— ᠮᠠᠨ᠎ᠤ ᠤᠯᠤᠰ᠎ᠤᠨ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠵᠢ ᠴᠢᠩᠭᠠᠳᠭᠠᠬᠤ ᠲᠤᠬᠠᠢ ᠠᠵᠢᠬᠯᠠᠯᠳᠠ
4 ᠰᠠᠷ᠎ᠠ᠎ᠶ᠋ᠢᠨ 26 ᠤ᠋ ᠡᠳᠦᠷ ᠪᠣᠯ ᠳᠡᠯᠡᠬᠡᠶ᠎ᠶ᠋ᠢᠨ ᠮᠡᠳᠡᠯᠭᠡ᠎ᠶ᠋ᠢᠨ ᠦᠮᠴᠢᠯᠡᠯ ᠤ᠋ᠨ᠌ ᠡᠷᠬᠡ᠎ᠶ᠋ᠢᠨ ᠡᠳᠦᠷ ᠪᠣᠯᠤᠨ᠎ᠠ᠃ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠪᠣᠯ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢ ᠬᠠᠮᠠᠭᠠᠯᠠᠬᠤ ᠴᠢᠬᠤᠯᠠ ᠠᠭᠤᠯᠭ᠎ᠠ ᠮᠥᠨ᠃
ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠢ ᠶᠠᠭ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠂ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠵᠠᠩᠭᠢᠯᠠᠭ᠎ᠠ᠎ᠶ᠋ᠢᠨ ᠱᠠᠲᠤᠨ᠎ᠳᠤ ᠣᠷᠣᠱᠢᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ᠎ᠳᠤ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠬᠠᠮᠠᠭᠠᠯᠠᠯᠲᠠ ᠪᠠ ᠬᠡᠷᠡᠭ᠌ᠯᠡᠯᠲᠡ᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠲᠦᠷᠢᠮ᠎ᠦᠨ ᠵᠢᠯᠣᠭᠣᠳᠤᠮᠵᠢ᠎ᠶ᠋ᠢ ᠲᠣᠭ᠍ᠲᠠᠭᠠᠨ᠎ᠠ ᠭᠡᠵᠦ᠍ ᠲᠣᠳᠣᠷᠬᠠᠢ ᠳᠤᠷᠠᠳᠪᠠ᠃ ᠠᠵᠤ ᠠᠬᠤᠢᠯᠠᠯ᠎ᠤᠨ ᠭᠣᠣᠯᠯᠠᠬᠤ ᠥᠷᠢᠰᠥᠯᠳᠦᠬᠦ᠌ ᠬᠦᠴᠦᠨ᠎ᠦ ᠵᠠᠩᠭᠢᠯᠠᠭ᠎ᠠ᠎ᠶ᠋ᠢᠨ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠨᠢ ᠠᠵᠤ ᠦᠢᠯᠡᠰ᠎ᠦᠨ ᠬᠡᠯᠬᠢᠶ᠎ᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠲᠤᠢᠯ᠎ᠤᠨ ᠴᠢᠬᠤᠯᠠ ᠶᠤᠮ᠃
ᠥᠩᠭᠡᠷᠡᠭ᠌ᠰᠡᠨ ᠨᠢᠭᠡ ᠵᠢᠯ᠎ᠳᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠠᠤᠯᠢ ᠴᠠᠭᠠᠵᠠ᠎ᠶ᠋ᠢᠨ ᠲᠦᠷᠢᠮ᠎ᠦᠨ ᠰᠠᠭᠤᠷᠢ᠎ᠶ᠋ᠢ ᠪᠡᠬᠢᠵᠢᠭᠦᠯᠵᠦ᠍᠂ ᠬᠠᠮᠵᠢᠯᠴᠠᠨ ᠬᠠᠮᠲᠤ᠎ᠪᠠᠷ ᠵᠠᠰᠠᠬᠤ᠎ᠶ᠋ᠢ ᠠᠬᠢᠭᠤᠯᠵᠤ᠂ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ᠎ᠶ᠋ᠢ ᠴᠢᠩᠭᠠᠳᠭᠠᠵᠤ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠰᠦᠷ ᠳᠠᠯᠠᠢᠴᠠᠲᠠᠢ ᠬᠥᠳᠡᠯᠭᠡᠬᠦ᠌ ᠡᠨᠧᠷᠭᠢ ᠨᠡᠮᠡᠷᠢᠯᠡᠪᠡ᠃
ᠳᠦᠷᠢᠮ᠎ᠢᠶᠡᠷ ᠰᠠᠭᠤᠷᠢ ᠵᠢ ᠪᠡᠬᠢᠵᠢᠬᠦᠯᠵᠤ ᠬᠢᠨᠠᠯᠳᠠ ᠬᠠᠮᠢᠶᠠᠷᠤᠯᠲᠠ᠎ᠶ᠋ᠢᠨ ᠢᠳᠡᠭᠡᠯ ᠵᠤᠷᠢᠭ ᠢ᠋ ᠨᠡᠮᠡᠭᠳᠡᠬᠦᠯᠤᠨ᠎ᠠ
2025 ᠣᠨ᠎ᠳᠤ᠂ ᠮᠠᠨ᠎ᠤ ᠤᠯᠤᠰ᠎ᠤᠨ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ᠎ᠦᠨ ᠪᠠᠢᠭᠤᠯᠤᠯᠲᠠ᠎ᠨᠢ 《ᠨᠢᠷᠤᠭᠤ ᠲᠤᠯᠭᠠᠭᠤᠷᠢ ᠪᠤᠰᠬᠠᠵᠤ》 ᠪᠠᠢᠭ᠍ᠰᠠᠨ᠎ᠡᠴᠡ 《ᠭᠦᠨᠵᠡᠭᠡᠢ ᠨᠠᠷᠢᠯᠢᠭ ᠠᠵᠢᠯᠯᠠᠬᠤ》 ᠲᠡᠢᠰᠢ ᠱᠢᠯᠵᠢᠵᠦ᠍᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠲᠣᠳᠣᠷᠬᠠᠶ ᠵᠢᠯᠣᠭᠣᠳᠣᠯᠭ᠎ᠠ ᠬᠠᠩᠭᠠᠪᠠ᠃
ᠨᠢᠳᠤᠨᠤᠨ᠎ᠤ 6 ᠰᠠᠷ᠎ᠠ᠎ᠳᠤ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠎ᠳᠤ ᠵᠠᠰᠠᠪᠤᠷᠢ ᠣᠷᠣᠭᠤᠯᠵᠤ ᠳᠠᠭᠤᠰᠭᠠᠵᠤ᠂ ᠬᠤᠳᠠᠯᠳᠤᠭᠠᠨ᠎ᠤ ᠨᠢᠭᠤᠴᠠ᠎ᠳᠤ ᠬᠠᠯᠳᠠᠭ᠍ᠰᠠᠨ ᠦᠶ᠋ᠯᠡ ᠪᠠᠢᠳᠠᠯ᠎ᠨᠢ ᠬᠦᠨᠳᠦ ᠨᠣᠴᠢᠲᠠᠶ ᠪᠠᠢᠪᠠᠯ ᠵᠣᠭᠣᠰ᠎ᠢᠶᠠᠷ ᠲᠣᠷᠭᠠᠬᠤ ᠳᠤᠤᠷᠠᠳᠤ ᠬᠢᠵᠠᠭᠠᠷ᠎ᠢ 100 ᠲᠦᠮᠡᠨ ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ ᠬᠠᠤᠯᠢ᠎ᠶ᠋ᠢ ᠵᠥᠷᠢᠴᠡᠬᠦ᠌ ᠥᠪᠡᠷ᠎ᠦᠨ ᠥᠷᠲᠡᠭ᠎ᠢ ᠳᠡᠭᠡᠭ᠌ᠰᠢᠯᠡᠭᠦᠯᠬᠦ᠌᠎ᠪᠡᠷ ᠳᠠᠮᠵᠢᠭᠤᠯᠤᠨ ᠬᠠᠤᠯᠢ ᠴᠠᠭᠠᠵᠠ᠎ᠶ᠋ᠢᠨ ᠰᠦᠷᠳᠡᠭᠦᠯᠦᠯ᠎ᠢ ᠴᠢᠩᠭᠠᠳᠭᠠᠪᠠ᠃
ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ 《ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠲᠣᠭ᠍ᠲᠠᠭᠠᠯ》 ᠢ᠋ ᠨᠡᠢᠲᠡᠯᠡᠵᠦ᠍᠂ ᠬᠤᠳᠠᠯᠳᠤᠭᠠᠨ᠎ᠤ ᠨᠢᠭᠤᠴᠠ᠎ᠶ᠋ᠢ 《ᠣᠯᠠᠨ ᠨᠡᠢᠲᠡ᠎ᠳᠦ ᠮᠡᠳᠡᠭᠦᠯᠬᠦ᠌ ᠥᠬᠡᠶ᠂ ᠬᠤᠳᠠᠯᠳᠤᠭᠠᠨ᠎ᠤ ᠦᠨ᠎ᠡ ᠥᠷᠲᠡᠭ᠎ᠲᠡᠶ ᠪᠥᠭᠡᠳ ᠡᠷᠬᠡᠲᠦ ᠬᠥᠮᠦᠨ᠎ᠢᠶᠡᠷ ᠳᠡᠮᠵᠢᠨ ᠵᠣᠬᠢᠬᠤ ᠨᠢᠭᠤᠴᠠ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠤᠯᠬᠤ》 ᠪᠠᠷ ᠬᠢᠨᠠᠨ ᠲᠣᠭ᠍ᠲᠠᠭᠠᠬᠤ ᠪᠠᠷᠢᠮᠵᠢᠶ᠎ᠠ᠎ᠶ᠋ᠢ ᠲᠣᠳᠣᠷᠬᠠᠢᠯᠠᠵᠤ᠂ ᠬᠤᠳᠠᠯᠳᠤᠭᠠᠨ᠎ᠤ ᠨᠢᠭᠤᠴᠠ᠎ᠶ᠋ᠢᠨ ᠵᠠᠰᠠᠭ ᠵᠠᠬᠢᠷᠭᠠᠨ᠎ᠤ ᠬᠠᠮᠠᠭᠠᠯᠠᠯᠲᠠ᠎ᠶ᠋ᠢ ᠨᠠᠷᠢᠯᠢᠬ᠍ᠵᠢᠭᠤᠯᠬᠤ ᠲᠦᠷᠢᠮ᠎ᠦᠨ ᠬᠣᠭᠣᠰᠣᠨ᠎ᠢ ᠨᠥᠬᠥᠪᠥᠷᠢᠯᠡᠪᠡ᠃
ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ ᠠᠯᠬᠤᠭ᠎ᠠ ᠨᠢᠭᠡᠳᠠᠢ ᠤᠷᠤᠬᠰᠢᠯᠠᠪᠠ᠃ ᠪᠦᠬᠦ᠌ ᠤᠯᠤᠰ᠎ᠤᠨ ᠠᠩᠬᠠᠳᠠᠭ᠍ᠴᠢ ᠬᠤᠳᠠᠯᠳᠤᠭᠠᠨ᠎ᠤ ᠨᠢᠭᠤᠴᠠ ᠵᠢ ᠬᠠᠮᠠᠭᠠᠯᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠳᠦᠷᠢᠮ ᠵᠧᠵᠢᠶᠠᠩ᠎ᠤᠨ ᠸᠧᠨ ᠵᠧᠤ᠎ᠳᠦ ᠨᠡᠢᠲᠡᠯᠡᠭ᠌ᠳᠡᠭ᠌ᠰᠡᠨ᠎ᠡᠴᠡ ᠨᠠᠭᠠᠰᠢ᠂ ᠱᠠᠩᠬᠠᠶ᠎ᠶ᠋ᠢᠨ ᠫᠦᠳᠦ᠋ᠩ᠂ ᠵᠢᠶᠠᠩᠰᠦ᠎ᠶ᠋ᠢᠨ ᠥᠰᠢ᠂ ᠵᠧᠵᠢᠶᠠᠩ᠎ᠤᠨ ᠨᠢᠩᠪᠥ᠋ᠸᠧ ᠵᠡᠷᠭᠡ ᠭᠠᠵᠠᠷ᠎ᠲᠦ ᠵᠠᠯᠭᠠᠭ᠎ᠠ ᠪᠡᠷ ᠶᠠᠪᠤᠭ᠍ᠳᠠᠵᠠᠶ᠃ ᠲᠥᠪ᠎ᠡᠴᠡ ᠣᠷᠣᠨ ᠨᠤᠲᠤᠭ ᠬᠦᠷᠲᠡᠯ᠎ᠡ᠂ ᠤᠯᠠᠨ ᠲᠡᠰ ᠳᠠᠪᠬᠤᠷᠭ᠎ᠠ᠎ᠶ᠋ᠢᠨ᠂ ᠪᠣᠰᠣᠭ᠎ᠠ ᠴᠣᠭ᠍ᠴᠠᠲᠤ ᠬᠠᠤᠯᠢ ᠴᠠᠭᠠᠵᠠ᠎ᠶ᠋ᠢᠨ ᠲᠦᠷᠢᠮ᠎ᠦᠨ ᠪᠠᠲᠤᠯᠠᠭ᠎ᠠ᠎ᠶ᠋ᠢᠨ ᠲᠣᠣᠷ ᠠᠯᠬᠤᠮ ᠠᠯᠬᠤᠮ᠎ᠢᠶᠠᠷ ᠪᠦᠷᠢᠯᠳᠦᠪᠡ᠃
ᠪᠠᠷᠢᠮᠵᠢᠶ᠎ᠠ᠎ᠶ᠋ᠢᠨ ᠵᠦᠭ᠌ᠯᠡᠭᠦᠷ ᠲᠠᠰᠤᠷᠠᠯᠲᠠ ᠦᠭᠡᠢ ᠲᠡᠭᠦᠯᠳᠡᠷᠵᠢᠵᠦ᠍᠂ ᠬᠣᠷᠸ᠎ᠠ ᠵᠢᠯᠤᠭᠤᠳᠤᠯᠭ᠎ᠠ᠎ᠶ᠋ᠢ 《ᠤᠨᠢᠨ ᠲᠡᠭᠡᠷ᠎ᠠ ᠨᠢ ᠨᠠᠢᠳᠠᠪᠤᠷᠢᠵᠢᠭᠤᠯᠪᠠ》᠃
ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠬᠡᠪᠴᠢᠶᠡᠲᠦ ᠠᠵᠤ ᠠᠬᠤᠢᠯᠠᠯ᠎ᠤᠨ ᠵᠥᠷᠢᠶᠡᠲᠦ ᠬᠡᠷᠡᠭ᠌ᠴᠡᠭᠡ᠎ᠳᠦ ᠴᠢᠭ᠌ᠯᠡᠭᠦᠯᠦᠨ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠠᠯᠢ ᠣᠯᠠᠨ ᠪᠠᠷᠢᠮᠵᠢᠶ᠎ᠠ᠂ ᠵᠦᠭ᠌ᠯᠡᠭᠦᠷ᠎ᠢ ᠵᠠᠯᠭᠠᠭ᠎ᠠ ᠪᠡᠷ ᠨᠡᠢᠲᠡᠯᠡᠪᠡ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ 2025 ᠣᠨ᠎ᠤ ᠰᠡᠬᠦᠯᠴᠢ ᠪᠣᠯᠲᠠᠯ᠎ᠠ᠂ ᠪᠥᠬᠥ᠌ ᠤᠯᠤᠰ᠎ᠤᠨ ᠭᠤᠷᠪᠠᠨ ᠪᠦᠯᠦᠭ 46 ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠭᠠᠵᠠᠷ ᠣᠷᠣᠨ ᠨᠢᠭᠡᠨᠲᠡ ᠵᠦᠭ᠌ᠯᠡᠭᠦᠷ᠂ ᠪᠠᠷᠢᠮᠵᠢᠶ᠎ᠠ ᠵᠡᠷᠭᠡ ᠲᠦᠷᠢᠮ᠎ᠦᠨ ᠴᠢᠨᠠᠷᠲᠠᠶ ᠦᠷ᠎ᠡ ᠪᠦᠲᠦᠭᠡᠯ᠎ᠢ 434 ᠨᠡᠢᠲᠡᠯᠡᠪᠡ᠃
ᠰᠤᠷᠪᠤᠯᠵᠢᠯᠠᠭ᠍ᠴᠢ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠲᠠᠷᠠᠭᠠᠴᠢ ᠶ᠋ᠢᠨ ᠠᠯᠬᠤᠮ᠎ᠳᠤ ᠬᠤᠷᠠᠮᠠᠯ ᠴᠠᠬᠢᠯᠭᠠᠨ ᠬᠡᠯᠬᠢᠶ᠎ᠡ᠂ ᠠᠮᠢᠳᠤ ᠪᠣᠳᠠᠰ᠎ᠤᠨ ᠡᠮ ᠡᠮᠨᠡᠯᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠴᠢᠭ᠌ᠯᠡᠭᠦᠯᠦᠨ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠤᠯᠤᠰ᠎ᠤᠨ ᠪᠠᠷᠢᠮᠵᠢᠶ᠎ᠠ᠎ᠶ᠋ᠢ ᠲᠣᠭ᠍ᠲᠠᠭᠠᠨ ᠨᠡᠢᠲᠡᠯᠡᠵᠦ᠍᠂ ᠨᠢᠭᠤᠴᠠ ᠴᠡᠭ ᠢ ᠬᠢᠨᠠᠨ ᠲᠣᠭ᠍ᠲᠠᠭᠠᠬᠤ᠂ ᠨᠢᠭᠤᠴᠠ᠎ᠶ᠋ᠢ ᠬᠠᠮᠠᠭᠠᠯᠠᠬᠤ ᠬᠡᠪᠴᠢᠶ᠎ᠡ ᠬᠢᠭᠡᠳ ᠬᠠᠮᠢᠶᠠᠷᠤᠯᠲᠠ᠎ᠶ᠋ᠢᠨ ᠵᠢᠷᠤᠮᠵᠢᠯ᠎ᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠠᠵᠤ ᠠᠬᠤᠢᠯᠠᠯ᠎ᠤᠨ ᠭᠤᠤᠯᠯᠠᠬᠤ ᠥᠷᠢᠰᠥᠯᠳᠦᠬᠦ᠌ ᠬᠦᠴᠦᠨ᠎ᠢ ᠬᠠᠮᠠᠭᠠᠯᠠᠬᠤ ᠪᠤᠯᠤᠨ᠎ᠠ᠃
ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ ᠠᠮᠢᠵᠢᠷᠠᠯ ᠤ᠋ᠨ ᠬᠦᠴᠤᠨ ᠢ᠋ ᠬᠦᠭᠵᠢᠭᠡᠨ᠎ᠠ
ᠳᠦᠷᠢᠮ᠎ᠦᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠤᠢ᠃ 2025 ᠣᠨ᠎ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠬᠠᠮᠵᠢᠯᠴᠠᠨ ᠬᠠᠮᠲᠤ᠎ᠪᠠᠷ ᠵᠠᠰᠠᠬᠤ᠎ᠶ᠋ᠢ ᠠᠬᠢᠭᠤᠯᠵᠤ᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ᠎ᠪᠠᠷ ᠡᠷᠬᠡ ᠲᠡᠭ᠌ᠰᠢ ᠥᠷᠢᠰᠥᠯᠳᠦᠭᠡᠨ᠎ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠦᠴᠦᠲᠦ ᠵᠡᠪᠰᠡᠭ ᠪᠣᠯᠭᠠᠪᠠ᠃
ᠨᠢᠳᠤᠷᠭ᠎ᠠ ᠪᠠᠨ ᠵᠠᠩᠭᠢᠳᠤᠨ ᠬᠦᠴᠦ ᠪᠠᠨ ᠲᠦᠪᠯᠡᠷᠡᠭᠦᠯᠵᠦ ᠬᠢᠨᠠᠯᠲᠠ ᠬᠠᠮᠢᠶᠠᠷᠤᠯᠲᠠ᠎ᠶ᠋ᠢᠨ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ —
ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ᠎ᠨᠢ ᠮᠡᠷᠭᠡᠵᠢᠯ᠎ᠦᠨ ᠮᠡᠳᠡᠭᠡ ᠵᠠᠩᠭᠢ᠂ ᠡᠵᠡᠩᠨᠡᠯᠲᠡ᠎ᠶ᠋ᠢᠨ ᠮᠡᠳᠡᠭᠡ ᠵᠠᠩᠭᠢ ᠵᠡᠷᠭᠡ ᠣᠯᠠᠨ ᠡᠱᠢᠲᠦ ᠠᠭᠤᠯᠭ᠎ᠠ᠎ᠳᠤ ᠬᠣᠯᠪᠣᠭ᠍ᠳᠠᠵᠤ᠂ ᠬᠡᠷᠡᠭ᠎ᠢ ᠱᠢᠶ᠋ᠳᠪᠦᠷᠢᠯᠡᠬᠦ᠌᠎ᠨᠢ ᠣᠯᠠᠨ ᠰᠠᠯᠠᠭ᠎ᠠ ᠮᠥᠴᠢᠷ᠎ᠲᠦ ᠦᠷᠭᠦᠯᠵᠢ ᠬᠣᠯᠪᠣᠭ᠍ᠳᠠᠵᠤ᠂ 《ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠪᠠ ᠡᠷᠡᠭᠦᠦ ᠵᠢᠨ ᠬᠡᠷᠡᠭ᠎ᠤᠨ ᠬᠠᠤᠯᠢ ᠴᠠᠭᠠᠵᠠ᠎ᠶ᠋ᠢ ᠵᠣᠯᠭᠠᠭᠤᠯᠬᠤ》᠎ᠨᠢ ᠬᠠᠤᠯᠢ ᠬᠡᠷᠡᠭ᠌ᠵᠢᠭᠦᠯᠦᠯᠲᠡ ᠵᠢᠨ ᠬᠢᠨᠠᠨ ᠬᠠᠮᠢᠶᠠᠷᠤᠯᠲᠠ᠎ᠳᠦ ᠬᠦᠴᠦᠲᠡᠶ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃
ᠵᠧᠵᠢᠶᠠᠩ᠎ᠤᠨ ᠬᠠᠩᠵᠧᠦ᠍᠎ᠶ᠋ᠢᠨ ᠠᠩᠬᠠᠳᠠᠭ᠍ᠴᠢ 《ᠲᠤᠭ᠎ᠠ ᠪᠠᠷᠢᠮᠲᠠ᠎ᠶ᠋ᠢᠨ ᠦᠶ᠋ᠯᠡᠳᠬᠦᠨ》 ᠤ᠋ ᠬᠤᠳᠠᠯᠳᠤᠭᠠᠨ᠎ᠤ ᠨᠢᠭᠤᠴᠠ ᠬᠡᠷᠡᠭ᠎ᠲᠦ᠂ ᠲᠤᠬᠠᠶ᠎ᠶ᠋ᠢᠨ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠳᠣᠲᠣᠭᠠᠳᠤ᠎ᠶ᠋ᠢ ᠬᠠᠮᠠᠭᠠᠯᠠᠬᠤ᠂ ᠪᠠᠢᠴᠠᠭᠠᠬᠤ ᠭᠤᠷᠪᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠵᠦ᠍᠂ 48 ᠴᠠᠭ᠎ᠤᠨ ᠳᠣᠲᠣᠷ᠎ᠠ ᠭᠡᠷᠡᠴᠢ ᠪᠠᠷᠢᠮᠲᠠ᠎ᠶ᠋ᠢᠨ ᠬᠡᠯᠬᠢᠶ᠎ᠡ᠎ᠶ᠋ᠢ ᠡᠵᠡᠮᠳᠡᠵᠦ᠂ 72 ᠴᠠᠭ᠎ᠤᠨ ᠳᠣᠲᠣᠷ᠎ᠠ ᠮᠤᠵᠢ ᠠᠯᠤᠰᠯᠠᠨ ᠭᠡᠷᠡᠴᠢ ᠠᠪᠬᠤ ᠠᠵᠢᠯ᠎ᠢ ᠪᠡᠶᠡᠯᠡᠭᠦᠯᠵᠦ᠍᠂ ᠲᠣᠭᠠᠴᠢᠯᠠᠭ᠍ᠰᠠᠨ ᠴᠠᠭ ᠦᠶ᠎ᠡ᠎ᠶ᠋ᠢᠨ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ᠎ᠳᠤ ᠬᠡᠪ ᠳᠠᠭᠤᠷᠢᠶᠠᠯ ᠦᠵᠡᠭᠦᠯᠦᠭ᠌ᠰᠡᠨ ᠪᠠᠢᠨ᠎ᠠ᠃
ᠬᠠᠷᠢᠯᠴᠠᠨ ᠬᠠᠮᠵᠢᠯᠴᠠᠵᠤ ᠣᠷᠣᠨ ᠪᠦᠰᠡ᠎ᠶ᠋ᠢᠨ ᠪᠡᠬᠢᠯᠡᠯᠲᠡ᠎ᠶ᠋ᠢ ᠡᠪᠳᠡᠨ᠎ᠡ —
ᠣᠷᠣᠨ ᠪᠦᠰᠡ ᠠᠯᠤᠰᠯᠠᠨ ᠡᠷᠬᠡ᠎ᠳᠦ ᠬᠠᠯᠳᠠᠬᠤ ᠶᠠᠪᠤᠳᠠᠯ ᠡᠳᠦᠷ ᠢᠷᠡᠬᠦᠶ᠎ᠡ ᠣᠯᠠᠱᠢᠷᠠᠵᠤ ᠪᠠᠢᠬᠤ᠂ ᠬᠠᠤᠯᠢ ᠬᠡᠷᠡᠭ᠌ᠵᠢᠭᠦᠯᠦᠯᠲᠡ ᠵᠢᠨ ᠪᠠᠷᠢᠮᠵᠢᠶ᠎ᠠ ᠨᠢᠭᠡᠳᠦᠯ ᠦᠭᠡᠢ ᠪᠠᠢᠬᠤ ᠵᠡᠷᠭᠡ ᠪᠣᠳᠠᠲᠤ ᠥᠷᠢᠰᠥᠯᠳᠦᠭᠡᠨ᠎ᠦ ᠡᠮᠦᠨ᠎ᠡ᠂ ᠡᠯ᠎ᠡ ᠭᠠᠵᠠᠷ᠎ᠤᠨ ᠬᠢᠨ《ᠨᠢᠭᠡ ᠬᠥᠯᠭᠡ ᠱᠢᠳᠠᠷ᠎ᠠ》 ᠵᠢᠨ ᠰᠡᠳᠭᠢᠬᠦᠢ᠎ᠶ᠋ᠢ ᠪᠠᠷᠢᠮᠲᠠᠯᠠᠵᠤ᠂ ᠣᠷᠣᠨ ᠪᠦᠰᠡ ᠬᠣᠯᠪᠣᠭᠠᠯᠠᠨ ᠬᠥᠳᠡᠯᠦᠯᠴᠡᠭ᠌ᠰᠡᠨ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠪᠠ᠃
ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠣᠷᠣᠨ ᠪᠦᠰᠡ ᠠᠯᠤᠰᠯᠠᠭᠰᠠᠨ ᠬᠠᠤᠯᠢ ᠬᠡᠷᠡᠭ᠌ᠵᠢᠭᠦᠯᠦᠯᠲᠡ ᠵᠢᠨ ᠬᠠᠮᠵᠢᠯᠴᠠᠬᠤ ᠲᠠᠪᠴᠠᠩ᠎ᠢ ᠪᠣᠳᠠᠲᠤ ᠴᠣᠭ᠍ᠴᠠᠵᠢᠭᠤᠯᠤᠨ ᠠᠵᠢᠯᠯᠠᠭᠤᠯᠵᠤ᠂ ᠰᠸᠴᠤᠸᠠᠨ ᠴᠦᠩᠴᠢᠩ ᠬᠣᠶᠠᠷ ᠭᠠᠵᠠᠷ᠎ᠤᠨ᠎ᠬᠢᠨ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠵᠤ ᠬᠠᠮᠵᠢᠯᠴᠠᠬᠤ ᠠᠵᠢᠯ᠎ᠤᠨ ᠵᠢᠯᠣᠭᠣᠳᠤᠮᠵᠢ᠎ᠶ᠋ᠢ ᠨᠡᠢᠲᠡᠯᠡᠵᠦ᠍᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠠᠮᠢ ᠠᠬᠤᠶ᠎ᠶ᠋ᠢᠨ ᠪᠣᠬᠢᠷᠲᠤᠯ ᠥᠬᠡᠶ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠨᠢ ᠤᠶᠤᠨᠴᠢ ᠦᠶ᠋ᠯᠡᠳᠬᠦ᠌ ᠦᠶ᠋ᠯᠡᠰ᠎ᠦᠨ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠬᠣᠯᠪᠣᠭ᠎ᠠ᠎ᠶ᠋ᠢ ᠪᠠᠢᠭᠤᠯᠪᠠ ᠁
《ᠡᠯ᠎ᠡ ᠭᠠᠵᠠᠷ᠎ᠤᠨ ᠬᠠᠮᠵᠢᠯᠴᠠᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠨᠢ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠲᠣᠣᠷ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠳᠦ ᠰᠠᠢ᠌ᠨ ᠰᠠᠢᠬᠠᠨ ᠣᠷᠴᠢᠨ ᠨᠦᠭᠦᠴᠡᠯ᠎ᠢ ᠪᠤᠢ ᠪᠣᠯᠭᠠᠵᠤ ᠥᠭ᠌ᠴᠡᠢ》ᠭᠡᠵᠦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠦᠨ᠎ᠡ ᠬᠠᠩᠰᠢ᠎ᠶ᠋ᠢᠨ ᠬᠢᠨᠠᠯᠲᠠ ᠪᠠᠢᠴᠠᠭᠠᠯᠲᠠ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠬᠡᠯᠡᠪᠡ᠃
ᠲᠤᠭᠠᠴᠢᠯᠠᠯᠲᠠ ᠤᠶᠤᠨᠴᠢᠯᠠᠯᠲᠠ ᠨᠢ ᠬᠢᠨᠠᠯᠲᠠ ᠬᠠᠮᠢᠶᠠᠷᠤᠯᠲᠠ ᠵᠢᠨ ᠦᠷ᠎ᠡ ᠪᠦᠳᠦᠮᠵᠢ᠎ᠶ᠋ᠢ ᠳᠡᠭᠡᠭ᠌ᠰᠢᠯᠡᠭᠦᠯᠬᠦ᠎ᠳᠦ ᠬᠦᠴᠦᠨ ᠤᠯᠭᠤᠨ᠎ᠠ
ᠬᠤᠳᠠᠯᠳᠤᠭᠠᠨ᠎ᠤ ᠨᠢᠭᠤᠴᠠ ᠬᠡᠷᠡᠭ᠎ᠦᠨ 《ᠭᠡᠷᠡᠴᠢ ᠲᠤᠷᠠᠳᠬᠤ᠎ᠳᠤ ᠬᠦᠴᠢᠷ᠂ ᠦᠶᠡᠯᠡᠯ᠎ᠦᠨ ᠬᠤᠭᠤᠴᠠᠭ᠎ᠠ ᠣᠷᠳᠣ᠂ ᠥᠪᠡᠷ᠎ᠦᠨ ᠥᠷᠲᠡᠭ ᠥᠨᠳᠥᠷ》 ᠪᠠᠢᠬᠤ ᠡᠮᠵᠡᠭ᠎ᠦᠨ ᠡᠮᠦᠨ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠲᠣᠭᠠᠴᠢᠯᠠᠭ᠍ᠰᠠᠨ ᠮᠡᠷᠭᠡᠵᠢᠯ᠎ᠢ ᠢᠳᠡᠪᠬᠢᠲᠡᠶ ᠬᠡᠷᠡᠭ᠌ᠯᠡᠵᠦ᠍᠂ ᠬᠢᠨᠠᠯᠲᠠ ᠬᠠᠮᠢᠶᠠᠷᠤᠯᠲᠠ᠎ᠶ᠋ᠢ 《ᠬᠥᠮᠦᠨ᠎ᠢᠶᠡᠷ ᠰᠡᠷᠭᠡᠢᠯᠡᠬᠦ᠌》 ᠡᠴᠡ 《ᠮᠡᠷᠭᠡᠵᠢᠯ᠎ᠢᠶᠡᠷ ᠰᠡᠷᠭᠡᠢᠯᠡᠬᠦ᠌》 ᠲᠡᠢᠰᠢ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠬᠠᠤᠯᠢ ᠬᠡᠷᠡᠭ᠌ᠵᠢᠭᠦᠯᠵᠦ᠍ ᠬᠡᠷᠡᠭ ᠱᠢᠶ᠋ᠳᠪᠦᠷᠢᠯᠡᠬᠦ᠌᠎ᠪᠡᠨ ᠨᠠᠩ ᠣᠨᠣᠪᠴᠢᠲᠠᠶ ᠪᠣᠯᠭᠠᠵᠤ᠂ ᠠᠵᠤ ᠠᠬᠤᠢᠯᠠᠯ᠎ᠤᠨ ᠡᠷᠬᠡ᠎ᠪᠡᠨ ᠬᠠᠮᠠᠭᠠᠯᠠᠬᠤ᠎ᠳᠤ ᠨᠠᠩ ᠲᠥᠬᠥᠮ ᠪᠣᠯᠭᠠᠪᠠ᠃
ᠬᠠᠩᠵᠧᠦ᠍᠎ᠶ᠋ᠢᠨ《ᠡᠦ ᠱᠦ᠍》ᠲᠠᠪᠴᠠᠩ ᠨᠢ ᠰᠦᠯᠵᠢᠶᠡᠨ ᠳᠡᠭᠡᠷᠡᠬᠢ ᠪᠡᠶ᠎ᠡ᠎ᠶ᠋ᠢᠨ ᠪᠠᠢᠴᠠᠭᠠᠯᠲᠠ᠂ ᠵᠠᠩᠭᠢ ᠵᠢᠨ ᠴᠦᠷᠭᠡᠯᠡᠭᠡ ᠶ᠋ᠢᠨ ᠦᠨᠡᠮᠯᠡᠯ᠎ᠢ ᠪᠠᠲᠤᠳᠭᠠᠬᠤ᠂ AI ᠯᠠᠪᠯᠠᠭ᠎ᠠ ᠵᠡᠷᠭᠡ ᠰᠦᠶ᠋ᠳᠭᠡᠯ ᠬᠤᠷᠢᠶᠠᠬᠤ ᠥᠬᠡᠶ ᠦᠶ᠋ᠯᠡᠴᠢᠯᠡᠭᠡ ᠬᠠᠩᠭᠠᠨ᠎ᠠ; ᠱᠢᠶᠠᠮᠧᠨᠦ ᠬᠠᠢ ᠼᠠᠩ ᠲᠣᠭᠣᠷᠢᠭ᠎ᠤᠨ 《ᠮᠢ ᠵᠢᠢ》ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠱᠢᠰᠲ᠋ᠧᠮ ᠨᠢᠭᠤᠴᠠ᠎ᠳᠤ ᠬᠣᠯᠪᠣᠭ᠍ᠳᠠᠬᠤ ᠮᠡᠳᠡᠭᠡ ᠵᠠᠩᠭᠢ᠎ᠶ᠋ᠢᠨ ᠪᠦᠬᠦ᠌ ᠶᠠᠪᠤᠴᠠ᠎ᠶ᠋ᠢ ᠬᠠᠮᠢᠶᠠᠷᠤᠨ ᠡᠵᠡᠮᠳᠡᠬᠦ᠌᠎ᠶ᠋ᠢ ᠪᠡᠶᠡᠯᠡᠭᠦᠯᠪᠡ;ᠲᠢᠶᠠᠨᠵᠢᠨ᠎ᠤ ᠨᠠᠨᠺᠠᠢ ᠲᠣᠭᠣᠷᠢᠭ 《ᠵᠠᠩᠭᠢ ᠵᠢᠨ ᠴᠦᠷᠭᠡᠯᠡᠭᠡ᠎ᠶ᠋ᠢᠨ ᠭᠡᠷᠡᠴᠢ ᠬᠠᠳᠠᠭᠠᠯᠠᠬᠤ + ᠬᠤᠳᠠᠯᠳᠤᠭᠠᠨ᠎ᠤ ᠨᠢᠭᠤᠴᠠ ᠳᠠᠭᠠᠳᠭᠠᠯ》 ᠢ᠋ ᠲᠤᠷᠱᠢᠨ ᠬᠡᠷᠡᠭ᠌ᠵᠢᠭᠦᠯᠵᠦ᠍᠂ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠪᠡ᠃
《ᠥᠩᠭᠡᠷᠡᠭ᠌ᠰᠡᠨ᠎ᠳᠦ ᠭᠡᠷᠡᠴᠢ ᠠᠪᠬᠤ᠎ᠳᠤ ᠤᠯᠠᠨ ᠭᠠᠵᠠᠷ᠂ ᠤᠯᠠᠨ ᠰᠠᠯᠠᠭ᠎ᠠ ᠮᠦᠴᠢᠷ᠎ᠲᠦ ᠣᠴᠢᠵᠤ ᠪᠠᠢᠪᠠ᠂ ᠣᠲᠣ ᠺᠣᠳ᠋ ᠱᠢᠷᠪᠢᠪᠡᠯ ᠳᠠᠷᠤᠶ ᠬᠠᠤᠯᠢ ᠴᠠᠭᠠᠵᠠ᠎ᠪᠠᠷ ᠮᠡᠳᠡᠷᠡᠭ᠌ᠰᠡᠨ ᠬᠤᠳᠠᠯᠳᠤᠭᠠᠨ᠎ᠤ ᠨᠢᠭᠤᠴᠠ᠎ᠶ᠋ᠢᠨ ᠡᠯᠧᠺᠲ᠋ᠷᠣᠨ ᠭᠡᠷᠡᠴᠢ ᠪᠠᠷᠢᠮᠲᠠ᠎ᠶ᠋ᠢ ᠪᠣᠶ ᠪᠣᠯᠭᠠᠵᠤ ᠪᠣᠯᠤᠨ᠎ᠠ》᠃ ᠬᠠᠩᠵᠧᠦ ᠬᠣᠲᠠ᠎ᠶ᠋ᠢᠨ ᠨᠢᠭᠡᠨ ᠳᠤᠮᠳᠠ ᠪᠠᠭ᠎ᠠ ᠠᠵᠤ ᠠᠬᠤᠢᠯᠠᠯ᠎ᠤᠨ ᠬᠠᠷᠢᠭᠤᠴᠠᠯᠭᠠᠲᠠᠨ᠄ 《ᠡᠨᠡ ᠨᠢ ᠪᠢᠳᠡᠨ᠎ᠢ ᠳᠣᠲᠣᠷ᠎ᠠ᠎ᠪᠠᠨ ᠲᠣᠭ᠎ᠠ᠎ᠲᠠᠶ ᠪᠣᠯᠭᠠᠵᠤ᠂ ᠱᠢᠨ᠎ᠡ᠎ᠶ᠋ᠢ ᠡᠭᠦᠳᠬᠦ᠌ ᠡᠷᠴᠢ ᠵᠣᠷᠢᠭ᠎ᠢ ᠬᠥᠪᠴᠢᠯᠡᠵᠡᠶ》 ᠭᠡᠵᠦ ᠪᠠᠶᠠᠷᠳᠠᠢᠬᠠᠨ ᠬᠡᠯᠡᠪᠡ᠃
《ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠪᠣᠯ ᠱᠢᠨ᠎ᠡ᠎ᠶ᠋ᠢ ᠡᠭᠦᠳᠬᠦ᠌ ᠤᠴᠢ᠎ᠶ᠋ᠢ ᠬᠠᠮᠠᠭᠠᠯᠠᠬᠤ ᠶᠠᠪᠤᠳᠠᠯ ᠪᠣᠯᠤᠨ᠎ᠠ》᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠂ 《ᠪᠢᠳᠡ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠬᠤᠳᠠᠯᠳᠤᠭᠠᠨ᠎ᠤ ᠨᠢᠭᠤᠴᠠ᠎ᠶ᠋ᠢ ᠬᠠᠮᠠᠭᠠᠯᠠᠬᠤ ᠠᠵᠢᠯ᠎ᠤᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ》 ᠭᠡᠵᠦ ᠬᠡᠯᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ)