ᠰᠤᠷᠪᠤᠯᠵᠢᠯᠠᠭ᠍ᠴᠢ 25 ᠤ᠋ ᠡᠳᠦᠷ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ᠎ᠤᠨ ᠠᠯᠪᠠᠨ ᠬᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ ᠲᠣᠰ ᠡᠳᠦᠷ ᠴᠠᠭ ᠠᠭᠤᠷ᠂ ᠤᠰᠤᠨ ᠠᠱᠢᠭ᠍ᠯᠠᠯᠲᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠣᠢᠷ᠎ᠠ᠎ᠶ᠋ᠢᠨ ᠬᠤᠭᠤᠴᠠᠭᠠᠨ᠎ᠤ ᠡᠮᠦᠨᠡᠲᠦ ᠣᠷᠣᠨ᠎ᠤ ᠱᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠱᠢᠭ᠎ᠤᠨ ᠬᠤᠪᠢᠷᠠᠯᠳᠠ᠎ᠶ᠋ᠢᠨ ᠬᠠᠨᠳᠤᠰᠢ᠎ᠶ᠋ᠢ ᠵᠥᠪᠳᠡᠯᠴᠡᠨ ᠰᠤᠳᠤᠯᠤᠨ ᠮᠠᠭᠠᠳᠯᠠᠵᠤ᠂ ᠭᠤᠤᠯᠳᠠᠯᠭ᠎ᠠ᠎ᠲᠠᠶ ᠭᠠᠵᠠᠷ ᠣᠷᠣᠨ᠎ᠤ ᠰᠡᠷᠭᠡᠢᠯᠡᠨ ᠠᠷᠭᠠᠴᠠᠭᠠᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠨᠠᠢᠳᠠᠪᠤᠷᠢᠵᠢᠭᠤᠯᠪᠠ᠃
ᠵᠦᠪᠳᠡᠯᠴᠡᠭᠡ ᠡᠴᠡ᠂ ᠵᠢᠱ᠌ᠢᠯᠲᠡ᠎ᠪᠡᠷ 4 ᠰᠠᠷ᠎ᠠ᠎ᠶ᠋ᠢᠨ 26 ᠤ᠋ ᠡᠳᠦᠷ᠎ᠡᠴᠡ 29 ᠤ᠋ ᠡᠳᠦᠷ ᠪᠣᠯᠲᠠᠯ᠎ᠠ᠂ ᠪᠠᠷᠠᠭᠤᠨ ᠡᠮᠦᠨᠡᠲᠦ ᠣᠷᠣᠨ᠎ᠤ ᠵᠡᠭᠦᠨ ᠬᠡᠰᠡᠭ᠂ ᠬᠦᠬᠡᠮᠦ᠋ᠷᠡᠨ ᠪᠠ ᠬᠠᠨᠵᠢᠶᠠᠩ ᠮᠦᠷᠡᠨ᠎ᠤ ᠠᠭᠤᠯᠵᠠᠷ ᠬᠡᠰᠡᠭ᠂ ᠵᠢᠶᠠᠩᠨᠠᠨ ᠤᠷᠤᠨ᠂ ᠡᠮᠦᠨᠡᠲᠦ ᠣᠷᠣᠨ ᠵᠡᠷᠭᠡ ᠭᠠᠵᠠᠷ᠎ᠲᠤ ᠱᠢᠨ᠎ᠡ ᠨᠢᠭᠡ ᠡᠭᠡᠯᠵᠢ᠎ᠶ᠋ᠢᠨ ᠱᠢᠷᠦᠭᠦᠨ ᠪᠣᠷᠣᠭᠠᠨ ᠣᠷᠣᠵᠤ᠂ ᠨᠥᠯᠥᠭᠡᠯᠡᠬᠦ᠌ ᠬᠡᠪᠴᠢᠶ᠎ᠡ ᠨᠢ ᠶᠡᠬᠡ᠂ ᠤᠷᠤᠨ ᠪᠦᠰᠡ ᠳᠠᠮᠵᠢᠨ ᠱᠢᠯᠵᠢᠬᠦ᠌ ᠨᠢ ᠲᠦᠷᠭᠡᠨ᠂ ᠡᠮᠦᠨᠡᠬᠢ ᠬᠤᠭᠤᠴᠠᠭᠠᠨ᠎ᠳᠦ ᠪᠣᠷᠣᠭᠠᠨ ᠣᠷᠣᠵᠤ ᠦᠩᠭᠡᠷᠡᠭᠰᠡᠨ ᠣᠷᠣᠨ᠎ᠲᠠᠶ ᠳᠡᠭᠡᠳᠦ ᠬᠡᠮᠵᠢᠶ᠎ᠡ᠎ᠪᠡᠷ ᠳᠠᠪᠬᠤᠴᠠᠬᠤ ᠵᠡᠷᠭᠡ ᠣᠨᠴᠠᠯᠢᠭ᠎ᠲᠠᠶ ᠭᠡᠵᠦ ᠵᠢᠭᠠᠵᠤ ᠭᠠᠷᠭᠠᠪᠠ᠃
ᠵᠦᠪᠳᠡᠯᠴᠡᠭᠡ ᠡᠴᠡ᠂ 《ᠳᠠᠪᠤᠨ ᠰᠠᠷ᠎ᠠ᠎ᠶᠢᠨ ᠨᠢᠭᠡᠨ》 ᠤ᠋ ᠠᠮᠠᠷᠠᠯᠲᠠ᠎ᠶ᠋ᠢᠨ ᠬᠤᠭᠤᠴᠠᠭ᠎ᠠ ᠣᠢᠷᠠᠳᠴᠤ᠌᠂ ᠡᠮᠦᠨᠡᠲᠦ ᠣᠷᠣᠨ ᠨᠢᠭᠡᠨᠲᠡ ᠦᠶᠡᠷ᠎ᠦᠨ ᠬᠤᠭᠤᠴᠠᠭᠠᠨ᠎ᠳᠤ ᠣᠷᠣᠵᠤ᠂ ᠬᠡᠰᠡᠭ ᠭᠠᠵᠠᠷ ᠣᠷᠣᠨ᠎ᠳᠤ ᠬᠤᠷ᠎ᠠ ᠪᠣᠷᠣᠭᠠᠨ ᠮᠡᠳᠡᠭ᠌ᠳᠡᠮ᠎ᠡ ᠠᠷᠪᠢᠳᠴᠤ᠂ ᠬᠥᠷᠥᠰᠥ᠍ ᠱᠢᠷᠣᠢ᠎ᠶ᠋ᠢᠨ ᠤᠰᠤᠨ᠎ᠤ ᠠᠭᠤᠯᠤᠭ᠍ᠳᠠᠴᠠ ᠥᠨᠳᠥᠷ᠂ ᠭᠠᠮᠱᠢᠭ ᠡᠭᠦᠰᠬᠦ ᠠᠶᠤᠯ ᠲᠦᠭ᠌ᠰᠢᠭᠦᠷᠢ ᠨᠡᠮᠡᠭ᠌ᠳᠡᠵᠦ᠍ ᠪᠠᠢᠨ᠎ᠠ᠃ ᠪᠠᠢᠳᠠᠯ᠎ᠤᠨ ᠬᠦᠨᠳᠦ ᠨᠣᠴᠢᠲᠠᠢ ᠴᠢᠨᠠᠷ᠎ᠢ ᠰᠡᠷᠭᠡᠭ᠎ᠢᠶᠡᠷ ᠲᠠᠨᠢᠵᠤ᠂ ᠬᠣᠷᠢᠭ᠎ᠠ ᠱᠤᠭᠤᠮ᠎ᠤᠨ ᠰᠡᠳᠭᠢᠬᠦᠢ᠂ ᠲᠤᠢᠯᠱᠢᠷᠠᠯ᠎ᠤᠨ ᠰᠡᠳᠭᠢᠬᠦᠢ᠎ᠪᠡᠨ ᠤᠯᠠᠮ ᠨᠢᠭᠡ ᠠᠯᠬᠤᠮ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ ᠪᠠ ᠰᠡᠷᠭᠡᠢᠯᠡᠨ ᠠᠷᠭᠠᠴᠠᠭᠠᠬᠤ᠎ᠪᠠᠨ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠭᠠᠮᠱᠢᠭ ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠢ᠃
ᠦᠶᠡᠷ᠎ᠢ ᠰᠡᠷᠭᠡᠢᠯᠡᠬᠦ᠌ ᠬᠠᠷᠢᠭᠤᠴᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠨᠠᠷᠢᠯᠢᠭ᠍ᠵᠢᠭᠤᠯᠵᠤ᠂ ᠦᠶᠡᠷ᠎ᠢ ᠰᠡᠷᠭᠡᠢᠯᠡᠵᠦ᠍ ᠠᠮᠤᠷ ᠲᠦᠪᠱᠢᠨ᠎ᠢ ᠪᠠᠲᠤᠯᠠᠬᠤ ᠡᠷᠴᠢᠮ᠎ᠢᠶᠡᠨ ᠴᠢᠩᠭᠠᠷᠠᠭᠤᠯᠤᠨ᠂ ᠦᠶᠡᠷ᠎ᠢ ᠰᠡᠷᠭᠡᠢᠯᠡᠬᠦ᠌ ᠬᠠᠷᠢᠭᠤᠴᠠᠯᠭ᠎ᠠ᠎ᠶ᠋ᠢ ᠱᠠᠲᠤ ᠳᠠᠷᠠᠭᠠᠯᠠᠨ ᠪᠣᠳᠠᠲᠠᠢᠵᠢᠭᠤᠯᠬᠤ ᠬᠡᠷᠡᠭ᠌ᠲᠡᠶ᠃ ᠠᠶᠤᠯ ᠲᠦᠭ᠌ᠰᠢᠭᠦᠷᠢ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭᠠᠳᠭᠠᠵᠤ᠂ ᠠᠭᠤᠯᠠᠨ ᠦᠶᠡᠷ᠎ᠦᠨ ᠭᠤᠤ᠎ᠶ᠋ᠢᠨ ᠠᠮᠠ ᠵᠡᠷᠭᠡ ᠠᠶᠤᠯ ᠲᠦᠭ᠌ᠰᠢᠭᠦᠷᠢ ᠶᠡᠬᠡᠲᠡᠢ ᠣᠷᠣᠨ ᠪᠦᠰᠡ ᠪᠣᠯᠤᠨ ᠨᠠᠰᠤᠲᠠᠨ᠎ᠢ ᠠᠰᠠᠷᠠᠬᠤ ᠬᠦᠷᠢᠶᠡᠯᠡᠩ ᠵᠡᠷᠭᠡ ᠭᠣᠣᠯᠳᠠᠯᠭ᠎ᠠ᠎ᠲᠠᠶ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠬᠤ ᠬᠡᠷᠡᠭ᠌ᠲᠡᠢ᠃ ᠤᠰᠤᠨ ᠴᠥᠭᠥᠷᠥᠮ᠎ᠦᠨ ᠶᠡᠬᠡ ᠬᠠᠱᠢᠯᠭ᠎ᠠ᠎ᠶ᠋ᠢ ᠴᠠᠭ᠍ᠳᠠᠨ ᠪᠠᠢᠴᠠᠭᠠᠵᠤ ᠰᠡᠷᠭᠡᠢᠯᠡᠨ ᠰᠠᠬᠢᠵᠤ ᠠᠶᠤᠯ ᠡᠴᠡ ᠠᠪᠤᠷᠠᠬᠤ᠎ᠶ᠋ᠢ ᠴᠢᠩᠭᠠᠳᠭᠠᠵᠤ᠂ ᠡᠳᠦᠷ ᠲᠤᠳᠤᠮ᠎ᠤᠨ ᠬᠠᠮᠢᠶᠠᠷᠤᠯᠲᠠ ᠬᠠᠮᠠᠭᠠᠯᠠᠯᠲᠠ ᠪᠠ ᠴᠠᠭ᠍ᠳᠠᠨ ᠪᠠᠢᠴᠠᠭᠠᠵᠤ ᠰᠡᠷᠭᠡᠢᠯᠡᠨ ᠬᠠᠮᠠᠭᠠᠯᠠᠬᠤ᠎ᠶ᠋ᠢ ᠴᠢᠩᠭᠠᠳᠭᠠᠬᠤ ᠬᠡᠷᠡᠭ᠌ᠲᠡᠢ᠃ ᠭᠣᠣᠯ ᠦᠶᠡᠷ ᠤ᠋ᠨ ᠬᠤᠭᠤᠴᠠᠭᠠᠨ᠎ᠳᠦ ᠭᠡᠮ ᠰᠤᠭᠤᠭ᠎ᠲᠡᠶ ᠤᠰᠤᠨ ᠴᠥᠭᠥᠷᠥᠮ᠎ᠢ ᠱᠠᠭᠠᠷᠳᠠᠯᠭ᠎ᠠ ᠶᠣᠰᠣᠭᠠᠷ ᠴᠥᠮ ᠬᠥᠮᠥᠷᠭᠡ ᠬᠣᠭᠣᠰᠣᠨ ᠠᠵᠢᠯᠯᠠᠭᠤᠯᠵᠤ᠂ ᠲᠠᠯᠠᠩᠢ ᠲᠣᠭᠣᠷᠢᠨ ᠪᠠᠢᠴᠠᠭᠠᠬᠤ ᠶ᠋ᠢ ᠴᠢᠩᠭᠠᠳᠭᠠᠨ᠂ ᠠᠶᠤᠯ ᠡᠴᠡ ᠠᠪᠤᠷᠠᠨ ᠲᠤᠰᠠᠯᠠᠬᠤ ᠬᠦᠴᠦᠨ ᠪᠠ ᠡᠳ᠋ ᠪᠤᠳᠠᠰ ᠲᠥᠬᠥᠭᠡᠷᠦᠮᠵᠢ ᠶ᠋ᠢ ᠤᠷᠢᠳᠴᠢᠯᠠᠨ ᠪᠠᠢᠷᠢᠯᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)