4 ᠰᠠᠷ᠎ᠠ᠎ᠶ᠋ᠢᠨ 20 ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠮᠤᠷ ᠲᠦᠪᠱᠢᠨ᠎ᠦ ᠲᠢᠩᠬᠢᠮ᠎ᠡᠴᠡ 《ᠤᠯᠤᠰ ᠤᠨ ᠠᠮᠤᠷ ᠲᠦᠪᠱᠢᠨ᠎ᠤ ᠲᠦᠯᠦᠭᠡ ᠵᠠᠯᠠᠭᠤᠴᠤᠳ ᠴᠡᠭᠡᠵᠢ ᠲᠦᠷᠢᠨ ᠤᠷᠤᠭᠰᠢᠯᠠᠨ᠎ᠠ》 ᠭᠡᠬᠦ᠌ ᠭᠤᠤᠯ ᠰᠡᠳᠦᠪᠲᠦ ᠡᠪᠯᠡᠯ᠎ᠦᠨ ᠡᠳᠦᠷ ᠦᠨ ᠠᠵᠢᠯᠯᠠᠭ᠎ᠠ ᠵᠢ ᠡᠷᠭᠢᠯᠡᠨ ᠶᠠᠪᠤᠭ᠍ᠳᠠᠭᠤᠯᠵᠤ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠪᠥᠬᠥ᠌ ᠲᠠᠯ᠎ᠠ ᠪᠠᠷ ᠦᠶ᠋ᠯᠡᠳᠦᠯᠭᠡᠵᠢᠭᠦᠯᠵᠦ᠍᠂ ᠡᠪᠯᠡᠯ᠎ᠦᠨ ᠭᠡᠱᠢᠭᠦᠨ ᠵᠠᠯᠠᠭᠤᠴᠤᠳ᠎ᠤᠨ ᠤᠯᠤᠰ ᠤᠨ ᠠᠮᠤᠷ ᠲᠦᠪᠱᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ ᠶ᠋ᠢ ᠦᠨᠡᠨ ᠬᠦ᠌ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ ᠤ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠮᠤᠷ ᠲᠦᠪᠱᠢᠨ᠎ᠦ ᠲᠢᠩᠬᠢᠮ᠂ 《ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ》᠂ ᠠᠵᠤ ᠠᠬᠤᠢᠯᠠᠯ᠎ᠤᠨ ᠡᠪᠯᠡᠯ᠎ᠦᠨ ᠭᠡᠱᠢᠭᠦᠨ ᠵᠠᠯᠠᠭᠤᠴᠤᠳ᠎ᠤᠨ ᠲᠥᠯᠥᠭᠡᠯᠡᠭ᠌ᠴᠢ 190 ᠭᠠᠷᠤᠢ ᠬᠥᠮᠦᠨ ᠠᠵᠢᠯᠯᠠᠭ᠎ᠠ ᠳ᠋ᠦ ᠣᠷᠣᠯᠴᠠᠵᠠᠢ᠃
《ᠤᠯᠤᠰ ᠤᠨ ᠠᠮᠤᠷ ᠲᠦᠪᠱᠢᠨ ᠨᠢ ᠤᠯᠤᠰ ᠤᠨ ᠠᠱᠢᠭ ᠲᠤᠰᠠᠲᠠᠶ ᠬᠣᠯᠪᠣᠭ᠍ᠳᠠᠬᠤ᠎ᠪᠠᠷ ᠪᠠᠷᠠᠬᠤ ᠦᠭᠡᠢ᠂ ᠪᠠᠰᠠ ᠮᠠᠨ᠎ᠤ ᠬᠥᠮᠦᠨ ᠪᠦᠷᠢ ᠶ᠋ᠢᠨ ᠠᠱᠢᠭ ᠲᠤᠰᠠᠲᠠᠶ ᠬᠣᠯᠪᠣᠭ᠍ᠳᠠᠨ᠎ᠠ᠃ ᠤᠯᠤᠰ᠎ᠤᠨ ᠠᠮᠤᠷ ᠲᠦᠪᠱᠢᠨ᠎ᠳᠦ ᠬᠥᠮᠦᠨ ᠪᠦᠬᠦᠨ ᠬᠠᠷᠢᠭᠤᠴᠠᠯᠭ᠎ᠠ᠎ᠲᠠᠶ》 ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠦᠵᠡᠭᠦᠯᠭᠡ᠎ᠶ᠋ᠢᠨ ᠣᠷᠳᠣᠨ᠎ᠳᠤ᠂ ᠲᠠᠢᠯᠪᠤᠷᠢᠯᠠᠭ᠍ᠴᠢ ᠦᠰᠦᠭ ᠵᠢᠷᠤᠭ ᠬᠠᠪᠰᠤᠷᠭᠠᠭᠰᠠᠨ ᠮᠠᠲ᠋ᠧᠷᠢᠶᠠᠯ᠂ ᠠᠮᠢᠳᠤᠯᠢᠭ ᠬᠡᠷᠡᠭ᠎ᠦᠨ ᠵᠢᠱ᠌ᠢᠢ᠎ᠡ᠎ᠪᠡᠷ ᠳᠠᠮᠵᠢᠭᠤᠯᠤᠨ ᠡᠪᠯᠡᠯ ᠦᠨ ᠭᠡᠱᠢᠭᠦᠨ ᠵᠠᠯᠠᠭᠤᠴᠤᠳ᠎ᠲᠤ ᠤᠯᠤᠰ᠎ᠤᠨ ᠠᠮᠤᠷ ᠲᠦᠪᠱᠢᠨ᠎ᠳᠦ ᠬᠣᠯᠪᠣᠭ᠍ᠳᠠᠭ᠍ᠰᠠᠨ ᠡᠯ᠎ᠡ ᠭᠣᠣᠯᠳᠠᠯᠭ᠎ᠠ᠎ᠲᠠᠶ ᠬᠦᠷᠢᠢ᠎ᠡ᠎ᠶ᠋ᠢ ᠲᠠᠨᠢᠯᠴᠠᠭᠤᠯᠵᠤ᠂ ᠣᠳᠣᠬᠠᠨ᠎ᠤ ᠤᠯᠤᠰ᠎ᠤᠨ ᠠᠮᠤᠷ ᠲᠦᠪᠱᠢᠨ᠎ᠦ ᠪᠠᠢᠳᠠᠯ᠎ᠤᠨ ᠪᠤᠳᠤᠯᠢᠶᠠᠨᠲᠤ ᠴᠢᠨᠠᠷ ᠪᠣᠯᠤᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠲᠤᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠭᠤᠯᠪᠠ᠃ ᠲᠣᠭᠣᠷᠢᠨ ᠦᠵᠡᠬᠦ᠌ ᠶᠠᠪᠤᠴᠠ᠎ᠳᠤ᠂ ᠡᠪᠯᠡᠯ᠎ᠦᠨ ᠭᠡᠱᠢᠭᠦᠨ ᠵᠠᠯᠠᠭᠤᠴᠤᠳ ᠨᠠᠷᠢᠨ ᠬᠢᠨᠠᠮᠠᠭᠠᠢ ᠰᠣᠨᠣᠰᠴᠤ᠌᠂ ᠤᠯᠤᠰ᠎ᠤᠨ ᠠᠮᠤᠷ ᠲᠦᠪᠱᠢᠨ᠎ᠦ ᠤᠬᠠᠮᠰᠠᠷ ᠵᠢᠡᠨ ᠴᠢᠨᠠᠭᠰᠢᠳᠠ ᠴᠢᠩᠭᠠᠳᠬᠠᠪᠠ᠃ ᠲᠣᠭᠣᠷᠢᠨ ᠦᠵᠡᠵᠦ᠍ ᠳᠠᠭᠤᠰᠤᠭ᠍ᠰᠠᠨ᠎ᠤ ᠲᠠᠷᠠᠭ᠎ᠠ ᠪᠦᠬᠦ᠌ ᠡᠪᠯᠡᠯ᠎ᠦᠨ ᠭᠡᠱᠢᠭᠦᠨ ᠵᠠᠯᠠᠭᠤᠴᠤᠳ ᠦᠵᠡᠰᠭᠦᠯᠡᠩ᠎ᠦᠨ ᠣᠷᠳᠣᠨ᠎ᠳᠤ ᠲᠥᠪ ᠬᠢᠴᠢᠶᠡᠩᠭᠦᠢ᠎ᠪᠡᠷ ᠵᠣᠭ᠍ᠰᠣᠵᠤ᠂ ᠡᠪᠯᠡᠯ᠎ᠳᠦ ᠣᠷᠣᠬᠤ ᠲᠠᠩᠭᠠᠷᠢᠭ᠎ᠢᠶᠠᠨ ᠲᠠᠬᠢᠨᠳᠠ ᠤᠩᠰᠢᠵᠤ᠂ ᠤᠯᠤᠰ᠎ᠤᠨ ᠠᠮᠤᠷ ᠲᠦᠪᠱᠢᠨ᠎ᠦ ᠡᠷᠡᠰ ᠪᠠᠲᠤ ᠬᠠᠮᠠᠭᠠᠯᠠᠭ᠍ᠴᠢ ᠪᠤᠯᠬᠤ ᠵᠤᠷᠢᠭ ᠵᠢᠡᠨ ᠢᠯᠡᠳᠭᠡᠪᠡ᠃
ᠡᠨᠡ ᠬᠤᠭᠤᠴᠠᠭᠠᠨ᠎ᠳᠤ ᠪᠠᠰᠠ ᠲᠤᠰᠭᠠᠢ ᠰᠡᠳᠦᠪᠲᠦ ᠲᠠᠢᠯᠤᠮᠵᠢ ᠡᠷᠬᠢᠯᠡᠵᠦ᠂ ᠳᠤᠮᠳᠠᠳᠤ ᠤᠯᠤᠰ᠎ᠤᠨ ᠠᠷᠠᠳ ᠤᠨ ᠳᠣᠲᠣᠭᠠᠳᠤ᠎ᠶ᠋ᠢ ᠬᠠᠮᠠᠭᠠᠯᠠᠬᠤ ᠶᠡᠬᠡ ᠰᠤᠷᠭᠠᠭᠤᠯᠢ᠎ᠵᠢᠨ ᠫᠷᠤᠹᠸᠰᠰᠤᠷ᠎ᠢ ᠤᠷᠢᠵᠤ᠂ ᠤᠯᠤᠰ ᠤᠨ ᠶᠡᠷᠦᠩᠬᠡᠢ ᠠᠮᠤᠷ ᠲᠦᠪᠱᠢᠨ ᠦ ᠦᠵᠡᠯᠲᠡ ᠪᠣᠯᠤᠨ ᠰᠦᠯᠵᠢᠶᠡᠨ᠎ᠦ ᠠᠮᠤᠷ ᠲᠦᠪᠱᠢᠨ ᠦ ᠭᠣᠣᠯ ᠰᠡᠳᠦᠪ᠎ᠦᠨ ᠲᠣᠭᠣᠷᠢᠨ ᠳᠤ ᠲᠤᠰᠭᠠᠢ ᠰᠡᠳᠦᠪᠲᠦ ᠲᠠᠢᠯᠤᠮᠵᠢ ᠬᠢᠯᠭᠡᠵᠡᠢ᠃ ᠲᠠᠢᠯᠤᠮᠵᠢ᠎ᠶ᠋ᠢᠨ ᠠᠭᠤᠯᠭ᠎ᠠ ᠨᠢ ᠨᠠᠷᠢᠨ ᠪᠣᠳᠠᠲᠠᠢ᠂ ᠬᠡᠷᠡᠭ᠎ᠦᠨ ᠵᠢᠱ᠌ᠢᠢ᠎ᠡ ᠨᠢ ᠠᠮᠢᠳᠤ ᠲᠦᠷᠰᠦᠯᠢᠭ ᠪᠠᠢᠵᠤ᠂ ᠤᠯᠠᠨᠪᠦᠬᠦᠨ ᠳ᠋ᠤ 《ᠤᠯᠤᠰ᠎ᠤᠨ ᠠᠮᠤᠷ ᠲᠦᠪᠱᠢᠨ ᠭᠡᠭ᠌ᠴᠢ ᠶᠠᠭᠤ ᠪᠤᠢ᠂ ᠵᠠᠯᠠᠭᠤᠴᠤᠳ ᠶᠠᠭᠠᠬᠢᠵᠤ ᠬᠢᠪᠠᠯ ᠵᠣᠬᠢᠬᠤ ᠪᠤᠢ》 ᠭᠡᠬᠦ᠌ ᠦᠢᠯᠡᠳᠦᠯᠭᠡ᠎ᠶ᠋ᠢᠨ ᠠᠷᠭ᠎ᠠ ᠵᠠᠮ᠎ᠢ ᠤᠯᠠᠮ ᠴᠢᠨᠠᠭ᠍ᠰᠢᠳᠠ ᠲᠣᠳᠣᠷᠬᠠᠢᠯᠠᠪᠠ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠠᠴᠠ ᠰᠠᠨᠠᠭᠠᠴᠢᠯᠠᠭ᠎ᠠ ᠭᠠᠷᠭᠠᠵᠤ᠂ ᠥᠷᠭᠡᠨ ᠤᠯᠠᠨ ᠡᠪᠯᠡᠯ ᠦᠨ ᠭᠡᠱᠢᠭᠦᠨ ᠵᠠᠯᠠᠭᠤᠴᠤᠳ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠡᠳᠦᠷ ᠳᠤᠳᠤᠮ ᠤᠨ ᠰᠤᠷᠤᠯᠴᠠᠯᠭ᠎ᠠ᠂ ᠠᠮᠢᠳᠤᠷᠠᠯ ᠪᠠ ᠠᠵᠢᠯ᠎ᠳᠤ ᠪᠠᠨ ᠠᠭᠤᠰᠤᠯᠴᠠᠭᠤᠯᠵᠤ᠂ ᠥᠪᠡᠷ ᠦᠨ ᠪᠡᠶ᠎ᠡ᠎ᠡᠴᠡ᠎ᠪᠡᠨ ᠡᠬᠢᠯᠡᠨ ᠬᠢᠵᠦ᠍᠂ ᠪᠠᠭ᠎ᠠ ᠶᠠᠪᠤᠳᠠᠯ᠎ᠠᠴᠠ ᠡᠬᠢᠯᠡᠨ ᠬᠢᠵᠦ᠍᠂ ᠤᠯᠤᠰ ᠤᠨ ᠠᠮᠤᠷ ᠲᠦᠪᠱᠢᠨ᠎ᠳᠦ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ᠎ᠶ᠋ᠢ ᠤᠬᠠᠮᠰᠠᠷ᠎ᠠᠴᠠ᠎ᠪᠠᠨ ᠬᠣᠷᠢᠭ᠍ᠯᠠᠵᠤ᠂ ᠤᠯᠤᠰ ᠤᠨ ᠠᠮᠤᠷ ᠲᠦᠪᠱᠢᠨ ᠦ ᠵᠠᠯᠠᠭᠤ ᠨᠠᠰᠤᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠠᠲᠤ ᠴᠣᠭ᠍ᠴᠠᠯᠠᠬᠤ ᠵᠢ ᠤᠷᠢᠶᠠᠯᠠᠪᠠ᠃