21᠎ᠡᠴᠡ 24᠎ᠤ᠋ ᠡᠳᠦᠷ ᠪᠣᠯᠲᠠᠯ᠎ᠠ᠂ ᠲᠥᠪ᠎ᠦᠨ ᠨᠡᠢᠭᠡᠮ᠎ᠦᠨ ᠠᠵᠢᠯ᠎ᠤᠨ ᠭᠡᠯᠳᠡᠰ ᠬᠤᠪᠧᠢ ᠵᠢᠨ ᠦᠬᠠᠨ᠎ᠳᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠠᠵᠢᠯ᠎ᠢ ᠪᠠᠢᠷᠢᠯᠠᠭᠤᠯᠤᠨ ᠠᠬᠢᠭᠤᠯᠬᠤ ᠬᠤᠷᠠᠯ ᠵᠢᠴᠢ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠪᠡ᠃ ᠬᠤᠷᠠᠯ᠎ᠡᠴᠡ《ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠠᠯᠪᠠᠨ ᠲᠢᠩᠬᠢᠮ᠎ᠦᠨ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠠᠬᠢᠭᠤᠯᠬᠤ ᠲᠤᠬᠠᠢ ᠰᠠᠨᠠᠯ》 ᠢ᠋ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠤᠷᠰᠢᠯᠭ᠎ᠠ᠎ᠪᠠᠨ ᠳ᠋ᠦᠩᠨᠡᠨ ᠰᠣᠯᠢᠯᠴᠠᠵᠤ᠂ ᠲᠦᠷᠦ᠎ᠶᠢᠨ ᠪᠣᠳᠣᠯᠭ᠎ᠠ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠵᠦ᠂ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠳᠠ ᠵᠢ ᠠᠬᠢᠭᠤᠯᠤᠨ᠎ᠠ ᠭᠡᠵᠤ ᠳᠤᠷᠠᠳᠪᠠ᠃
ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ ᠪᠣᠯ ᠨᠡᠢᠭᠡᠮ᠎ᠦᠨ ᠠᠵᠢᠯᠲᠠᠨ᠎ᠤ ᠡᠩᠨᠡᠭᠡᠨ᠎ᠦ ᠴᠢᠬᠤᠯᠠ ᠪᠦᠷᠢᠯᠳᠦᠭᠦᠨ ᠪᠠᠢᠵᠤ᠂ ᠤᠯᠠᠨ ᠲᠦᠮᠡᠨ᠎ᠲᠠᠢ ᠬᠠᠷᠢᠯᠴᠠᠵᠤ ᠤᠯᠠᠨ ᠲᠦᠮᠡᠨ᠎ᠳᠦ ᠦᠢᠯᠡᠴᠢᠯᠡᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢᠨ ᠬᠦᠴᠦᠲᠡᠢ ᠲᠦᠰᠢᠭ ᠲᠤᠯᠭᠠᠭᠤᠷᠢ ᠮᠥᠨ᠃ ᠲᠤᠰ ᠤᠳᠠᠭ᠎ᠠ᠎ᠶᠢᠨ ᠠᠬᠢᠭᠤᠯᠬᠤ ᠬᠤᠷᠠᠯ᠎ᠡᠴᠡ᠂ ᠤᠯᠠᠨ ᠲᠠᠯ᠎ᠠ᠎ᠡᠴᠡ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠨ᠎ᠠ᠄ ᠤᠯᠤᠰ ᠲᠦᠷᠦ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠨ᠎ᠠ;ᠳᠦᠷᠢᠮ᠎ᠦᠨ ᠪᠠᠲᠤᠯᠠᠭ᠎ᠠ᠎ᠶᠢ ᠴᠢᠩᠭᠠᠳᠬᠠᠵᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ᠎ᠶᠢᠨ ᠪᠣᠳᠣᠯᠭ᠎ᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠦᠨ᠎ᠡ;ᠴᠢᠳᠠᠪᠤᠷᠢᠲᠠᠨ᠎ᠤ ᠪᠠᠢᠷᠢᠰᠢᠭᠤᠯᠤᠯᠲᠠ ᠪᠦᠲᠦᠴᠡ᠎ᠶᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠤᠯᠠᠨ ᠡᠰᠢᠵᠢᠭᠰᠡᠨ᠂ ᠥᠪᠡᠷᠮᠢᠴᠡ ᠦᠢᠯᠡᠴᠢᠯᠡᠭᠡᠨ᠎ᠦ ᠬᠡᠷᠡᠭᠴᠡᠭᠡ᠎ᠳᠦ ᠨᠡᠩ ᠰᠠᠢᠨ ᠲᠤᠰᠬᠠᠯ ᠦᠭᠬᠦᠨ᠎ᠡ;ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠤᠨ᠎ᠡ;ᠠᠵᠢᠯ᠎ᠤᠨ ᠪᠠᠢᠷᠢ᠎ᠶᠢᠨ ᠬᠡᠪᠴᠢᠶ᠎ᠡ᠎ᠶᠢ ᠥᠷᠭᠡᠳᠬᠡᠵᠦ᠂ ᠠᠵᠢᠯ ᠮᠡᠷᠭᠡᠵᠢᠯ᠎ᠦᠨ ᠬᠥᠭᠵᠢᠯᠲᠡ᠎ᠶᠢᠨ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠨᠡᠢᠭᠡᠮ ᠳᠠᠶᠠᠭᠠᠷ᠎ᠢᠶᠠᠨ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠴᠢᠬᠤᠯᠠᠴᠢᠯᠠᠬᠤ᠂ ᠬᠠᠯᠠᠮᠵᠢᠯᠠᠬᠤ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠤᠯᠭᠠᠨ᠎ᠠ ᠭᠡᠵᠤ ᠲᠤᠳᠤᠷᠬᠠᠢᠯᠠᠵᠠᠢ᠃
ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠨᠢ ᠬᠢᠴᠢᠶᠡᠯ ᠵᠢᠭᠠᠵᠤ ᠬᠠᠪᠰᠤᠷᠤᠨ ᠵᠢᠯᠤᠭᠣᠳᠬᠤ᠂ ᠶᠠᠷᠢᠯᠴᠠᠨ ᠰᠣᠯᠢᠯᠴᠠᠬᠤ᠂ ᠲᠤᠬᠠᠢ᠎ᠶᠢᠨ ᠲᠠᠯᠠᠪᠤᠷ᠎ᠲᠤ ᠵᠢᠭᠠᠨ ᠰᠤᠷᠭᠠᠬᠤ᠎ᠶᠢ ᠤᠶᠠᠯᠳᠤᠭᠤᠯᠬᠤ ᠠᠷᠭ᠎ᠠ ᠮᠠᠶᠢᠭ᠋᠎ᠢ ᠠᠪᠴᠤ᠂ ᠲᠥᠪ᠎ᠦᠨ ᠪᠠ ᠲᠥᠷᠥ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ᠎ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠯᠭᠡᠵᠦ᠂ ᠣᠷᠣᠨ ᠨᠤᠲᠤᠭ᠎ᠤᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠢ ᠵᠣᠬᠢᠶᠠᠨ ᠪᠠᠢᠭᠤᠯᠤᠨ ᠦᠢᠯᠡᠳᠦᠯᠭᠡ᠎ᠶᠢᠨ ᠲᠤᠷᠰᠢᠯᠭ᠎ᠠ᠎ᠶᠢ ᠬᠤᠪᠢᠶᠠᠯᠴᠠᠵᠤ᠂ ᠡᠯ᠎ᠡ ᠭᠠᠵᠠᠷ ᠤᠷᠤᠨ᠎ᠤ ᠠᠵᠢᠯ᠎ᠤᠨ ᠰᠡᠳᠬᠢᠮᠵᠢ ᠪᠡᠨ ᠲᠣᠳᠣᠷᠬᠠᠢ ᠪᠤᠯᠭᠠᠵᠤ᠂ ᠨᠠᠢᠳᠠᠪᠤᠷᠢᠵᠢᠭᠤᠯᠤᠯᠲᠠ ᠵᠢᠨ ᠭᠣᠣᠯᠳᠠᠯᠭ᠎ᠠ᠎ᠶᠢ ᠲᠣᠳᠣᠷᠬᠠᠢᠯᠠᠬᠤ᠎ᠳᠦ ᠬᠦᠴᠦᠨ ᠨᠡᠮᠡᠷᠢᠯᠡᠭᠰᠡᠨ ᠪᠠᠢᠨ᠎ᠠ᠃
(ᠰᠢᠨᠬᠤᠸᠠ ᠬᠣᠷᠢᠶ᠎ᠡ ᠵᠢᠨ ᠦᠬᠠᠨ᠎ᠤ ᠴᠠᠬᠢᠯᠭᠠᠨ ᠮᠡᠳᠡᠭᠡ)