ᠲᠠᠷᠢᠶᠠᠯᠠᠩ ᠤ᠋ᠨ ᠬᠡᠷᠡᠭ᠌ᠰᠡᠯ ᠤ᠋ᠨ ᠵᠠᠬ᠎ᠠ ᠳᠡᠯᠭᠡᠭᠦᠷ ᠤ᠋ᠨ 《ᠪᠡᠶ᠎ᠡ ᠶ᠋ᠢᠨ ᠪᠠᠢᠴᠠᠭᠠᠯᠲᠠ》 — ᠥᠪᠥᠷ ᠮᠣᠩᠭᠣᠯ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠦᠢᠯᠡᠳᠪᠤᠷᠢᠯᠡᠯ ᠳ᠋ᠦ ᠪᠠᠲᠤᠯᠠᠭ᠎ᠠ ᠬᠠᠡᠭᠭᠠᠨ᠎ᠠ
2026-04-26 11:19:34
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠤᠳᠤ ᠥᠪᠥᠷ ᠮᠣᠩᠭᠣᠯ ᠤ᠋ᠨ ᠬᠠᠪᠤᠷ ᠤ᠋ᠨ ᠲᠠᠷᠢᠶᠠᠯᠠᠭ᠎ᠠ ᠶ᠋ᠢᠨ ᠦᠶ᠋ᠯᠡᠳᠪᠦᠷᠢᠯᠡᠯ ᠶᠠᠭ ᠪᠠᠷᠠᠭᠤᠨ ᠡᠴᠡ ᠵᠡᠭᠦᠨᠰᠢ ᠪᠦᠬᠦ ᠲᠠᠯ᠎ᠠ ᠪᠡᠷ ᠡᠬᠢᠯᠡᠵᠦ᠂ ᠲᠠᠷᠢᠶᠠᠯᠠᠡᠭ ᠤ᠋ᠨ ᠬᠡᠷᠡᠭᠰᠡᠯ ᠤ᠋ᠨ ᠪᠤᠷᠤᠯᠠᠭᠤᠯᠭ᠎ᠠ ᠴᠦ᠍ ᠬᠦᠭᠵᠢᠶᠡᠨᠲᠡᠢ ᠤᠯᠠᠷᠢᠯ ᠳ᠋ᠤ ᠤᠷᠤᠪᠠ᠃ ᠮᠦᠬᠦᠯᠢᠭ ᠦᠷ᠎ᠡ᠂ ᠤᠭᠤᠳᠠ ᠪᠤᠷᠳᠤᠭᠤᠷ ᠪᠦᠷ ᠲᠠᠷᠢᠶᠠᠴᠢᠳ ᠤ᠋ᠨ ᠤᠷᠤᠯᠭ᠎ᠠ ᠶ᠋ᠢᠨ ᠨᠡᠮᠡᠭᠳᠡᠯ ᠤ᠋ᠨ ᠬᠦᠰᠡᠯ ᠡᠷᠡᠮᠡᠯᠵᠡᠯ ᠲᠠᠢ ᠬᠤᠯᠪᠤᠭᠳᠠᠵᠤ᠂ ᠠᠮᠤ ᠪᠤᠳᠠᠭᠠᠨ ᠤ᠋ ᠠᠮᠤᠷ ᠲᠦᠪᠰᠢᠨ ᠤ᠋ ᠶᠡᠬᠡ ᠲᠠᠯ᠎ᠠ ᠲᠠᠢ ᠬᠤᠯᠪᠤᠭᠳᠠᠵᠤ ᠪᠠᠢᠳᠠᠭ᠃ ᠲᠠᠷᠢᠶᠠᠴᠢᠳ ᠬᠠᠪᠤᠷ ᠤ᠋ᠨ ᠠᠵᠢᠯ ᠳ᠋ᠠᠭᠠᠨ ᠶᠠᠭᠠᠷᠠᠯᠳᠤᠬᠤ ᠵᠢ ᠳᠠᠭᠠᠯᠳᠤᠨ ᠪᠦᠬᠦ ᠤᠷᠤᠨ ᠤ᠋ ᠲᠠᠷᠢᠶᠠᠯᠠᠩ ᠤ᠋ᠨ ᠬᠡᠷᠡᠭ᠌ᠰᠡᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠠᠵᠢᠯᠯᠠᠭ᠎ᠠ ᠴᠤ᠌ ᠢᠳᠡ ᠬᠦᠴᠦᠲᠡᠶ ᠶᠠᠪᠤᠭᠳᠠᠵᠤ᠂ ᠬᠠᠪᠤᠷ ᠤ᠋ᠨ ᠲᠠᠷᠢᠶᠠᠯᠠᠭ᠎ᠠ ᠶ᠋ᠢᠨ ᠦᠢᠯᠡᠳᠪᠤᠷᠢᠯᠡᠯ ᠳ᠋ᠦ ᠪᠠᠲᠤᠯᠠᠭ᠎ᠠ ᠬᠠᠡᠭᠭᠠᠨ᠎ᠠ᠃

《ᠪᠠᠷᠠᠭ᠎ᠠ ᠣᠷᠣᠭᠤᠯᠤᠭᠰᠠᠨ ᠡᠬᠡ ᠳᠠᠩᠰᠠ ᠪᠠᠨ ᠭᠠᠷᠭᠠᠭᠠᠳ ᠦᠭᠬᠦᠨᠤ》᠂ 《ᠲᠠᠷᠢᠶᠠᠯᠠᠩ ᠤ᠋ᠨ ᠬᠡᠷᠡᠭ᠌ᠰᠡᠯ ᠤ᠋ᠨ ᠶᠠᠰᠤ ᠴᠢᠨᠠᠷ ᠤ᠋ᠨ ᠬᠢᠷᠢ ᠲᠡᠩᠴᠡᠭ᠌ᠰᠡᠨ ᠭᠡᠷᠡᠴᠢ ᠪᠠᠨ ᠬᠠᠮᠲᠤ ᠳ᠋ᠤᠨᠢ ᠬᠠᠡᠭᠭᠠᠭᠠᠷᠠᠢ》᠂ 《ᠦᠢᠯᠡᠳᠬᠦᠨ ᠤ᠋ ᠪᠣᠭᠣᠳᠠᠯ ᠤ᠋ᠨ ᠢᠯᠡᠷᠬᠡᠢᠯᠡᠯᠲᠦ ᠲᠡᠮᠳᠡᠭ ᠢ᠋ ᠳᠠᠬᠢᠨᠳᠠ ᠬᠠᠷᠭᠤᠭᠤᠯᠵᠤ ᠦᠵᠡᠶ᠎ᠡ》 ᠁ ᠣᠢᠷ᠎ᠠ ᠳ᠋ᠤ᠂ ᠬᠥᠬᠡᠬᠣᠲᠠ ᠶ᠋ᠢᠨ ᠢᠦᠶ᠋ᠢᠴᠢᠤᠸᠠᠨ ᠲᠣᠭᠣᠷᠢᠭ ᠤ᠋ᠨ ᠨᠢᠭᠡᠨ ᠲᠠᠷᠢᠶᠠᠯᠠᠩ ᠤ᠋ᠨ ᠬᠡᠷᠡᠭ᠌ᠰᠡᠯ ᠪᠣᠷᠣᠯᠠᠭᠤᠯᠬᠤ ᠳᠡᠯᠭᠡᠭᠦᠷ ᠲᠦ᠍ ᠬᠥᠬᠡᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ ᠶ᠋ᠢᠨ ᠬᠠᠤᠯᠢ ᠬᠡᠷᠡᠭ᠌ᠵᠢᠭᠦᠯᠬᠦ᠌ ᠠᠵᠢᠯᠲᠠᠳ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠦᠨᠡᠮᠯᠡᠯ ᠤ᠋ᠨ ᠬᠢᠷᠢ ᠬᠡᠮ ᠢ᠋ ᠨᠢᠭᠡᠳ ᠨᠢᠭᠡ ᠪᠡᠷ ᠬᠠᠷᠭᠤᠭᠤᠯᠤᠨ ᠪᠠᠢᠴᠠᠭᠠᠵᠤ᠂ ᠲᠠᠷᠢᠶᠠᠯᠠᠩ ᠤ᠋ᠨ ᠬᠡᠷᠡᠭ᠌ᠰᠡᠯ ᠤ᠋ᠨ ᠮᠡᠳᠡᠭᠡ ᠵᠠᠩᠭᠢ ᠵᠢ ᠨᠠᠷᠢᠨ ᠪᠠᠢᠴᠠᠭᠠᠨ ᠱᠢᠯᠭᠠᠵᠤ ᠪᠠᠢᠯ᠎ᠠ᠃

3 ᠰᠠᠷ᠎ᠠ ᠶ᠋ᠢᠨ 15 ᠤ᠋ ᠡᠳᠦᠷ᠂ ᠬᠥᠬᠡᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ ᠨᠢ 2026 ᠣᠨ ᠤ᠋ 《ᠨᠣᠭᠣᠭᠠᠨ ᠰᠡᠯᠡᠮ᠎ᠡ ᠠᠮᠤ ᠪᠤᠳᠠᠭᠠᠨ ᠤ᠋ ᠠᠮᠤᠷ ᠲᠦᠪᠱᠢᠨ ᠢ᠋ ᠬᠠᠮᠠᠭᠠᠯᠠᠬᠤ》 ᠬᠠᠪᠤᠷ ᠤ᠋ᠨ ᠤᠯᠠᠷᠢᠯ ᠤ᠋ᠨ ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠳ᠋ᠦ ᠴᠣᠬᠢᠯᠲᠠ ᠥᠭ᠌ᠬᠦ ᠲᠤᠰᠭᠠᠶ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠵᠢ ᠡᠬᠢᠯᠡᠭᠦᠯᠵᠦ᠍᠂ ᠴᠢᠡᠭᠭ᠎ᠠ ᠬᠦᠴᠦᠲᠡᠶ ᠠᠷᠭ᠎ᠠ ᠬᠡᠮᠵᠢᠶ᠎ᠡ ᠪᠡᠷ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠳ᠋ᠦ ᠪᠠᠲᠤᠯᠠᠭ᠎ᠠ ᠬᠠᠡᠭᠭᠠᠨ᠂ ᠥᠷᠭᠡᠨ ᠣᠯᠠᠨ ᠲᠠᠷᠢᠶᠠᠴᠢᠨ ᠲᠦᠮᠡᠨ ᠤ᠋ ᠬᠠᠤᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠬᠠᠮᠠᠭᠠᠯᠠᠪᠠ᠃

ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠲᠣᠪᠴᠢᠶᠠᠨ ᠤ᠋ ᠳᠡᠳ᠋ ᠳᠠᠷᠤᠭ᠎ᠠ ᠡᠸ᠋ ᠸᠸᠨ ᠼᠠᠢ ᠵᠢᠨ ᠲᠠᠨᠢᠯᠴᠠᠭᠤᠯᠤᠭ᠍ᠰᠠᠨ ᠶ᠋ᠢᠡᠷ᠂ ᠥᠪᠥᠷ ᠮᠣᠩᠭᠣᠯ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠤ᠋ᠨ ᠵᠠᠩᠭᠢᠯᠠᠭ᠎ᠠ ᠶ᠋ᠢᠨ ᠭᠣᠭ᠍ᠴᠣᠭ᠎ᠠ ᠵᠢ ᠴᠢᠩᠭ᠎ᠠ ᠡᠵᠡᠮᠳᠡᠵᠦ᠍᠂ ᠤᠷᠢᠳᠴᠢᠯᠠᠨ ᠲᠦᠯᠦᠪᠵᠢᠭᠦᠯᠵᠦ᠂ ᠰᠠᠨᠠᠭᠠᠴᠢᠯᠠᠭ᠎ᠠ ᠡᠴᠡ ᠪᠠᠨ ᠠᠵᠢᠯᠯᠠᠨ᠂ ᠬᠠᠷᠢᠶ᠎ᠠ ᠣᠷᠣᠨ ᠤ᠋ ᠪᠠᠨ ᠲᠠᠷᠢᠶᠠᠯᠠᠩ ᠤ᠋ᠨ ᠬᠡᠷᠡᠭ᠌ᠰᠡᠯ ᠦᠶ᠋ᠯᠡᠳᠪᠦᠷᠢᠯᠡᠵᠤ ᠪᠠᠢᠭ᠎ᠠ ᠠᠵᠤ ᠠᠬᠤᠢᠯᠠᠯ᠂ ᠡᠵᠡᠩᠨᠡᠯᠲᠡ ᠶ᠋ᠢᠨ ᠡᠭᠦᠳᠡᠨ ᠳᠡᠯᠭᠡᠭᠦᠷ᠂ ᠪᠥᠭᠡᠮ ᠶ᠋ᠢᠡᠷ ᠪᠤᠷᠤᠯᠠᠭᠤᠯᠬᠤ ᠵᠠᠬ᠎ᠠ ᠳᠡᠯᠭᠡᠭᠦᠷ᠂ ᠬᠣᠲᠠ ᠬᠥᠳᠡᠭᠡ ᠶ᠋ᠢᠨ ᠠᠭᠤᠯᠵᠠᠷ ᠭᠠᠵᠠᠷ᠂ ᠳᠠᠷᠢᠵᠤ ᠲᠡᠵᠢᠭᠡᠬᠦ᠌ ᠰᠠᠭᠤᠷᠢᠨ ᠵᠡᠷᠭᠡ ᠭᠤᠤᠯᠳᠠᠯᠭ᠎ᠠ ᠲᠠᠶ ᠣᠷᠣᠨ ᠪᠦᠰᠡ ᠳ᠋ᠤ ᠲᠤᠤᠷᠵᠢᠭᠤᠯᠤᠭᠰᠠᠨ ᠮᠠᠶᠢᠭ ᠤ᠋ᠨ ᠪᠠ ᠪᠦᠬᠦᠨ ᠢ᠋ ᠬᠠᠮᠤᠷᠤᠭᠰᠠᠨ ᠵᠢᠭᠰᠠᠭᠠᠨ ᠪᠠᠢᠴᠠᠭᠠᠯᠲᠠ ᠰᠢᠯᠭᠠᠨ ᠪᠠᠢᠴᠠᠭᠠᠯᠲᠠ ᠥᠷᠨᠢᠭᠦᠯᠪᠡ᠃ ᠡᠭᠦᠨ ᠤ᠋ ᠬᠠᠮᠲᠤ ᠪᠠᠰᠠ ᠣᠯᠠᠨ ᠲᠦᠮᠡᠨ ᠤ᠋ ᠤᠯᠠᠨ ᠤᠳᠠᠭ᠎ᠠ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭᠰᠡᠨ᠂ ᠵᠠᠬ᠎ᠠ ᠳᠡᠯᠭᠡᠭᠦᠷ ᠤ᠋ᠨ ᠠᠶᠤᠯ ᠲᠦᠭ᠌ᠰᠢᠭᠦᠷᠢ ᠶᠡᠬᠡᠲᠡᠶ ᠲᠠᠷᠢᠶᠠᠯᠠᠩ ᠤ᠋ᠨ ᠬᠡᠷᠡᠭ᠌ᠰᠡᠯ ᠤ᠋ᠨ ᠦᠢᠯᠡᠳᠬᠦᠨ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠡᠷᠴᠢᠮ ᠢ᠋ ᠴᠢᠩᠭᠠᠷᠠᠭᠤᠯᠤᠨ ᠳᠠᠪᠲᠠᠮᠵᠢ ᠪᠠᠨ ᠨᠡᠮᠡᠭ᠌ᠳᠡᠭᠦᠯᠵᠦ᠍᠂ 《ᠬᠣᠶᠠᠷ ᠢ᠋ ᠰᠤᠭᠤᠴᠢᠵᠤ᠂ ᠨᠢᠭᠡ ᠵᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ ᠬᠢᠭᠡᠳ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠵᠢ ᠬᠡᠷᠡᠭ᠌ᠵᠢᠭᠦᠯᠵᠦ᠍᠂ ᠭᠤᠤᠯᠳᠠᠯᠭ᠎ᠠ ᠲᠠᠶ ᠦᠢᠯᠡᠳᠬᠦᠨ ᠪᠤᠯᠤᠨ ᠭᠤᠤᠯᠳᠠᠯᠭ᠎ᠠ ᠲᠠᠶ ᠭᠤᠤᠯ ᠴᠣᠭ᠍ᠴᠠ ᠵᠢ ᠰᠤᠭᠤᠴᠢᠨ ᠪᠠᠢᠴᠠᠭᠠᠬᠤ ᠴᠢᠬᠤᠯᠠᠲᠠᠢ ᠵᠢ ᠨᠢ ᠪᠦᠬᠦᠨ ᠢ᠋ ᠪᠠᠢᠴᠠᠭᠠᠪᠠ᠃

ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠳ᠋ᠦ ᠴᠣᠬᠢᠯᠲᠠ ᠥᠭ᠌ᠬᠦ ᠪᠣᠯ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠵᠠᠩᠭᠢᠯᠠᠭ᠎ᠠ ᠶ᠋ᠢᠨ ᠭᠣᠭ᠍ᠴᠣᠭ᠎ᠠ ᠮᠥᠨ᠃ ᠵᠠᠬ᠎ᠠ ᠳᠡᠯᠭᠡᠭᠦᠷ ᠤ᠋ᠨ ᠡᠭᠦᠳᠡᠨ ᠳᠡᠯᠭᠡᠭᠦᠷ ᠡᠴᠡ ᠲᠠᠷᠢᠶᠠᠨ ᠵᠠᠬ᠎ᠠ ᠬᠦᠷᠲᠡᠯ᠎ᠡ᠂ ᠲᠤᠰᠭᠠᠶ ᠬᠠᠤᠯᠢ ᠬᠡᠷᠡᠭ᠌ᠵᠢᠭᠦᠯᠦᠯᠲᠡ ᠡᠴᠡ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠦᠷᠲᠡᠯ᠎ᠡ᠂ ᠪᠥᠬᠥ᠌ ᠣᠷᠣᠨ ᠤ᠋ ᠡᠯ᠎ᠡ ᠭᠠᠵᠠᠷ ᠤ᠋ᠨ ᠬᠢᠨ ᠲᠠᠷᠢᠶᠠᠯᠠᠩ ᠤ᠋ᠨ ᠬᠡᠷᠡᠭ᠌ᠰᠡᠯ ᠤ᠋ᠨ ᠠᠮᠤᠷ ᠲᠦᠪᠱᠢᠨ ᠤ᠋ ᠬᠠᠮᠠᠭᠠᠯᠠᠯᠲᠠ ᠶ᠋ᠢᠨ ᠲᠤᠤᠷ ᠢ᠋ ᠨᠢᠭ᠍ᠲᠠ ᠰᠦᠯᠵᠢᠵᠦ᠍᠂ ᠪᠣᠳᠠᠲᠤ ᠠᠵᠢᠯᠯᠠᠭ᠎ᠠ᠎ᠪᠠᠷ ᠶ᠋ᠢᠡᠨ ᠬᠠᠪᠤᠷ ᠤ᠋ᠨ ᠲᠠᠷᠢᠶᠠᠯᠠᠭ᠎ᠠ ᠶ᠋ᠢᠨ ᠦᠶ᠋ᠯᠡᠳᠪᠦᠷᠢᠯᠡᠯ ᠳ᠋ᠦ ᠪᠠᠲᠤᠯᠠᠭ᠎ᠠ ᠬᠠᠡᠭᠭᠠᠵᠤ ᠪᠠᠢᠨ᠎ᠠ᠃

3 ᠰᠠᠷ᠎ᠠ ᠶ᠋ᠢᠨ 27 ᠤ᠋ ᠡᠳᠦᠷ᠂ ᠤᠯᠠᠭᠠᠨᠴᠠᠪ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠵᠢᠨᠢᠩ ᠲᠣᠭᠣᠷᠢᠭ ᠤ᠋ᠨ ᠲᠠᠷᠢᠶᠠᠯᠠᠩ ᠮᠠᠯ ᠠᠵᠤ ᠠᠬᠤᠶ ᠤᠰᠤᠨ ᠠᠱᠢᠭ᠍ᠯᠠᠯᠲᠠ ᠶ᠋ᠢᠨ ᠲᠣᠪᠴᠢᠶ᠎ᠠ ᠲᠠᠶ ᠬᠠᠮᠲᠤᠷᠠᠨ 2026 ᠣᠨ ᠤ᠋ ᠪᠥᠬᠥ᠌ ᠬᠣᠲᠠ ᠶ᠋ᠢᠨ 《ᠨᠣᠭᠣᠭᠠᠨ ᠰᠡᠯᠡᠮ᠎ᠡ ᠠᠮᠤ ᠪᠤᠳᠠᠭᠠᠨ ᠤ᠋ ᠠᠮᠤᠷ ᠲᠦᠪᠱᠢᠨ ᠢ᠋ ᠬᠠᠮᠠᠭᠠᠯᠠᠬᠤ》 ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠳ᠋ᠦ ᠴᠣᠬᠢᠯᠲᠠ ᠥᠭ᠌ᠬᠦ ᠲᠤᠰᠭᠠᠶ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠵᠢ ᠡᠬᠢᠯᠡᠭᠦᠯᠵᠦ᠍᠂ ᠠᠶᠤᠯᠭᠦᠢ ᠦᠶ᠋ᠯᠡᠳᠪᠦᠷᠢᠯᠡᠯ ᠪᠠ ᠰᠦᠯᠢᠶᠣᠣ ᠪᠦᠷᠬᠦᠪᠴᠢ ᠵᠢ ᠬᠣᠷᠢᠶᠠᠨ ᠠᠪᠬᠤ ᠵᠡᠷᠭᠡ ᠠᠵᠢᠯ ᠢ᠋ ᠵᠡᠷᠭᠡ ᠳ᠋ᠤᠨᠢ ᠲᠤᠰᠭᠠᠶ ᠠᠵᠢᠯᠯᠠᠭ᠎ᠠ ᠳ᠋ᠤ ᠣᠷᠣᠭᠤᠯᠪᠠ᠃ ᠲᠤᠰᠭᠠᠶ ᠠᠵᠢᠯᠯᠠᠭ᠎ᠠ ᠨᠢ ᠲᠠᠷᠢᠶᠠᠨ ᠦᠷ᠎ᠡ᠂ ᠲᠠᠷᠢᠶᠠᠨ ᠡᠮ᠂ ᠪᠣᠷᠲᠣᠭᠣᠷ ᠶ᠋ᠢᠡᠷ ᠭᠤᠤᠯ ᠬᠢᠨᠠᠯᠲᠠ ᠬᠠᠮᠢᠶᠠᠷᠤᠯᠲᠠ ᠶ᠋ᠢᠨ ᠲᠥᠷᠥᠯ ᠵᠦᠶ᠋ᠯ ᠪᠣᠯᠭᠠᠨ᠂ 《ᠡᠬᠢ ᠡᠭᠦᠰᠦᠯ ᠡᠴᠡ ᠨᠢ ᠬᠠᠮᠢᠶᠠᠷᠤᠨ ᠡᠵᠡᠮᠳᠡᠬᠦ᠌ + ᠵᠠᠬ᠎ᠠ ᠳᠡᠯᠭᠡᠭᠦᠷ ᠢ᠋ ᠴᠡᠪᠡᠷᠯᠡᠨ ᠪᠠᠢᠴᠠᠭᠠᠬᠤ + ᠲᠠᠷᠢᠶᠠᠨ ᠭᠠᠵᠠᠷ ᠲᠦ᠍ ᠰᠤᠭᠤᠴᠢᠨ ᠪᠠᠢᠴᠠᠭᠠᠯᠳᠠ ᠬᠢᠬᠦ》 ᠪᠢᠲᠡᠭᠦᠤ ᠬᠡᠯᠬᠢᠶᠡᠳᠤ ᠬᠠᠤᠯᠢ ᠬᠡᠷᠡᠭ᠌ᠵᠢᠭᠦᠯᠬᠦ᠌ ᠪᠡᠷ ᠳᠠᠮᠵᠢᠨ ᠮᠠᠯᠴᠢᠨ ᠲᠠᠷᠢᠶᠠᠴᠢᠨ ᠤ᠋ 《ᠰᠠᠨᠠᠭ᠎ᠠ ᠠᠮᠤᠷ ᠲᠠᠷᠢᠶᠠᠨ ᠦᠷ᠎ᠡ᠂ ᠰᠠᠨᠠᠭ᠎ᠠ ᠠᠮᠤᠷ ᠲᠠᠷᠢᠶᠠᠨ ᠡᠮ᠂ ᠰᠠᠨᠠᠭ᠎ᠠ ᠠᠮᠤᠷ ᠪᠣᠷᠲᠣᠭᠣᠷ》 ᠬᠡᠷᠡᠭ᠌ᠯᠡᠬᠦ᠌ ᠵᠢ ᠦᠨᠡᠨ ᠬᠦ᠌ ᠪᠠᠲᠤᠯᠠᠪᠠ᠃

ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠲᠠᠷᠢᠶᠠᠯᠠᠩ ᠤ᠋ᠨ ᠬᠡᠷᠡᠭ᠌ᠰᠡᠯ ᠤ᠋ᠨ 《ᠪᠡᠶ᠎ᠡ ᠶ᠋ᠢᠨ ᠪᠠᠢᠴᠠᠭᠠᠯᠲᠠ》 ᠶ᠋ᠢᠨ ᠠᠵᠢᠯᠯᠠᠭ᠎ᠠ ᠵᠢ ᠪᠥᠬᠥ᠌ ᠲᠠᠯ᠎ᠠ ᠪᠠᠷ ᠥᠷᠨᠢᠭᠦᠯᠵᠤ᠂ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠬᠦ᠌ ᠶᠡᠬᠡ ᠠᠩᠭᠢ ᠵᠢᠨ ᠬᠢᠨ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠴᠠᠭ ᠬᠤᠭᠤᠴᠠᠭᠠᠨ ᠤ᠋ ᠳᠠᠷᠠᠭᠠᠯᠠᠯ ᠢ᠋ ᠴᠢᠩᠭ᠎ᠠ ᠡᠵᠡᠮᠳᠡᠵᠦ᠍᠂ 《ᠲᠠᠷᠢᠶᠠᠴᠢᠨ ᠢ᠋ ᠬᠠᠮᠠᠭᠠᠯᠠᠬᠤ᠂ ᠲᠠᠷᠢᠶᠠᠴᠢᠨ ᠢ᠋ ᠠᠮᠤᠷᠵᠢᠭᠤᠯᠬᠤ᠂ ᠲᠠᠷᠢᠶᠠᠴᠢᠨ ᠳ᠋ᠦ ᠠᠱᠢᠭ ᠬᠦᠷᠲᠡᠭᠡᠬᠦ᠌》 ᠪᠡᠷ ᠭᠤᠤᠯ ᠪᠣᠯᠭᠠᠨ ᠡᠯ᠎ᠡ ᠰᠤᠮᠤ ᠪᠠᠯᠭᠠᠰᠤ ᠵᠢᠨ ᠲᠠᠷᠢᠶᠠᠯᠠᠩ ᠤ᠋ᠨ ᠬᠡᠷᠡᠭ᠌ᠰᠡᠯ ᠤ᠋ᠨ ᠡᠵᠡᠩᠨᠡᠨ ᠪᠣᠷᠣᠯᠠᠭᠤᠯᠬᠤ ᠳᠡᠯᠭᠡᠭᠦᠷ ᠲᠦ᠍ ᠭᠦᠨᠵᠡᠭᠡᠢᠷᠡᠵᠦ᠍᠂ ᠲᠤᠤᠷᠵᠢᠭᠤᠯᠤᠭᠰᠠᠨ ᠮᠠᠶᠢᠭ ᠤ᠋ᠨ ᠵᠢᠭ᠍ᠰᠠᠭᠠᠨ ᠪᠠᠢᠴᠠᠭᠠᠯᠲᠠ ᠥᠷᠨᠢᠭᠦᠯᠵᠠᠢ᠃

ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠨ ᠲᠠᠷᠢᠶᠠᠯᠠᠩ ᠤ᠋ᠨ ᠬᠡᠷᠡᠭ᠌ᠰᠡᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠬᠤ ᠶ᠋ᠢᠨ ᠬᠠᠮᠲᠤ 《ᠰᠠᠨᠠᠭ᠎ᠠ ᠠᠮᠤᠷ ᠲᠠᠷᠢᠶᠠᠯᠠᠩ ᠤ᠋ᠨ ᠬᠡᠷᠡᠭ᠌ᠰᠡᠯ ᠢ᠋ ᠬᠥᠳᠡᠭᠡ ᠪᠠᠭᠤᠯᠭᠠᠵᠤ ᠲᠣᠰᠭᠣᠨ ᠳ᠋ᠤ ᠣᠷᠣᠭᠤᠯᠬᠤ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠍᠂ ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠳ᠋ᠦ ᠴᠣᠬᠢᠯᠲᠠ ᠥᠭ᠌ᠬᠦ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ ᠶ᠋ᠢᠨ ᠪᠣᠳᠣᠯᠭ᠎ᠠ ᠵᠢ ᠣᠯᠠᠨ ᠠᠷᠭ᠎ᠠ ᠵᠠᠮ ᠶ᠋ᠢᠡᠷ ᠤᠬᠠᠭᠤᠯᠤᠨ᠂ ᠲᠤᠬᠠᠶ ᠶ᠋ᠢᠨ ᠲᠠᠯᠠᠪᠤᠷ ᠲᠦ᠍ ᠲᠠᠢᠯᠪᠤᠷᠢᠯᠠᠬᠤ᠂ ᠤᠬᠠᠭᠤᠯᠭ᠎ᠠ ᠶ᠋ᠢᠨ ᠮᠠᠲ᠋ᠧᠷᠢᠶᠠᠯ ᠲᠠᠷᠬᠠᠭᠠᠬᠤ᠂ ᠱᠢᠨ᠎ᠡ ᠵᠠᠭᠤᠴᠢᠯᠠᠭᠤᠷ ᠶ᠋ᠢᠡᠷ ᠤᠬᠠᠭᠤᠯᠬᠤ ᠵᠡᠷᠭᠡ ᠠᠷᠭ᠎ᠠ ᠬᠡᠯᠪᠡᠷᠢ ᠪᠡᠷ ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠢ᠋ ᠢᠯᠭᠠᠨ ᠲᠠᠨᠢᠬᠤ ᠮᠡᠳᠡᠯᠭᠡ ᠵᠢ ᠲᠦᠭᠡᠮᠡᠯᠵᠢᠭᠦᠯᠵᠦ᠍᠂ ᠮᠠᠯᠴᠢᠨ ᠲᠠᠷᠢᠶᠠᠴᠢᠨ ᠤ᠋ ᠬᠤᠳᠠᠯ ᠬᠠᠭᠤᠷᠮᠠᠭ ᠢ᠋ ᠢᠯᠭᠠᠨ ᠲᠠᠨᠢᠬᠤ ᠪᠠ ᠬᠠᠤᠯᠢ ᠶᠣᠰᠣᠭᠠᠷ ᠡᠷᠬᠡ᠎ᠪᠡᠨ ᠬᠠᠮᠠᠭᠠᠯᠠᠬᠤ ᠴᠢᠳᠠᠪᠤᠷᠢ ᠵᠢ ᠦᠨᠡᠨ ᠬᠦ᠌ ᠳᠡᠭᠡᠭ᠌ᠰᠢᠯᠡᠭᠦᠯᠪᠡ᠃ ᠪᠠᠰᠠ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌ ᠠᠷᠭ᠎ᠠ ᠵᠠᠮ ᠢ᠋ ᠰᠠᠭᠠᠳ ᠦᠭᠡᠶ ᠨᠡᠪᠲᠡᠷᠡᠭᠦᠯᠵᠦ᠍᠂ ᠢᠯᠡᠴᠢᠯᠡᠨ ᠮᠡᠳᠡᠭᠦᠯᠬᠦ᠌ ᠤᠳᠠᠰᠤ ᠪᠠ ᠲᠠᠪᠴᠠᠩ ᠢ᠋ ᠨᠡᠢᠲᠡᠯᠡᠨ᠂ ᠮᠠᠯᠴᠢᠨ ᠲᠠᠷᠢᠶᠠᠴᠢᠨ ᠤ᠋ ᠬᠦᠰᠡᠯ ᠱᠠᠭᠠᠷᠳᠠᠯᠭ᠎ᠠ ᠵᠢ ᠴᠠᠭ ᠲᠤᠬᠠᠶ ᠳ᠋ᠤᠨᠢ ᠬᠦᠯᠢᠶᠡᠨ ᠠᠪᠴᠤ᠌᠂ ᠲᠣᠬᠢᠲᠠᠶ ᠱᠢᠶ᠋ᠳᠪᠦᠷᠢᠯᠡᠵᠦ᠍᠂ ᠬᠦᠰᠡᠯ ᠱᠠᠭᠠᠷᠳᠠᠯᠭ᠎ᠠ ᠪᠠᠢᠪᠠᠯ ᠵᠠᠪᠠᠯ ᠬᠦᠯᠢᠶᠡᠨ ᠠᠪᠬᠤ᠂ ᠬᠡᠷᠡᠭ ᠪᠠᠢᠪᠠᠯ ᠵᠠᠪᠠᠯ ᠪᠠᠢᠴᠠᠭᠠᠬᠤ᠂ ᠪᠠᠢᠴᠠᠭᠠᠯᠲᠠ ᠬᠢᠪᠡᠯ ᠵᠠᠪᠠᠯ ᠦᠷ᠎ᠡ ᠳ᠋ᠦᠩ ᠲᠡᠶ ᠪᠠᠢᠬᠤ ᠵᠢ ᠪᠡᠶᠡᠯᠡᠭᠦᠯᠵᠦ᠍᠂ ᠮᠠᠯᠴᠢᠨ ᠲᠠᠷᠢᠶᠠᠴᠢᠨ᠎ᠤ ᠬᠠᠤᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠬᠠᠮᠠᠭᠠᠯᠠᠪᠠ᠃

ᠮᠠᠨ ᠤ᠋ ᠤᠷᠤᠨ ᠬᠠᠤᠯᠢ ᠬᠡᠷᠡᠭ᠌ᠵᠢᠭᠦᠯᠬᠦ᠌ ᠪᠠ ᠬᠠᠤᠯᠢ ᠲᠦᠭᠡᠮᠡᠯᠵᠢᠭᠦᠯᠬᠦ᠌ ᠵᠢ ᠵᠡᠷᠭᠡ ᠪᠡᠷ ᠠᠳᠭᠤᠨ᠂ ᠬᠠᠮᠲᠤ ᠪᠠᠷ ᠵᠠᠰᠠᠬᠤ ᠪᠠ ᠴᠢᠩᠭ᠎ᠠ ᠴᠣᠬᠢᠯᠲᠠ ᠥᠭ᠌ᠬᠦ ᠵᠢ ᠤᠶᠠᠯᠳᠤᠭᠤᠯᠵᠤ᠂ ᠲᠠᠷᠢᠶᠠᠯᠠᠩ ᠮᠠᠯ ᠠᠵᠤ ᠠᠬᠤᠶ᠂ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ᠂ ᠳᠣᠲᠣᠭᠠᠳᠤ ᠵᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠬᠠᠩᠭᠠᠨ ᠪᠣᠷᠣᠯᠠᠭᠤᠯᠬᠤ ᠵᠡᠷᠭᠡ ᠰᠠᠯᠠᠭ᠎ᠠ ᠮᠥᠴᠢᠷ ᠤ᠋ᠨ ᠨᠡᠪᠲᠡᠷᠡᠯᠴᠡᠭᠡ ᠬᠠᠮᠵᠢᠯᠴᠠᠭ᠎ᠠ ᠵᠢ ᠴᠢᠩᠭᠠᠳᠭᠠᠨ᠂ ᠮᠡᠳᠡᠭᠡ ᠵᠠᠩᠭᠢ ᠵᠢ ᠬᠠᠮᠲᠤ ᠪᠠᠷ ᠡᠳ᠋ᠯᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠮᠲᠤᠷᠠᠨ ᠬᠠᠤᠯᠢ ᠬᠡᠷᠡᠭ᠌ᠵᠢᠭᠦᠯᠬᠦ᠌᠂ ᠬᠡᠷᠡᠭ ᠢ᠋ ᠱᠢᠯᠵᠢᠭᠦᠯᠦᠨ ᠬᠦᠷᠭᠡᠬᠦ᠌ ᠵᠡᠷᠭᠡ ᠠᠵᠢᠯ ᠤ᠋ᠨ ᠲᠣᠭ᠍ᠲᠠᠴᠠ ᠵᠢ ᠪᠠᠢᠭᠤᠯᠤᠨ ᠪᠦᠷᠢᠨᠱᠢᠭᠦᠯᠵᠦ᠍᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭ᠌ᠰᠡᠨ᠂ ᠬᠥᠨᠳᠡᠯᠡᠨ ᠶ᠋ᠢᠡᠷ ᠬᠠᠮᠵᠢᠯᠴᠠᠭ᠍ᠰᠠᠨ᠂ ᠴᠤᠭ ᠵᠢᠡᠷ ᠠᠳᠭᠤᠵᠤ ᠬᠠᠮᠲᠤ ᠪᠠᠷ ᠬᠠᠮᠢᠶᠠᠷᠤᠭ᠍ᠰᠠᠨ ᠬᠤᠳᠠᠯ ᠬᠠᠭᠤᠷᠮᠠᠭ ᠲᠠᠷᠢᠶᠠᠯᠠᠩ ᠤ᠋ᠨ ᠬᠡᠷᠡᠭ᠌ᠰᠡᠯ ᠳ᠋ᠦ ᠴᠣᠬᠢᠯᠲᠠ ᠥᠭ᠌ᠬᠦ ᠠᠵᠢᠯ ᠤ᠋ᠨ ᠪᠠᠢᠷᠢᠱᠢᠯ ᠢ᠋ ᠪᠣᠶ ᠪᠣᠯᠭᠠᠵᠤ᠂ ᠪᠦᠬᠦᠯᠢ ᠴᠣᠭ᠍ᠴᠠ ᠶ᠋ᠢᠨ ᠵᠠᠰᠠᠯᠲᠠ ᠶ᠋ᠢᠨ ᠬᠦᠴᠦᠨ ᠴᠢᠳᠠᠪᠤᠷᠢ ᠵᠢ ᠦᠨᠡᠨ ᠬᠦ᠌ ᠳᠡᠭᠡᠭ᠌ᠰᠢᠯᠡᠭᠦᠯᠵᠠᠢ᠃

ᠮᠠᠯᠴᠢᠨ ᠲᠠᠷᠢᠶᠠᠴᠢᠨ ᠢ᠋ ᠬᠠᠮᠵᠢᠨ ᠠᠵᠢᠯᠯᠠᠵᠦ᠂ ᠮᠠᠯᠴᠢᠨ ᠲᠠᠷᠢᠶᠠᠴᠢᠨ᠎ᠳᠤ ᠪᠠᠲᠤᠯᠠᠭ᠎ᠠ ᠬᠠᠡᠭᠭᠠᠨ᠎ᠠ᠃ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ ᠡᠴᠡ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠬᠦᠷᠲᠡᠯ᠎ᠡ᠂ ᠥᠪᠥᠷ ᠮᠣᠩᠭᠣᠯ ᠢᠮᠠᠭ᠍ᠲᠠ ᠲᠠᠷᠢᠶᠠᠯᠠᠩ ᠤ᠋ᠨ ᠬᠡᠷᠡᠭ᠌ᠰᠡᠯ ᠤ᠋ᠨ ᠬᠢᠨᠠᠯᠲᠠ ᠬᠠᠮᠢᠶᠠᠷᠤᠯᠲᠠ ᠶ᠋ᠢᠨ ᠬᠥᠪᠴᠢ ᠵᠢ ᠴᠢᠩᠭᠠᠯᠠᠵᠤ᠂ ᠰᠠᠯᠠᠭ᠎ᠠ ᠮᠥᠴᠢᠷ ᠤ᠋ᠨ ᠬᠠᠮᠲᠤᠷᠠᠭ᠍ᠰᠠᠨ ᠬᠦᠴᠦᠨ ᠢ᠋ ᠨᠢᠭ᠍ᠲᠠᠷᠠᠭᠤᠯᠤᠨ᠂ ᠲᠠᠷᠢᠶᠠᠯᠠᠩ ᠤ᠋ᠨ ᠬᠡᠷᠡᠭ᠌ᠰᠡᠯ ᠤ᠋ᠨ ᠠᠮᠤᠷ ᠲᠦᠪᠱᠢᠨ ᠤ᠋ 《ᠬᠠᠮᠠᠭᠠᠯᠠᠯᠲᠠ ᠶ᠋ᠢᠨ ᠲᠤᠤᠷ》 ᠢ᠋ ᠪᠥᠬᠥ᠌ ᠲᠠᠯ᠎ᠠ᠂ ᠣᠯᠠᠨ ᠲᠠᠰ ᠳᠠᠪᠬᠤᠷᠭ᠎ᠠ ᠪᠠᠷ ᠨᠢᠭ᠍ᠲᠠ ᠰᠦᠯᠵᠢᠵᠦ᠍᠂ ᠬᠠᠪᠤᠷ ᠤ᠋ᠨ ᠲᠠᠷᠢᠶᠠᠯᠠᠭ᠎ᠠ ᠶ᠋ᠢᠨ ᠦᠶ᠋ᠯᠡᠳᠪᠦᠷᠢᠯᠡᠯ ᠢ᠋ ᠪᠥᠬᠥ᠌ ᠬᠦᠴᠦᠨ ᠶ᠋ᠢᠡᠷ ᠶ᠋ᠢᠡᠨ ᠬᠠᠮᠠᠭᠠᠯᠠᠵᠤ᠂ ᠪᠥᠬᠥ᠌ ᠵᠢᠯ ᠤ᠋ᠨ ᠠᠮᠤ ᠪᠤᠳᠠᠭᠠᠨ ᠤ᠋ ᠡᠯᠪᠡᠭ ᠬᠤᠷᠢᠶᠠᠯᠲᠠ ᠶ᠋ᠢᠨ ᠰᠠᠭᠤᠷᠢ ᠵᠢ ᠪᠡᠬᠢᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号