ᠥᠪᠥᠷ ᠮᠣᠩᠭᠣᠯ᠎ᠤᠨ 369 ᠠᠷᠠᠳ᠎ᠤᠨ ᠴᠠᠭ᠍ᠳᠠᠭ᠎ᠠ ᠬᠢᠯᠢ ᠬᠢᠵᠠᠭᠠᠷ᠎ᠢ ᠰᠠᠬᠢᠭ᠍ᠰᠠᠨ ᠳᠤᠷᠠᠰᠭᠠᠯ᠎ᠤᠨ ᠲᠡᠮᠳᠡᠭ᠎ᠢ ᠬᠦᠷᠳᠡᠵᠡᠢᠥᠪᠥᠷ ᠮᠣᠩᠭᠣᠯ᠎ᠤᠨ 369 ᠠᠷᠠᠳ᠎ᠤᠨ ᠴᠠᠭ᠍ᠳᠠᠭ᠎ᠠ ᠬᠢᠯᠢ ᠬᠢᠵᠠᠭᠠᠷ᠎ᠢ ᠰᠠᠬᠢᠭ᠍ᠰᠠᠨ ᠳᠤᠷᠠᠰᠭᠠᠯ᠎ᠤᠨ ᠲᠡᠮᠳᠡᠭ᠎ᠢ ᠬᠦᠷᠳᠡᠵᠡᠢ
2026-04-15 09:44:04
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ᠌ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠡᠯ᠎ᠡ ᠱᠠᠲᠤᠨ᠎ᠤ ᠨᠢᠭᠡᠴᠢ 2026 ᠣᠨ᠎ᠤ ᠬᠢᠯᠢ ᠬᠢᠵᠠᠭᠠᠷ᠎ᠢ ᠰᠠᠬᠢᠨ ᠬᠠᠮᠠᠭᠠᠯᠠᠭ᠍ᠰᠠᠨ ᠳᠤᠷᠠᠰᠭᠠᠯ᠎ᠤᠨ ᠲᠡᠮᠳᠡᠭ ᠣᠯᠭᠣᠬᠤ ᠶᠣᠰᠣᠯᠠᠯ ᠶᠠᠪᠤᠭᠤᠯᠵᠤ᠂ ᠮᠠᠨ᠎ᠤ ᠣᠷᠣᠨ᠎ᠤ ᠬᠢᠯᠢ᠎ᠶ᠋ᠢᠨ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠨᠤᠲᠤᠭ᠍ᠰᠢᠭ᠍ᠰᠠᠨ 369 ᠨᠡᠷᠡᠰ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ᠎ᠳᠤ ᠳᠤᠷᠠᠰᠭᠠᠯ᠎ᠤᠨ ᠲᠡᠮᠳᠡᠭ ᠣᠯᠭᠣᠵᠤ᠂ ᠲᠡᠳᠡᠨ᠎ᠢ ᠣᠯᠠᠨ ᠵᠢᠯ᠎ᠤᠨ ᠲᠤᠷᠰᠢ ᠬᠢᠯᠢ ᠬᠢᠵᠠᠭᠠᠷ ᠣᠷᠣᠨ᠎ᠳᠤ ᠨᠤᠲᠤᠭ᠍ᠰᠢᠵᠤ᠂ ᠬᠢᠯᠢ ᠬᠢᠵᠠᠭᠠᠷ ᠣᠷᠣᠨ᠎ᠳᠤ ᠬᠤᠪᠢ ᠨᠡᠮᠡᠷᠢ ᠦᠵᠡᠭᠦᠯᠦᠭ᠌ᠰᠡᠨ ᠦᠨᠡᠨᠴᠢ ᠱᠢᠳᠤᠷᠭᠤ ᠪᠠ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠬᠤ᠎ᠶ᠋ᠢ ᠬᠥᠬᠢᠭᠦᠯᠦᠨ ᠰᠠᠢᠱᠢᠶᠠᠪᠠ᠃

ᠲᠣᠰ ᠤᠳᠠᠭᠠᠨ᠎ᠤ ᠬᠥᠬᠢᠭᠦᠯᠦᠯ ᠭᠥᠷᠳᠡᠭ᠌ᠰᠡᠨ ᠬᠥᠮᠦᠰ᠎ᠦᠨ ᠳᠣᠲᠣᠷ᠎ᠠ᠂ 3 ᠬᠥᠮᠦᠨ ᠬᠢᠯᠢ ᠬᠢᠵᠠᠭᠠᠷ ᠢ᠋ ᠰᠠᠬᠢᠨ  ᠬᠠᠮᠠᠭᠠᠯᠠᠬᠰᠠᠨ ᠠᠯᠲᠠᠨ ᠳᠤᠷᠠᠰᠭᠠᠯ᠎ᠤᠨ ᠲᠡᠮᠳᠡᠭ ᠭᠥᠷᠳᠡᠵᠦ᠍᠂ 70 ᠬᠥᠮᠦᠨ ᠬᠢᠯᠢ ᠬᠢᠵᠠᠭᠠᠷ ᠢ᠋ ᠰᠠᠬᠢᠨ ᠬᠠᠮᠠᠭᠠᠯᠠᠬᠰᠠᠨ ᠮᠥᠩᠭᠥᠨ ᠳᠤᠷᠠᠰᠭᠠᠯ᠎ᠤᠨ ᠲᠡᠮᠳᠡᠭ ᠭᠥᠷᠳᠡᠵᠦ᠍᠂ 296 ᠬᠥᠮᠦᠨ ᠬᠢᠯᠢ ᠬᠢᠵᠠᠭᠠᠷ ᠎ᠢ ᠬᠠᠮᠠᠭᠠᠯᠠᠭ᠍ᠰᠠᠨ ᠬᠦᠷᠡᠯ ᠳᠤᠷᠠᠰᠭᠠᠯ᠎ᠤᠨ ᠲᠡᠮᠳᠡᠭ ᠭᠥᠷᠳᠡᠪᠡ᠃ 2023 ᠣᠨ᠎ᠳᠤ ᠠᠩᠬ᠎ᠠ ᠤᠳᠠᠭ᠎ᠠ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠳᠤ ᠨᠢᠭᠡᠨᠲᠡ 8 ᠬᠥᠮᠦᠨ ᠠᠯᠲᠠᠨ ᠳᠤᠷᠠᠰᠭᠠᠯ᠎ᠤᠨ ᠲᠡᠮᠳᠡᠭ ᠭᠥᠷᠳᠡᠵᠦ᠍᠂ 344 ᠬᠥᠮᠦᠨ ᠮᠥᠩᠭᠥᠨ ᠳᠤᠷᠠᠰᠭᠠᠯ᠎ᠤᠨ ᠲᠡᠮᠳᠡᠭ ᠭᠥᠷᠳᠡᠵᠦ᠍᠂ 1880 ᠬᠥᠮᠦᠨ ᠬᠦᠷᠡᠯ ᠳᠤᠷᠠᠰᠭᠠᠯ᠎ᠤᠨ ᠲᠡᠮᠳᠡᠭ ᠭᠥᠷᠳᠡᠪᠡ᠃

ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ ᠳ᠋ᠤ ᠪᠠᠢᠷᠢᠯᠠᠵᠤ᠂ ᠬᠢᠯᠢ᠎ᠶ᠋ᠢᠨ ᠱᠤᠭᠤᠮ ᠤᠷᠲᠤ᠂ ᠭᠠᠵᠠᠷ ᠵᠦᠶ᠎ᠶ᠋ᠢᠨ ᠣᠷᠴᠢᠨ ᠨᠦᠬᠦᠴᠡᠯ ᠪᠤᠳᠤᠯᠢᠶᠠᠨᠲᠠᠶ᠃ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠬᠢᠯᠢ᠎ᠶ᠋ᠢᠨ ᠡᠮᠦᠨ᠎ᠡ ᠹᠷᠣᠨᠲ᠎ᠲᠤ ᠰᠠᠭᠤᠵᠤ᠂ ᠬᠢᠯᠢ᠎ᠶ᠋ᠢᠨ ᠱᠤᠭᠤᠮ᠎ᠢ ᠠᠯᠬᠤᠭ᠎ᠠ ᠪᠡᠷ ᠬᠡᠮᠵᠢᠵᠦ᠍᠂ ᠦᠨᠡᠨᠴᠢ ᠱᠢᠳᠤᠷᠭᠤ᠎ᠪᠠᠷ ᠲᠦᠭ ᠲᠦᠮᠡᠨ ᠡᠷᠦᠬᠡ᠎ᠶ᠋ᠢ ᠰᠠᠬᠢᠨ ᠬᠠᠮᠠᠭᠠᠯᠠᠵᠤ᠂ ᠬᠢᠯᠢ ᠬᠢᠵᠠᠭᠠᠷ ᠣᠷᠣᠨ᠎ᠤ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠂ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠳᠦ ᠴᠢᠬᠤᠯᠠ ᠬᠤᠪᠢ ᠨᠡᠮᠡᠷᠢ ᠦᠵᠡᠭᠦᠯᠪᠡ᠃ ᠬᠢᠯᠢ ᠬᠢᠵᠠᠭᠠᠷ᠎ᠢ ᠰᠠᠬᠢᠨ ᠬᠠᠮᠠᠭᠠᠯᠠᠬᠰᠠᠨ ᠳᠤᠷᠠᠰᠭᠠᠯ᠎ᠤᠨ ᠲᠡᠮᠳᠡᠭ ᠣᠯᠭᠣᠭ᠍ᠰᠠᠨ ᠠᠷᠠᠳ᠎ᠤᠨ ᠴᠠᠭ᠍ᠳᠠᠭ᠎ᠠ᠎ᠨᠠᠷ᠂ ᠢᠷᠠᠭᠤ ᠠᠯᠳᠠᠷ᠎ᠢᠶᠠᠷ ᠱᠢᠨ᠎ᠡ ᠭᠠᠷᠤᠭ᠎ᠠ ᠪᠣᠯᠭᠠᠵᠤ᠂ ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ ᠡᠭᠦᠷᠭᠡ ᠲᠤᠱᠢᠶᠠᠯ᠎ᠢᠶᠠᠨ ᠦᠨᠡᠨᠴᠢ᠎ᠪᠡᠷ ᠭᠦᠢᠴᠡᠳᠭᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号