ᠬᠣᠶᠠᠳᠤᠭᠠᠷ ᠬᠤᠭᠤᠴᠠᠭᠠᠨ᠎ᠤ ᠮᠤᠵᠢ ᠬᠤᠳᠠ ᠠᠯᠤᠰᠯᠠᠭᠰᠠᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠲᠤᠰᠬᠠᠢ ᠲᠠᠯᠠᠪᠠᠢ ᠤᠷᠢᠨ ᠡᠯᠰᠡᠬᠦ ᠴᠤᠬᠯᠠᠭᠠᠨ ᠶᠠᠪᠤᠬᠳᠠᠯ᠎ᠠ
2026-04-27 11:23:37
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ ᠂ 4 ᠰᠠᠷ᠎ᠠ᠎ᠶᠢᠨ 16 ᠤ᠋ ᠡᠳᠦᠷ᠂ ᠬᠣᠶᠠᠳᠤᠭᠠᠷ ᠬᠤᠭᠤᠴᠠᠭᠠᠨ᠎ᠤ ᠮᠤᠵᠢ ᠬᠤᠳᠠ ᠠᠯᠤᠰᠯᠠᠭᠰᠠᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠲᠤᠰᠬᠠᠢ ᠲᠠᠯᠠᠪᠠᠢ ᠤᠷᠢᠨ ᠡᠯᠰᠡᠬᠦ ᠴᠤᠬᠯᠠᠭᠠᠨ ᠪᠤᠭᠤᠲᠤ ᠬᠤᠳᠠ ᠳ᠋ᠤ ᠶᠠᠪᠤᠬᠳᠠᠪᠠ᠃ ᠠᠵᠢᠯᠲᠠᠨ ᠤᠷᠢᠨ ᠡᠯᠰᠡᠬᠦ ᠲᠤᠬᠠᠢ᠎ᠶᠢᠨ ᠲᠠᠯᠠᠪᠠᠶ᠎ᠳᠤ ᠤᠯᠠᠨ ᠬᠥᠮᠥᠨ ᠴᠤᠭᠯᠠᠷᠠᠵᠤ᠂ ᠠᠵᠤ ᠠᠬᠤᠢᠯᠠᠯ ᠪᠣᠯᠣᠨ ᠠᠵᠢᠯ ᠡᠷᠢᠭᠰᠡᠳ ᠨᠢᠭᠤᠷᠳᠠᠨ ᠶᠠᠷᠢᠯᠴᠠᠵᠤ᠂ ᠠᠵᠢᠯ᠎ᠤᠨ ᠪᠠᠢᠷᠢ ᠨᠢ ᠳᠡᠭᠡᠳᠦ ᠲᠠᠰ᠎ᠤᠨ ᠦᠢᠯᠡᠳᠬᠦ ᠦᠢᠯᠡᠰ᠂ ᠰᠢᠨ᠎ᠡ ᠡᠨᠧᠷᠭᠢ᠂ ᠮᠡᠳᠡᠭᠡ ᠵᠠᠩᠭᠢ᠎ᠶᠢᠨ ᠮᠡᠷᠭᠡᠵᠢᠯ᠂ ᠣᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠤ᠂ ᠠᠳᠠᠯᠢ ᠪᠤᠰᠤ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠤᠷ᠎ᠠ ᠴᠢᠳᠠᠪᠤᠷᠢ᠎ᠳ᠋ᠤ ᠲᠣᠬᠢᠷᠠᠭᠤᠯᠪᠠ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠠᠵᠢᠯᠲᠠᠨ ᠤᠷᠢᠨ ᠡᠯᠰᠡᠬᠦ ᠴᠤᠭᠯᠠᠭᠠᠨ ᠳ᠋ᠤ ᠥᠪᠥᠷ ᠮᠣᠩᠭᠣᠯ ᠵᠢᠴᠢ ᠯᠠᠨᠵᠧᠦ᠂ ᠢᠷᠭᠠᠢ᠂ ᠴᠢᠭᠤᠯᠤᠯᠲᠤ ᠬᠠᠭᠠᠯᠭ᠎ᠠ᠂ ᠳᠠ ᠲᠦᠩ ᠵᠡᠷᠭᠡ 21 ᠬᠣᠯᠪᠣᠭᠠᠲᠤ ᠬᠣᠲᠠ ᠵᠢᠨ 138 ᠠᠵᠤ ᠠᠬᠤᠢᠯᠠᠯ ᠡᠴᠨ 3736 ᠴᠢᠨᠠᠷ ᠰᠠᠢᠲᠠᠢ ᠠᠵᠢᠯ᠎ᠤᠨ ᠪᠠᠢᠷᠢ ᠬᠠᠡᠭᠭᠠᠵᠤ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠤ ᠵᠡᠷᠭᠡ᠎ᠪᠡᠷ ᠠᠵᠢᠯᠲᠠᠨ ᠡᠯᠰᠡᠵᠦ᠂ ᠴᠡᠷᠢᠭ᠎ᠡᠴᠡ ᠬᠠᠯᠠᠭᠳᠠᠭᠰᠠᠳ᠎ᠲᠤ ᠠᠵᠢᠯ ᠣᠯᠭᠣᠯᠲᠠ᠎ᠶᠢᠨ ᠲᠣᠮᠣ᠌ ᠪᠡᠯᠡᠭ ᠬᠦᠷᠭᠡᠪᠡ᠃ ᠲᠤᠬᠠᠢ᠎ᠶᠢᠨ ᠲᠠᠯᠠᠪᠠᠶ᠎ᠳᠤ ᠪᠠᠰᠠ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠦᠭᠭᠦ᠂ ᠮᠥᠩᠭᠥᠨ ᠭᠦᠢᠯᠭᠡᠭᠡᠨ ᠎ᠦ ᠦᠢᠯᠡᠴᠢᠯᠡᠭᠡ᠂ ᠬᠥᠮᠦᠵᠢᠯ ᠪᠣᠯᠪᠠᠰᠤᠷᠠᠯ᠂ ᠴᠡᠷᠢᠭ᠎ᠦᠨ ᠡᠭᠦᠳᠦᠯᠲᠡ᠎ᠶᠢᠨ ᠦᠵᠡᠭᠦᠯᠭᠡ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠵᠡᠷᠭᠡ 5 ᠶᠡᠬᠡ ᠲᠤᠰᠬᠠᠢ ᠲᠣᠭᠣᠷᠢᠭ᠋ ᠭᠠᠷᠭᠠᠵᠤ᠂ ᠲᠤᠰᠬᠠᠢ ᠬᠥᠮᠥᠨ ᠪᠥᠬᠥ ᠶᠠᠪᠤᠴᠠ᠎ᠳᠤ ᠠᠰᠠᠭᠤᠯᠲᠠ ᠬᠠᠷᠢᠭᠤᠯᠬᠤ ᠦᠢᠯᠡᠴᠢᠯᠡᠭᠡ ᠬᠠᠩᠭᠠᠵᠤ᠂ ᠠᠵᠢᠯ ᠣᠯᠭᠣᠬᠤ ᠳ᠋ᠤ ᠪᠥᠬᠥ ᠲᠠᠯ᠎ᠠ᠎ᠪᠡᠷ ᠬᠠᠪᠰᠤᠷᠤᠨ ᠲᠡᠳᠬᠦᠬᠦ᠎ᠶᠢ ᠪᠡᠶᠡᠯᠡᠭᠦᠯᠪᠡ᠃

ᠴᠡᠷᠢᠭ ᠤ᠋ᠨ ᠠᠯᠪᠠ ᠡᠴᠠ ᠬᠠᠯᠠᠭᠳᠠᠭᠰᠠᠨ ᠶᠠᠩ ᠵᠢᠶᠠ ᠸᠠᠩ ᠵᠢᠯᠣᠭᠣᠴᠢ ᠦᠭᠡᠢ ᠨᠢᠰᠬᠡᠯ ᠡᠵᠡᠮᠳᠡᠭᠦ ᠲᠤᠷᠰᠢᠯᠭ᠎ᠠ᠎ᠪᠠᠷ᠎ᠢᠶᠠᠨ ᠪᠤᠭᠤᠲᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠲᠠᠢ ᠲᠤᠬᠠᠢ ᠎ᠶᠢᠨ ᠲᠠᠯᠠᠪᠠᠶ᠎ᠳᠤ ᠠᠵᠢᠯ ᠣᠯᠬᠤ ᠰᠠᠨᠠᠮᠵᠢ ᠲᠣᠭᠲᠠᠪᠠ᠃ ᠨᠢᠩᠰᠢᠶᠠ᠎ᠶᠢᠨ ᠶᠦᠨ ᠪᠠᠨ ᠰᠢᠶᠠᠩ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠤᠭᠤᠲᠤ᠎ᠳᠤ ᠬᠤᠪᠢᠶᠠᠷᠢ ᠺᠣᠮᠫᠠᠨᠢ ᠪᠠᠢᠭᠤᠯᠵᠤ᠂ ᠡᠨᠡ ᠤᠳᠠᠭ᠎ᠠ 50 ᠎ᠡᠴᠠ 100 ᠬᠦᠮᠦᠨ ᠡᠯᠰᠡᠬᠦ᠎ᠪᠡᠷ ᠲᠥᠯᠥᠪᠯᠡᠵᠦ ᠪᠠᠢᠨ᠎ᠠ᠃

ᠲᠣᠰ ᠤᠳᠠᠭ᠎ᠠ ᠵᠢᠨ ᠣᠷᠣᠨ ᠪᠦᠰᠡ ᠠᠯᠤᠰᠯᠠᠬᠰᠠᠨ ᠠᠵᠢᠯᠳᠠᠨ ᠤᠷᠢᠨ ᠡᠯᠰᠡᠬᠦ ᠴᠤᠬᠯᠠᠭᠠᠨ ᠨᠢ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠮᠡᠳᠡᠭᠡ ᠵᠠᠩᠭᠢ᠎ᠶᠢ ᠨᠡᠪᠲᠡᠷᠡᠯᠴᠡᠭᠦᠯᠬᠦ᠎ᠪᠡᠷ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠦ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ᠎ᠶᠢ ᠰᠢᠢᠳᠪᠦᠷᠢᠯᠡᠭᠰᠡᠨ ᠮᠥᠷᠲᠡᠭᠡᠨ ᠴᠡᠷᠢᠭ᠎ᠦᠨ ᠠᠯᠪᠠ᠎ᠠᠴᠠ ᠬᠠᠯᠠᠬᠳᠠᠬᠰᠠᠳ ᠤ᠋ᠨ ᠴᠢᠨᠠᠷ ᠰᠠᠢᠲᠠᠢ ᠠᠵᠢᠯ ᠣᠯᠬᠤ᠎ᠳᠤ ᠬᠦᠴᠦᠨ ᠨᠡᠮᠡᠷᠢᠯᠡᠵᠦ᠂ ᠣᠷᠣᠨ ᠪᠦᠰᠡ᠎ᠶᠢᠨ ᠠᠵᠢᠯ ᠣᠯᠭᠣᠬᠤ ᠪᠠ ᠦᠢᠯᠡᠰ ᠪᠤᠰᠬᠠᠬᠤ ᠬᠠᠮᠵᠢᠯᠴᠠᠭ᠎ᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号