠎ᠳᠦ ᠴᠢᠬᠤᠯᠠᠴᠢᠯᠠᠬᠤ᠎ᠪᠠᠷ ᠪᠠᠷᠠᠬᠤ ᠦᠭᠡᠢ᠂ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠳᠤ ᠠᠭᠤᠰᠤᠯᠴᠠᠭᠤᠯᠵᠤ᠂ ᠬᠥᠮᠥᠨ᠎ᠢ ᠬᠥᠮᠥᠵᠢᠭᠦᠯᠬᠦ ᠣᠷᠣᠨ ᠵᠠᠢ ᠪᠠ ᠵᠢᠭ᠍ᠰᠠᠭᠠᠯ᠎ᠤᠨ ᠭᠠᠵᠠᠷ᠎ᠢ ᠲᠠᠰᠤᠷᠠᠯᠲᠠ ᠦᠭᠡᠢ ᠥᠷᠭᠡᠳᠬᠡᠵᠦ᠂ ᠰᠤᠷᠤᠭ᠍ᠴᠢᠳ᠎ᠤᠨ ᠮᠡᠳᠡᠯᠭᠡ ᠪᠠ ᠦᠢᠯᠡ ᠠᠵᠢᠯᠯᠠᠭ᠎ᠠ᠎ᠶᠢ ᠨᠢᠭᠡᠳᠬᠡᠵᠦ᠂ ᠰᠤᠷᠤᠭᠰᠠᠨ᠎ᠢ ᠨᠢ ᠬᠡᠷᠡᠭᠯᠡᠬᠦᠯᠬᠦ ᠨᠢ ᠮᠠᠰᠢ ᠴᠢᠬᠤᠯᠠ ᠪᠠᠢᠳᠠᠭ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠴᠢ ᠲᠡᠭᠦᠨ᠎ᠤ ᠬᠠᠷᠢᠶᠠᠲᠤ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠰᠤᠷᠭᠠᠭᠤᠯᠢ᠎ᠶᠢᠨ ᠲᠡᠦᠬᠡ᠎ᠡᠴᠡ᠎ᠪᠡᠨ ᠬᠥᠮᠥᠨ᠎ᠢ ᠬᠥᠮᠥᠵᠢᠭᠦᠯᠬᠦ ᠪᠣᠷᠣ᠌ ᠮᠠᠲᠧᠷᠢᠶᠠᠯ ᠠᠭᠤᠳᠠᠯᠵᠤ᠂《ᠰᠢᠷᠬᠡᠭ ᠡᠪᠡᠰᠦ᠎ᠡᠴᠡ ᠠᠶᠠᠭ᠎ᠠ ᠰᠦ ᠬᠦᠷᠲᠡᠯ᠎ᠡ》 ᠭᠡᠬᠦ ᠰᠤᠷᠭᠠᠭᠤᠯᠢ᠎ᠶᠢᠨ ᠬᠦᠷᠢᠶᠡᠨ᠎ᠦ ᠵᠦᠴᠦᠭᠡ ᠪᠡᠷ ᠳᠠᠮᠵᠢᠭᠤᠯᠵᠤ᠂ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ》ᠵᠢᠡᠷ ᠰᠤᠷᠤᠭ᠍ᠴᠢᠳ᠎ᠤᠨ ᠮᠡᠳᠡᠯᠭᠡ᠎ᠶᠢ ᠨᠡᠮᠡᠭᠳᠡᠭᠦᠯᠵᠦ᠂ ᠬᠦᠰᠡᠯ ᠵᠤᠷᠢᠭ᠎ᠢ ᠨᠢ ᠬᠦᠪᠴᠢᠯᠡᠪᠡ᠃

ᠠᠮᠢᠳᠤᠷᠠᠯ ᠳᠤᠮᠳᠠᠬᠢ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠦᠵᠡᠬᠦᠯᠬᠡ᠂ ᠠᠩᠭᠢ᠎ᠨᠢᠬᠡᠴᠢ ᠪᠡᠷ ᠬᠥᠮᠥᠨ᠎ᠢ ᠬᠥᠮᠥᠵᠢᠭᠦᠯᠬᠦ ᠪᠠᠷᠢᠮᠳᠠᠯᠠᠯ᠎ᠠᠴᠠ ᠬᠣᠣᠰ ᠪᠠᠭ᠍ᠰᠢ ᠬᠠᠮᠵᠢᠯᠴᠠᠨ ᠬᠦᠮᠦᠵᠢᠬᠦᠯᠬᠦ ᠠᠮᠢᠳᠤᠯᠢᠭ᠋ ᠦᠢᠯᠡᠳᠦᠯᠭᠡ ᠬᠦᠷᠲᠡᠯ᠎ᠡ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢ ᠵᠤᠯᠭᠠᠭᠤᠯᠤᠨ ᠬᠥᠮᠥᠵᠢᠭᠦᠯᠬᠦ᠎ᠡᠴᠡ ᠦᠵᠡᠯ ᠰᠠᠨᠠᠭ᠎ᠠ ᠤᠯᠤᠰ ᠲᠦᠷᠦ᠎ᠶᠢᠨ ᠬᠦᠮᠦᠵᠢᠯ᠎ᠢ ᠬᠢᠴᠢᠶᠡᠯ ᠲᠦᠷᠦᠯ ᠳᠠᠢ ᠭᠦᠨᠵᠡᠭᠡᠢ ᠠᠭᠤᠰᠤᠯᠴᠠᠭᠤᠯᠬᠤ ᠬᠦᠷᠲᠡᠯ᠎ᠡ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ ᠢᠳᠡ ᠬᠦᠭ ᠲᠡᠢ ᠦᠷᠨᠢᠵᠦ ᠪᠠᠢᠨ᠎ᠠ᠃ ᠡᠨᠡ ᠪᠣᠯ ᠥᠪᠥᠷ ᠮᠣᠩᠭᠣᠯ᠎ᠤᠨ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠠᠮᠢᠳᠤᠯᠢᠭ᠋ ᠦᠢᠯᠡᠳᠦᠯᠭᠡ ᠮᠦᠨ᠂ ᠬᠢᠴᠢᠶᠡᠯ ᠳᠡᠬᠡᠷᠡᠬᠢ ᠪᠠ ᠬᠢᠴᠢᠶᠡᠯ᠎ᠤᠨ ᠳᠠᠷᠠᠭᠠᠬᠢ ᠵᠢ ᠬᠤᠯᠪᠤᠯᠳᠤᠭᠤᠯᠬᠤ᠂ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠵᠢ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢ ᠠᠭᠤᠰᠤᠯᠴᠠᠭᠤᠯᠬᠤ ᠰᠢᠨ᠎ᠡ᠎ᠶᠢ ᠡᠭᠦᠳᠬᠦ ᠰᠦᠪᠡᠭᠴᠢᠯᠡᠯᠲᠡ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号