ᠵᠠᠯᠠᠭᠤᠴᠤᠳ᠎ᠤᠨ ᠬᠥᠭᠵᠢᠯᠲᠡ᠎ᠳ᠋ᠤ ᠵᠤᠬᠢᠴᠠᠭᠰᠠᠨ ᠬᠡᠯᠪᠡᠷᠢ ᠵᠢᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ᠎ᠡ
2026-04-27 11:45:48
ᠵᠣᠬᠢᠶᠠᠭ᠍ᠴᠢ᠄
ᠸᠠᠩ ᠮᠢᠩ ᠢᠦᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 4 ᠰᠠᠷ᠎ᠠ᠎ᠶᠢᠨ 22 ᠤ᠋ᠨ ᠡᠳᠦᠷ ᠡᠪ ᠬᠠᠮᠲᠤ ᠵᠠᠯᠠᠭᠤᠴᠤᠳ᠎ᠤᠨ ᠡᠪᠯᠡᠯ ᠎ᠦᠨ ᠲᠥᠪ ᠬᠣᠷᠢᠶ᠎ᠠ᠎ᠡᠴᠡ ᠣᠢᠯᠠᠭᠠᠭᠰᠠᠨ ᠵᠢᠡᠷ᠂ ᠣᠢᠷ᠎ᠠ᠎ᠳᠤ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠲᠥᠪ ᠎ᠦᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠨᠭᠭᠢᠵᠢᠯᠲᠠ ᠵᠢᠨ ᠤᠳᠤᠷᠢᠳᠬᠤ ᠲᠤᠭᠤᠢᠯᠠᠩ᠎ᠤᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ ᠵᠡᠷᠭᠡ 15 ᠰᠠᠯᠠᠭ᠎ᠠ ᠮᠥᠴᠢᠷ ᠬᠠᠮᠲᠤᠷᠠᠨ ᠰᠠᠨᠠᠯ ᠳᠠᠷᠤᠮᠠᠯᠯᠠᠨ ᠲᠠᠷᠬᠠᠭᠠᠵᠤ᠂ ᠵᠠᠯᠠᠭᠤᠴᠤᠳ᠎ᠤᠨ ᠬᠥᠭᠵᠢᠯᠲᠡ᠎ᠳ᠋ᠤ ᠵᠤᠬᠢᠴᠠᠭᠰᠠᠨ ᠬᠡᠯᠪᠡᠷᠢ ᠵᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠬᠦ᠂ ᠣᠳᠣᠬᠢᠴᠢᠯᠠᠭᠰᠠᠨ ᠠᠷᠠᠳ᠎ᠤᠨ ᠬᠣᠲᠠ᠎ᠶᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠪᠠᠢᠷᠢᠯᠠᠭᠤᠯᠤᠯᠲᠠ ᠬᠢᠪᠡ᠃

ᠣᠢᠯᠠᠭᠠᠭᠰᠠᠨ᠎ᠢᠶᠠᠷ᠂ ᠰᠠᠨᠠᠯ ᠨᠢ ᠵᠠᠯᠠᠭᠤᠴᠤᠳ᠎ᠤᠨ ᠬᠥᠭᠵᠢᠯᠲᠡ ᠳ᠋ᠤ᠎ᠵᠤᠬᠢᠴᠠᠭᠰᠠᠨ ᠬᠡᠯᠪᠡᠷᠢ ᠵᠢᠨ ᠬᠣᠲᠠ᠎ᠶᠢᠨ ᠣᠢᠯᠠᠭᠠᠭᠳᠠᠬᠤᠨ᠎ᠢ ᠴᠢᠨᠠᠭᠰᠢᠳᠠ ᠪᠠᠶᠠᠯᠢᠭ᠍ᠵᠢᠭᠤᠯᠤᠨ ᠬᠥᠭᠵᠢᠭᠦᠯᠵᠦ᠂ ᠵᠠᠯᠠᠭᠤᠴᠤᠳ᠎ᠤᠨ ᠬᠥᠭᠵᠢᠯᠲᠡ ᠳ᠋ᠤ᠎ᠵᠤᠬᠢᠴᠠᠭᠰᠠᠨ ᠬᠡᠯᠪᠡᠷᠢ ᠵᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠶᠢᠨ ᠲᠣᠭᠣᠷᠢᠨ᠎ᠳᠤ ᠭᠣᠣᠯ ᠠᠵᠢᠯ᠎ᠤᠨ ᠶᠡᠬᠡ ᠲᠠᠯ᠎ᠠ᠎ᠳᠦ ᠠᠨᠭᠬᠠᠷᠤᠯ ᠵᠢᠡᠨ ᠬᠠᠨᠳᠤᠭᠤᠯᠵᠤ᠂ ᠵᠠᠯᠠᠭᠤᠴᠤᠳ᠎ᠤᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠬᠤᠳᠠ᠎ᠶᠢᠨ ᠰᠢᠨ᠎ᠡ᠎ᠶᠢ ᠡᠭᠦᠳᠬᠦ ᠬᠥᠳᠡᠯᠭᠡᠬᠦ ᠬᠦᠴᠦᠨ᠎ᠢ ᠨᠡᠮᠡᠭᠳᠡᠭᠦᠯᠵᠤ᠂ ᠵᠠᠯᠠᠭᠤᠴᠤᠳ ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠤᠨ᠂ ᠬᠤᠳᠠ᠎ᠶᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠰᠢᠨ᠎ᠡ ᠣᠷᠣᠨ ᠵᠠᠢ᠎ᠶᠢ ᠬᠥᠭᠵᠢᠭᠡᠵᠤ᠂ ᠵᠠᠯᠠᠭᠤᠴᠤᠳ᠎ᠤᠨ ᠤᠷᠢᠳ ᠵᠢᠡᠷ ᠬᠦᠳᠡᠯᠦᠯᠴᠡᠬᠦ᠎ᠶᠢ ᠵᠣᠷᠢᠭ᠍ᠵᠢᠭᠤᠯᠤᠨ᠂ ᠬᠤᠳᠠ᠎ᠶᠢᠨ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠵᠤ᠂ ᠵᠠᠯᠠᠭᠤᠴᠤᠳ᠎ᠤᠨ ᠥᠭᠡᠳᠡᠯᠡᠨ ᠲᠠᠪᠰᠢᠬᠤ ᠴᠢᠳᠠᠮᠠᠭᠠᠢ ᠪᠠᠢᠬᠤ᠎ᠶᠢ ᠬᠥᠲᠥᠯᠥᠨ ᠵᠢᠯᠤᠭᠣᠳᠴᠦ᠂ ᠬᠤᠳᠠ᠎ᠶᠢᠨ ᠰᠣᠶᠣᠯ ᠢᠷᠭᠡᠨᠰᠢᠯ᠎ᠦᠨ ᠬᠡᠪ ᠨᠠᠮᠪᠠ᠎ᠶᠢ ᠱᠤᠭᠤᠵᠤ᠂ ᠵᠠᠯᠠᠭᠤᠴᠤᠳ᠎ᠤᠨ ᠡᠮᠬᠢ ᠵᠢᠷᠤᠮ᠎ᠲᠠᠢ᠎ᠪᠠᠷ ᠣᠷᠣᠯᠴᠠᠬᠤ᠎ᠶᠢ ᠳᠡᠮᠵᠢᠨ᠂ ᠬᠤᠳᠠ᠎ᠶᠢᠨ ᠵᠠᠰᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ ᠎ᠪᠠᠷ 18 ᠵᠦᠢᠯ᠎ᠦᠨ ᠠᠷᠭ᠎ᠠ ᠬᠡᠮᠵᠢᠶ᠎ᠡ ᠳᠤᠷᠠᠳᠪᠠ᠃

ᠰᠠᠨᠠᠯ᠎ᠳᠤ᠂ ᠵᠠᠯᠠᠭᠤᠴᠤᠳ᠎ᠤᠨ ᠬᠥᠭᠵᠢᠯᠲᠡ᠎ᠳ᠋ᠤ ᠵᠤᠬᠢᠴᠠᠭᠰᠠᠨ ᠬᠡᠯᠪᠡᠷᠢ ᠵᠢᠨ ᠬᠣᠲᠠ᠎ᠶᠢᠨ ᠪᠦᠲᠦᠭᠡᠨ ᠪᠠᠢᠭᠤᠯᠤᠯᠲᠠ ᠪᠣᠯ ᠠᠷᠠᠳ᠎ᠤᠨ ᠬᠣᠲᠠ᠎ᠶᠢᠨ ᠣᠢᠯᠠᠭᠠᠭᠳᠠᠬᠤᠨ᠎ᠤ ᠪᠣᠳᠠᠲᠤ ᠦᠢᠯᠡᠳᠦᠯᠭᠡ ᠮᠥᠨ᠂ ᠵᠠᠯᠠᠭᠤᠴᠤᠳ᠎ᠤᠨ ᠬᠥᠭᠵᠢᠯᠲᠡ᠎ᠶᠢ ᠬᠤᠳᠠ᠎ᠶᠢᠨ ᠠᠵᠢᠯ᠎ᠤᠨ ᠪᠦᠬᠦ ᠶᠠᠪᠤᠴᠠ᠂ ᠡᠯ᠎ᠡ ᠬᠦᠷᠢᠶᠡᠨ᠎ᠳᠦ ᠪᠦᠬᠦ ᠲᠠᠯ᠎ᠠ᠎ᠪᠠᠷ ᠠᠭᠤᠰᠤᠯᠴᠠᠭᠤᠯᠬᠤ᠎ᠶᠢ ᠠᠬᠢᠭᠤᠯᠵᠤ᠂ ᠵᠠᠯᠠᠭᠤᠴᠤᠳ᠎ᠤᠨ 《ᠣᠷᠣᠵᠤ ᠳᠡᠶ᠋ᠢᠯᠬᠦ᠂ ᠦᠯᠡᠳᠡᠵᠦ ᠳᠡᠶ᠋ᠢᠯᠬᠦ᠂ ᠠᠮᠤᠭᠤᠯᠠᠩ ᠰᠠᠭᠤᠵᠤ ᠳᠡᠶ᠋ᠢᠯᠬᠦ᠂ ᠦᠢᠯᠡᠰ ᠪᠦᠲᠦᠭᠡᠵᠦ ᠳᠡᠶ᠋ᠢᠯᠬᠦ 》 ᠬᠥᠭᠵᠢᠯᠲᠡ ᠎ᠶᠢᠨ ᠣᠷᠴᠢᠨ ᠨᠦᠭᠦᠴᠡᠯ ᠎ᠢ ᠰᠢᠰᠲ᠋ᠸᠮ ᠲᠠᠢ ᠰᠢᠯᠢᠳᠡᠭᠵᠢᠭᠦᠯᠵᠦ᠂ ᠬᠤᠳᠠ᠎ᠶᠢᠨ ᠲᠥᠯᠦᠪᠵᠢᠭᠦᠯᠭᠡ᠂ ᠪᠦᠲᠦᠭᠡᠨ ᠪᠠᠢᠭᠤᠯᠤᠯᠲᠠ᠂ ᠵᠠᠰᠠᠯᠲᠠ᠎ᠶᠢᠨ ᠳᠤᠮᠳᠠ ᠵᠠᠯᠠᠭᠤᠴᠤᠳ᠎ᠤᠨ ᠲᠦᠷᠦ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠬᠤᠳᠠ᠎ᠶᠢᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ᠎ᠶᠢᠨ ᠳᠤᠮᠳᠠ ᠵᠠᠯᠠᠭᠤᠴᠤᠳ᠎ᠤᠨ ᠬᠡᠷᠡᠭᠴᠡᠭᠡ ᠵᠢ ᠣᠷᠭᠠᠨᠢᠭ᠋᠎ᠢᠶᠠᠷ ᠨᠡᠢᠴᠡᠭᠦᠯᠵᠦ᠂ ᠬᠤᠳᠠ᠎ᠶᠢᠨ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠎ᠤ ᠳᠤᠮᠳᠠ ᠵᠠᠯᠠᠭᠤᠴᠤᠳ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠡ ᠭᠡᠵᠤ ᠵᠢᠭᠠᠵᠤ ᠭᠠᠷᠭᠠᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 22 ᠤ᠋ᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号