ᠵᠠᠭᠤᠨ ᠲᠤᠰᠭᠠᠶ ᠮᠡᠷᠭᠡᠵᠢᠯᠲᠡᠨ ᠠᠢᠮᠠᠭ ᠬᠣᠲᠠ ᠬᠣᠱᠢᠭᠤ ᠱᠢᠶᠠᠨ᠎ᠳᠤ ᠬᠦᠷᠴᠦ᠍ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠶᠠᠯᠠᠯ 》 ᠎ᠤ᠋ᠨ ᠠᠵᠢᠯᠯᠠᠭ᠎ᠠ ᠡᠬᠢᠯᠡᠪᠡ
2026-04-27 11:26:08
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

2026 ᠣᠨ᠎ᠤ 《ᠵᠠᠭᠤᠨ ᠲᠤᠰᠭᠠᠶ ᠮᠡᠷᠭᠡᠵᠢᠯᠲᠡᠨ ᠠᠢᠮᠠᠭ ᠬᠣᠲᠠ ᠬᠣᠱᠢᠭᠤ ᠱᠢᠶᠠᠨ᠎ᠳᠤ ᠬᠦᠷᠴᠦ᠍ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ ᠠᠶᠠᠯᠠᠯ》ᠤ᠋ᠨ ᠬᠠᠪᠤᠷ᠎ᠤᠨ ᠤᠯᠠᠷᠢᠯ᠎ᠤᠨ ᠠᠵᠢᠯᠯᠠᠭ᠎ᠠ᠎ᠶ᠋ᠢᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠤᠢᠷ᠎ᠠ ᠳ᠋ᠤ ᠬᠦᠬᠡᠬᠤᠳᠠ ᠳ᠋ᠤ ᠡᠬᠢᠯᠡᠪᠡ᠃

ᠣᠢᠯᠠᠭᠠᠭ᠍ᠰᠠᠨ᠎ᠢᠶᠠᠷ᠂ ᠲᠣᠰ ᠤᠳᠠᠭᠠᠨ ᠎ᠤ ᠠᠵᠢᠯᠯᠠᠭ᠎ᠠ ᠨᠢ ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌᠎ᠪᠡᠷ ᠭᠤᠤᠯ ᠰᠡᠳᠦᠪ ᠪᠣᠯᠭᠠᠵᠤ᠂ 5 ᠰᠠᠷ᠎ᠠ᠎ᠶ᠋ᠢᠨ 15  ᠤ᠋ ᠡᠳᠦᠷ ᠪᠣᠯᠲᠠᠯ᠎ᠠ  ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ 100 ᠲᠠᠯᠠᠪᠤᠷ ᠵᠣᠬᠢᠶᠠᠨ ᠪᠠᠢᠭᠤᠯᠵᠤ ᠥᠷᠨᠢᠭᠦᠯᠦᠨ᠎ᠡ᠃ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ ᠬᠠᠮᠢᠶ᠎ᠠ ᠪᠥᠬᠥᠶ ᠬᠦᠷᠢᠶᠡᠨ᠎ᠦ 40 ᠭᠠᠷᠤᠶ ᠲᠤᠰᠭᠠᠶ ᠮᠡᠷᠭᠡᠵᠢᠯᠲᠡᠨ᠎ᠢ ᠤᠷᠢᠵᠤ ᠰᠤᠷᠭᠠᠭᠤᠯᠢ᠂ ᠬᠥᠳᠡᠭᠡ ᠲᠣᠰᠭᠣᠨ᠂ ᠠᠵᠤ ᠠᠬᠤᠢᠯᠠᠯ᠂ ᠨᠡᠢᠭᠡᠮ ᠲᠣᠭᠣᠷᠢᠭ᠂ ᠪᠠᠢᠭᠤᠯᠭ᠎ᠠ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂  ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠲᠠᠢᠯᠤᠮᠵᠢ᠂ ᠮᠡᠷᠭᠡᠵᠢᠯ᠎ᠦᠨ ᠵᠢᠯᠣᠭᠣᠳᠣᠯᠭ᠎ᠠ᠂ ᠬᠠᠷᠢᠯᠴᠠᠨ ᠦᠶ᠋ᠯᠡᠳᠦᠯᠴᠡᠵᠦ᠍ ᠪᠡᠶᠡᠴᠢᠯᠡᠨ ᠣᠢᠯᠠᠭᠠᠬᠤ ᠵᠡᠷᠭᠡ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠬᠦᠯᠬᠦ ᠬᠢᠭᠡᠳ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢᠨ ᠵᠣᠬᠢᠴᠠᠯᠳᠤᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠣᠭᠠᠴᠢᠯᠠᠭ᠍ᠰᠠᠨ ᠬᠡᠪ ᠪᠣᠯᠪᠠᠰᠤᠷᠠᠯ᠂ ᠢᠳᠡᠭᠡᠨ᠎ᠦ ᠠᠮᠤᠷ ᠲᠦᠪᠱᠢᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠵᠡᠷᠭᠡ ᠣᠯᠠᠨ ᠲᠦᠮᠡᠨ᠎ᠦ ᠳᠡᠷᠭᠡᠳᠡᠬᠢ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠠᠢᠨ ᠳᠤᠷᠠᠴᠤᠳ  ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠂ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯᠠᠪᠠᠶ ᠣᠷᠳᠣᠨ ᠵᠡᠷᠭᠡ ᠵᠢᠭ᠍ᠰᠠᠭᠠᠯ᠎ᠤᠨ ᠭᠠᠵᠠᠷ᠎ᠲᠤ  ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠠᠢᠨ ᠳᠤᠷ᠎ᠠ᠎ᠶ᠋ᠢᠨ ᠪᠠᠢᠩᠭᠤ᠎ᠶ᠋ᠢᠨ ᠦᠶ᠋ᠯᠡᠴᠢᠯᠡᠭᠡ ᠥᠷᠨᠢᠭᠦᠯᠦᠨ᠎ᠡ; ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠱᠢᠨᠵᠢᠯᠡᠬᠦ᠌ ᠤᠬᠠᠭᠠᠨᠲᠠᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠬᠡ ᠤᠯᠤᠰ᠎ᠤᠨ᠎ᠢᠶᠠᠨ ᠲᠥᠯᠥᠭᠡ ᠵᠢᠳᠬᠦᠭ᠌ᠰᠡᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ᠎ᠶ᠋ᠢ ᠰᠠᠢᠲᠤᠷ ᠤᠬᠠᠭᠤᠯᠤᠨ᠎ᠠ᠃ ᠲᠣᠰ ᠤᠳᠠᠭᠠᠨ᠎ᠤ ᠠᠵᠢᠯᠯᠠᠭ᠎ᠠ᠎ᠨᠢ ᠨᠠᠷᠢᠯᠢᠭ ᠣᠨᠣᠴᠠᠲᠠᠶ ᠦᠶ᠋ᠯᠡᠴᠢᠯᠡᠭᠡ᠎ᠪᠡᠷ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠤᠯᠭᠤᠨ ᠬᠥᠭ᠌ᠵᠢᠯᠲᠡ᠎ᠶ᠋ᠢ ᠠᠬᠢᠭᠤᠯᠵᠤ᠂ ᠱᠢᠯᠢᠳᠡᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠦᠷᠭᠦᠯᠵᠢᠯᠡᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠷᠭᠡᠵᠦ᠍᠂ ᠱᠢᠨᠵᠢᠯᠡᠬᠦ᠌ ᠤᠬᠠᠭᠠᠨᠳᠠᠨ᠎ᠤ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ ᠎ᠳᠦ ᠬᠦᠨ ᠬᠠᠳᠠᠩᠱᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号