ᠭᠤᠷᠪᠠᠨ ᠭᠠᠵᠠᠷ᠎ᠤᠨ ᠠᠵᠢᠯᠴᠢᠨ᠎ᠤ ᠡᠪᠯᠡᠯ ᠬᠤᠯᠪᠤᠭᠠᠯᠠᠨ ᠬᠥᠳᠡᠯᠦᠯᠴᠡᠵᠦ᠍ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠴᠢᠳᠠᠪᠤᠷᠢᠲᠠᠨ ᠤᠷᠢᠨ ᠡᠯᠰᠡᠪᠠ
2026-04-28 09:17:25
ᠵᠣᠬᠢᠶᠠᠭ᠍ᠴᠢ᠄
ᠮᠠ ᠹᠠᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠱᠧᠩ ᠯᠸ ᠰᠤᠷᠭᠠᠭᠤᠯᠢ᠎ᠶ᠋ᠢᠨ ᠲᠣᠭᠣᠷᠢᠭ᠎ᠲᠤ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 《2026 ᠣᠨ᠎ᠤ ᠠᠵᠢᠯᠴᠢᠨ᠎ᠤ ᠡᠪᠯᠡᠯ᠎ᠦᠨ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠵᠢᠴᠢ ᠳᠤᠮᠳᠠᠳᠤ ᠤᠯᠤᠰ (ᠥᠪᠥᠷ ᠮᠣᠩᠭᠣᠯ)᠎ᠦ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠶ᠎ᠠ — ᠬᠥᠬᠡᠬᠣᠲᠠ᠂ ᠮᠠᠨᠵᠤᠤᠷ ᠬᠤᠳᠠ᠂ ᠡᠷᠢᠶᠡᠨ ᠬᠤᠳᠠ ᠭᠤᠷᠪᠠᠨ ᠭᠠᠵᠠᠷ᠎ᠤᠨ ᠬᠣᠯᠪᠣᠭᠠᠯᠠᠨ ᠬᠥᠳᠡᠯᠦᠯᠴᠡᠬᠦ᠌ ᠲᠤᠰᠭᠠᠢ ᠲᠠᠯᠠᠪᠠᠢ ᠠᠵᠢᠯᠯᠠᠭ᠎ᠠ》 ᠪᠡᠷ ᠭᠣᠣᠯ ᠰᠡᠳᠦᠪ ᠪᠣᠯᠭᠠᠵᠤ᠂ 《ᠰᠦᠯᠵᠢᠶᠡᠨ ᠳᠡᠭᠡᠷ᠎ᠡ ᠡᠭᠦᠯᠡᠨ ᠲᠠᠪᠴᠠᠩ᠎ᠢᠶᠠᠷ ᠤᠷᠢᠵᠤ ᠡᠯᠰᠡᠬᠦ + ᠠᠬᠤᠢ ᠳᠠᠯᠠᠪᠠᠢ᠎ᠳᠦ ᠱᠢᠭᠤᠳ ᠤᠷᠢᠵᠤ ᠡᠯᠰᠡᠬᠦ + ᠤᠶᠤᠨᠴᠢ ᠪᠡᠷ ᠤᠷᠢᠵᠤ ᠡᠯᠰᠡᠬᠦ》 ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ ᠦᠢᠯᠡᠴᠢᠯᠡᠭᠡᠨ᠎ᠦ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠠᠵᠢᠯᠴᠢᠨ᠎ᠤ ᠡᠪᠯᠡᠯ᠎ᠦᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠬᠡᠪᠴᠢᠢ᠎ᠡ᠎ᠶ᠋ᠢ ᠰᠤᠷᠭᠠᠭᠤᠯᠢ᠎ᠶ᠋ᠢᠨ ᠬᠦᠷᠢᠶᠡᠨ ᠳ᠋ᠤ ᠬᠦᠷᠲᠡᠯ᠎ᠡ ᠤᠷᠲᠤᠳᠭᠠᠵᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠴᠢᠳᠠᠪᠤᠷᠢᠲᠠᠨ ᠤᠷᠢᠨ ᠡᠯᠰᠡᠵᠤ ᠣᠶᠤᠨ᠎ᠤ ᠳᠤᠯᠭᠠᠭᠤᠷᠢᠯᠠᠯ ᠬᠠᠩᠭᠠᠪᠠ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠣᠷᠣᠨ ᠪᠦᠰᠡ ᠠᠯᠤᠰᠯᠠᠭ᠍ᠰᠠᠨ᠂ ᠣᠯᠠᠨ ᠡᠱᠢᠵᠢᠭ᠌ᠰᠡᠨ ᠴᠢᠳᠠᠪᠤᠷᠢᠲᠠᠨ᠎ᠤ ᠲᠤᠯᠭᠠᠮ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠭᠤᠷᠪᠠᠨ ᠴᠢᠯᠥᠭᠡᠲᠦ ᠠᠷᠠᠯᠵᠢᠶᠠᠨ᠎ᠤ ᠲᠣᠭᠣᠷᠢᠭ᠎ᠤᠨ ᠠᠵᠢᠯᠴᠢᠨ᠎ᠤ ᠡᠪᠯᠡᠯ ᠬᠣᠯᠪᠣᠭᠠᠯᠠᠨ ᠬᠥᠳᠡᠯᠦᠯᠴᠡᠵᠦ᠍᠂ 《ᠭᠤᠷᠪᠠᠨ ᠭᠠᠵᠠᠷ᠎ᠦᠨ ᠠᠵᠢᠯᠴᠢᠨ᠎ᠤ ᠡᠪᠯᠡᠯ᠎ᠦᠨ ᠬᠠᠮᠲᠤᠷᠠᠭ᠍ᠰᠠᠨ ᠨᠡᠪᠲᠡᠷᠡᠭᠦᠯᠭᠡ·ᠴᠢᠯᠥᠭᠡᠲᠦ ᠠᠷᠠᠯᠵᠢᠶᠠᠨ᠎ᠤ ᠲᠤᠰᠭᠠᠶ ᠲᠠᠯᠠᠪᠠᠶ᠎ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ》 ᠠᠵᠢᠯᠯᠠᠭ᠎ᠠ᠎ᠶ᠋ᠢ ᠬᠠᠮᠲᠤ᠎ᠪᠠᠷ ᠦᠷᠨᠢᠬᠦᠯᠵᠤ᠂ ᠭᠤᠷᠪᠠᠨ ᠭᠠᠵᠠᠷ ᠣᠷᠣᠨ᠎ᠤ ᠠᠵᠢᠯᠴᠢᠨ᠎ᠤ ᠡᠪᠯᠡᠯ᠎ᠦᠨ ᠲᠥᠯᠥᠭᠡᠯᠡᠭ᠌ᠴᠢ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠢᠶᠡᠷ ᠲᠠᠮᠵᠢᠨ᠂ ᠲᠣᠰ ᠲᠣᠰ᠎ᠤᠨ ᠠᠷᠠᠯᠵᠢᠶᠠᠨ᠎ᠤ ᠲᠣᠭᠣᠷᠢᠭ᠎ᠤᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠴᠢᠭ᠌ᠯᠡᠯ᠎ᠦᠨ ᠲᠣᠭᠣᠷᠢᠨ᠎ᠳᠤ ᠠᠵᠢᠯ᠎ᠤᠨ ᠪᠠᠢᠷᠢ ᠲᠠᠨᠢᠯᠴᠠᠭᠤᠯᠬᠤ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠪᠠ᠃ ᠠᠵᠢᠯ ᠡᠷᠢᠭ᠌ᠰᠡᠳ 《ᠠᠵᠢᠯᠲᠠᠨ ᠠᠵᠢᠯᠴᠢᠨ᠎ᠤ ᠬᠡᠷ》 APP ᠎ᠪᠠᠷ ᠳᠡᠮᠵᠢᠨ ᠱᠢᠭᠤᠳ ᠨᠡᠪᠲᠡᠷᠡᠭᠦᠯᠭᠡ᠎ᠶ᠋ᠢ ᠰᠣᠨᠢᠷᠬᠠᠵᠤ᠂ 《ᠳᠡᠯᠭᠡᠴᠡ᠎ᠵᠣᠯᠭᠠᠯᠴᠠᠭᠤᠯᠤᠨ》 ᠬᠤᠷᠰᠢᠯᠴᠠᠬᠤ᠂ 《ᠨᠢᠭᠡ ᠳᠠᠷᠤᠪᠴᠢ᠎ᠪᠠᠷ ᠲᠣᠪᠴᠢ ᠨᠠᠮᠲᠠᠷ᠎ᠢᠶᠠᠨ ᠢᠯᠡᠭᠡᠬᠦ》 ᠵᠢ ᠪᠡᠶᠡᠯᠡᠭᠦᠯᠪᠡ᠃ ᠪᠦᠷᠢᠳᠭᠡᠯ᠎ᠢ ᠦᠨᠳᠦᠰᠦᠯᠡᠪᠡᠯ᠂ ᠲᠣᠰ ᠤᠳᠠᠭᠠᠨ᠎ᠤ ᠱᠢᠭᠤᠳ ᠨᠡᠪᠲᠡᠷᠡᠭᠦᠯᠭᠡ᠎ᠶ᠋ᠢ ᠨᠡᠢᠲᠡ 2.1 ᠲᠦᠮᠡᠨ ᠬᠥᠮᠦᠨ ᠤᠳᠠᠭ᠎ᠠ ᠬᠦᠯᠢᠶᠠᠨ ᠠᠪᠴᠤ ᠦᠵᠡᠵᠠᠢ᠃

ᠲᠣᠰ ᠡᠳᠦᠷ᠂ 2026 ᠣᠨ᠎ᠤ 《ᠠᠵᠢᠯᠴᠢᠨ᠎ᠤ ᠡᠪᠯᠡᠯ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ》 ᠵᠢᠴᠢ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠭᠤᠷᠪᠠᠨ ᠭᠠᠵᠠᠷ ᠬᠣᠯᠪᠣᠭᠠᠯᠠᠨ ᠬᠥᠳᠡᠯᠦᠯᠴᠡᠬᠦ᠌ ᠰᠦᠯᠵᠢᠶᠡᠨ ᠳᠡᠭᠡᠷᠡᠬᠢ ᠲᠤᠰᠭᠠᠶ ᠠᠵᠢᠯᠲᠠᠨ ᠤᠷᠢᠵᠤ ᠡᠯᠰᠡᠬᠦ᠌ ᠴᠤᠬᠯᠠᠭᠠᠨ᠎ᠢ ᠵᠡᠷᠭᠡ ᠪᠡᠷ ᠡᠬᠢᠯᠡᠬᠦᠯᠵᠦ᠂ ᠨᠢᠭᠡ ᠰᠠᠷ᠎ᠠ ᠦᠷᠭᠦᠯᠵᠢᠯᠡᠨ᠂ ᠵᠢᠱ᠌ᠢᠯᠲᠡ᠎ᠪᠡᠷ 100 ᠠᠵᠤ ᠠᠬᠤᠢᠯᠠᠯ᠎ᠢ ᠬᠠᠮᠤᠷᠬᠤ ᠪᠤᠯᠤᠨ᠎ᠠ᠃

ᠠᠬᠤᠢ ᠳᠠᠯᠠᠪᠠᠢ ᠵᠢᠨ ᠠᠵᠢᠯᠲᠠᠨ ᠤᠷᠢᠵᠤ ᠡᠯᠰᠡᠬᠦ᠌ ᠴᠤᠭ᠍ᠯᠠᠭᠠᠨ᠎ᠳ᠋ᠤ 40 ᠱᠢᠬᠠᠮ ᠠᠵᠤ ᠠᠬᠤᠢᠯᠠᠯ᠎ᠳᠡᠯᠭᠡᠨ ᠦᠵᠡᠭᠦᠯᠭᠡ ᠲᠤᠬᠢᠷᠠᠭᠤᠯᠵᠤ ᠴᠢᠳᠠᠪᠤᠷᠢᠲᠠᠨ᠎ᠢ ᠤᠷᠢᠵᠤ ᠡᠯᠰᠡᠪᠠ᠃ ᠲᠤᠬᠠᠶ᠎ᠶ᠋ᠢᠨ ᠲᠠᠯᠠᠪᠠᠶ᠎ᠳᠤ 《ᠭᠤᠷᠪᠠᠨ ᠭᠠᠵᠠᠷ᠎ᠤᠨ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢᠨ ᠲᠣᠮᠣ ᠳᠡᠯᠭᠡᠴᠡ》 ᠭᠠᠷᠭᠠᠵᠤ᠂ ᠭᠤᠷᠪᠠᠨ ᠭᠠᠵᠠᠷ᠎ᠤᠨ ᠠᠵᠤ ᠠᠬᠤᠢᠯᠠᠯ᠎ᠤᠨ ᠠᠵᠢᠯᠲᠠᠨ ᠤᠷᠢᠵᠤ ᠡᠯᠰᠡᠬᠦ᠌ ᠬᠡᠷᠡᠭ᠌ᠴᠡᠭᠡ᠎ᠶ᠋ᠢ ᠡᠭᠡᠯᠵᠢᠯᠡᠨ ᠨᠡᠪᠲᠡᠷᠡᠭᠦᠯᠪᠡ᠃ ᠠᠵᠢᠯᠴᠢᠨ᠎ᠤ ᠡᠪᠯᠡᠯ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠤᠰᠭᠠᠶ ᠲᠣᠭᠣᠷᠢᠭ᠎ᠨᠢ 《ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ + ᠠᠵᠢᠯ ᠣᠯᠭᠣᠵᠤ ᠦᠶ᠋ᠯᠡᠰ ᠪᠤᠰᠬᠠᠬᠤ ᠵᠢᠯᠣᠭᠣᠳᠣᠯᠭ᠎ᠠ + ᠨᠢᠭᠡ ᠵᠢ ᠨᠢᠭᠡ᠎ᠳᠦ ᠬᠠᠷᠠᠭᠠᠯᠵᠠᠭᠤᠯᠬᠤ ᠠᠵᠢᠯ ᠣᠯᠭᠣᠬᠤ ᠬᠠᠮᠢᠶᠠᠷᠤᠭ᠍ᠴᠢ᠎ᠶ᠋ᠢᠨ ᠦᠶ᠋ᠯᠡᠴᠢᠯᠡᠭᠡ》 ᠶ᠋ᠢᠨ ᠪᠥᠬᠥ᠌ ᠬᠡᠯᠬᠢᠶᠡᠨ᠎ᠦ ᠳᠡᠮᠵᠢᠯᠭᠡ ᠬᠠᠩᠭᠠᠪᠠ᠃ 《ᠠᠵᠢᠯᠲᠠᠨ ᠠᠵᠢᠯᠴᠢᠨ᠎ᠤ ᠬᠡᠷ》 APP ᠵᠢᠨ ᠤᠬᠠᠭᠤᠯᠤᠨ ᠲᠠᠢᠯᠪᠤᠷᠢᠯᠠᠬᠤ ᠭᠣᠭ᠍ᠴᠣᠭ᠎ᠠ᠎ᠳᠤ᠂ APP ᠎ᠶ᠋ᠢᠨ 《ᠤᠷᠢᠵᠤ ᠡᠯᠰᠡᠬᠦ — ᠪᠣᠯᠪᠠᠰᠤᠷᠠᠯ ᠬᠦᠷᠳᠡᠭᠡᠬᠦ —  ᠠᠵᠢᠯ ᠣᠯᠭᠣᠬᠤ — ᠡᠷᠬᠡ ᠠᠱᠢᠭ᠎ᠢᠶᠠᠨ ᠬᠠᠮᠠᠭᠠᠯᠠᠬᠤ》 ᠪᠥᠬᠥ᠌ ᠬᠡᠯᠬᠢᠶ᠎ᠡ ᠴᠢᠳᠠᠮᠵᠢ᠎ᠶ᠋ᠢ ᠨᠠᠷᠢᠨ ᠲᠠᠨᠢᠯᠴᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠲᠣᠰ ᠤᠳᠠᠭᠠᠨ᠎ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠪᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢᠨ ᠲᠥᠯᠥᠭᠡ ᠶᠠᠪᠤᠭ᠍ᠳᠠᠭᠤᠯᠤᠭ᠍ᠰᠠᠨ ᠶᠤᠮ᠃ 《ᠭᠤᠷᠪᠠᠨ ᠭᠠᠵᠠᠷ ᠬᠤᠯᠪᠤᠭᠠᠯᠠᠨ ᠬᠥᠳᠡᠯᠦᠯᠴᠡᠬᠦ᠌》 ᠰᠢᠨ᠎ᠡ ᠵᠢ ᠡᠬᠦᠳᠦᠭᠰᠡᠨ ᠲᠣᠭ᠍ᠲᠠᠴᠠ᠎ᠪᠠᠷ ᠳᠠᠮᠵᠢᠭᠤᠯᠤᠨ᠂ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠲᠠᠪᠴᠠᠩ᠎ᠤᠨ ᠲᠣᠭᠠᠴᠢᠯᠠᠭ᠍ᠰᠠᠨ ᠳᠠᠪᠠᠭᠤᠯᠢᠭ᠂ ᠰᠤᠷᠭᠠᠭᠤᠯᠢ᠎ᠶ᠋ᠢᠨ ᠬᠦᠷᠢᠶᠡᠨ᠎ᠦ ᠴᠢᠳᠠᠪᠤᠷᠢᠲᠠᠨ᠎ᠤ ᠳᠠᠪᠠᠭᠤᠯᠢᠭ᠎ᠢ ᠭᠦᠨᠵᠡᠭᠡᠶ ᠠᠭᠤᠰᠤᠯᠴᠠᠭᠤᠯᠵᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠲᠤᠯᠭᠠᠭᠤᠷᠢᠯᠠᠯ ᠬᠠᠩᠭᠠᠵᠤ᠂ 《ᠡᠭᠦᠯᠡᠨ ᠦᠵᠦᠬᠦᠷᠯᠢᠭ ᠎ᠢ ᠥᠷᠭᠡᠨ᠎ᠢᠶᠡᠷ ᠪᠦᠷᠬᠦᠭᠦᠯᠬᠦ᠌᠂ ᠠᠬᠤᠢ ᠳᠠᠯᠠᠪᠠᠢ ᠳ᠋ᠤ ᠭᠦᠨᠵᠡᠭᠡᠶ ᠦᠶ᠋ᠯᠡᠴᠢᠯᠡᠬᠦ᠌᠂ ᠤᠶᠤᠨᠴᠢ ᠪᠡᠷ ᠦᠢᠯᠡᠴᠢᠯᠡᠭᠡ ᠬᠠᠨᠭᠭᠠᠬᠤ》 ᠠᠵᠢᠯᠴᠢᠨ᠎ᠤ ᠡᠪᠯᠡᠯ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌᠎ᠪᠡᠷ ᠵᠣᠷᠢᠵᠠᠶ ᠬᠡᠵᠥ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号