《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ᠎ᠦᠨ ᠳᠤᠮᠳᠠᠳᠤ ᠢᠨᠳᠣᠨᠧᠱᠢᠢ᠎ᠠ᠎ᠶ᠋ᠢᠨ ᠲᠠᠨᠢᠯᠴᠠᠭᠤᠯᠭ᠎ᠠ᠎ᠶ᠋ᠢᠨ ᠬᠤᠷᠠᠯ 28 ᠤ᠋ ᠡᠳᠦᠷ ᠢᠨᠳᠣᠨᠧᠱᠢᠢ᠎ᠠ᠎ᠶ᠋ᠢᠨ ᠵᠠᠺᠠᠷᠲ᠋ᠠ᠎ᠳᠤ ᠶᠠᠪᠤᠭ᠍ᠳᠠᠪᠠ᠃
ᠬᠤᠷᠠᠯ ᠳᠤ ᠣᠷᠣᠯᠴᠠᠭ᠍ᠰᠠᠨ ᠬᠦᠨᠳᠦᠲᠦ ᠵᠣᠴᠢᠳ ᠂ 《 ᠰᠢ ᠵᠢᠨ ᠫᠢᠩ ᠲᠦᠷᠦ᠍ ᠶ᠋ᠢ ᠵᠠᠰᠠᠬᠤ ᠲᠤᠬᠠᠢ 》 ᠭᠡᠬᠦ᠌ ᠨᠣᠮ ᠤᠨ ᠲᠠᠪᠤᠳᠤᠭᠠᠷ ᠪᠤᠳᠢ ᠳᠤ ᠰᠢ ᠵᠢᠨ ᠫᠢᠩ ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠱᠢᠨ᠎ᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠱᠢᠰᠲᠸᠮ ᠲᠠᠢ ᠲᠤᠰᠭᠠᠪᠠ᠂ ᠡᠨᠡ ᠪᠣᠯ ᠳᠡᠯᠡᠬᠡᠢ ᠨᠡᠢᠭᠡᠮ᠎ᠦᠨ ᠬᠢᠨ᠎ᠦ ᠤᠳᠤ ᠦᠶ᠎ᠡ᠎ᠶ᠋ᠢᠨ ᠳᠤᠮᠳᠠᠳᠤ ᠤᠯᠤᠰ᠎ᠢ ᠲᠠᠨᠢᠵᠤ ᠣᠢᠯᠠᠭᠠᠬᠤ ᠡᠷᠬᠡ ᠰᠦᠷᠲᠦ ᠵᠣᠬᠢᠶᠠᠯ ᠪᠣᠯᠤᠨ᠎ᠠ᠃ ᠣᠳᠣᠬᠠᠨ᠎ᠳᠤ᠂ ᠳᠤᠮᠳᠠᠳᠤ ᠤᠯᠤᠰ ᠨᠢᠭᠡᠨᠲᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠱᠢᠨ᠎ᠡ ᠠᠶᠠᠨ᠎ᠢᠶᠠᠨ ᠡᠬᠢᠯᠡᠭᠦᠯᠵᠦ᠍᠂ ᠢᠨᠳᠣᠨᠧᠱᠢᠢᠠ ᠴᠤ᠌ 《ᠱᠢᠵᠢᠷ ᠠᠯᠳᠠᠨ ᠢᠨᠳᠣᠨᠧᠱᠢᠢᠠ 2045》 ᠵᠢᠨ ᠬᠦᠰᠡᠯ ᠡᠷᠡᠮᠡᠯᠵᠡᠯ ᠲᠡᠢᠰᠢ ᠯᠠᠪᠳᠠᠭᠤᠨ᠎ᠢᠶᠠᠷ ᠤᠷᠤᠭ᠍ᠰᠢᠯᠠᠵᠤ ᠪᠠᠢᠨ᠎ᠠ᠂ ᠬᠣᠶᠠᠷ ᠤᠯᠤᠰ᠎ᠢᠶᠠᠷ᠎ᠢᠶᠠᠨ ᠭᠠᠷ ᠬᠣᠯᠪᠣᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠠᠬᠢᠭᠤᠯᠵᠤ᠂ ᠬᠥᠭ᠌ᠵᠢᠯᠲᠡ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠨᠢ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠵᠤ ᠥᠭ᠌ᠬᠦ᠎ᠪᠡᠷ ᠪᠠᠷᠠᠬᠤ ᠦᠭᠡᠢ ᠨᠡᠩ ᠴᠤ᠌ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠦᠴᠦᠨ᠎ᠢ ᠪᠤᠵᠠᠭᠠᠢᠷᠠᠭᠤᠯᠬᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ ᠭᠡᠵᠦ ᠦᠵᠡᠪᠡ᠃
ᠢᠨᠳᠣᠨᠧᠱᠢᠢ᠎ᠠ᠎ᠶ᠋ᠢᠨ ᠠᠷᠠᠳ᠎ᠤᠨ ᠵᠥᠪᠯᠡᠯᠭᠡᠨ᠎ᠦ ᠬᠤᠷᠠᠯ᠎ᠤᠨ ᠲᠡᠷᠢᠭᠦᠯᠡᠭ᠌ᠴᠢ ᠠᡁᠸᠮᠠᠳ᠋ᠸ·ᠮᠦᠵᠠᠨᠢ ᠪᠠᠶᠠᠷ᠎ᠤᠨ ᠦᠭᠡ᠎ᠳᠡᠭᠡᠨ᠂ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ ᠢᠨᠳᠣᠨᠧᠱᠢᠢ᠎ᠠ᠎ᠶ᠋ᠢᠨ ᠭᠠᠳᠠᠭᠠᠳᠤ ᠬᠠᠷᠢᠯᠴᠠᠭᠠᠨ᠎ᠤ ᠡᠲᠡᠭᠡᠳ᠂ ᠡᠷᠳᠡᠮ ᠱᠢᠨᠵᠢᠯᠡᠭᠡᠨ᠎ᠦ ᠡᠲᠡᠭᠡᠳ ᠵᠢᠴᠢ ᠲᠦᠷᠦ᠍᠎ᠶ᠋ᠢᠨ ᠪᠤᠳᠤᠯᠭ᠎ᠠ ᠲᠣᠭ᠍ᠲᠠᠭᠠᠭ᠍ᠴᠢᠳᠤ ᠬᠣᠪᠣᠷ ᠨᠠᠨᠳᠢᠨ ᠲᠤᠷᠰᠢᠯᠭ᠎ᠠ ᠬᠠᠩᠭᠠᠵᠤ᠂ ᠲᠤᠰ ᠤᠳᠠᠭ᠎ᠠ᠎ᠶ᠋ᠢᠨ ᠱᠢᠨ᠎ᠡ ᠨᠣᠮ᠎ᠢ ᠲᠠᠨᠢᠯᠴᠠᠭᠤᠯᠬᠤ ᠠᠵᠢᠯᠯᠠᠭ᠎ᠠ ᠨᠢ ᠳᠤᠮᠳᠠᠳᠤ ᠤᠯᠤᠰ ᠪᠣᠯᠤᠨ ᠢᠨᠳᠣᠨᠧᠱᠢᠢᠠ ᠬᠣᠶᠠᠷ ᠤᠯᠤᠰ᠎ᠤᠨ ᠦᠵᠡᠯ ᠰᠠᠨᠠᠭᠠᠨ᠎ᠤ ᠰᠣᠯᠢᠯᠴᠠᠭ᠎ᠠ᠎ᠪᠠᠨ ᠭᠦᠨᠵᠡᠭᠡᠢᠷᠡᠭᠦᠯᠬᠦ᠌᠎ᠳᠦ ᠴᠢᠬᠤᠯᠠ ᠲᠠᠪᠴᠠᠩ ᠬᠠᠩᠭᠠᠵᠠᠢ ᠭᠡᠵᠦ ᠢᠯᠡᠳᠭᠡᠪᠡ᠃ ᠲᠡᠷᠡ᠂ ᠢᠨᠳᠣᠨᠧᠱᠢᠢ᠎ᠠ᠎ᠶ᠋ᠢᠨ ᠵᠠᠰᠠᠭ᠎ᠤᠨ ᠣᠷᠳᠣᠨ᠎ᠤ ᠨᠡᠩ ᠤᠯᠠᠨ ᠠᠯᠪᠠᠨ ᠲᠤᠱᠢᠶᠠᠯᠲᠠᠨ᠂ ᠡᠷᠳᠡᠮᠲᠡᠨ ᠪᠣᠯᠤᠨ ᠵᠠᠯᠠᠭᠤ ᠬᠥᠮᠦᠰ ᠡᠨᠡ ᠬᠦ᠌ ᠴᠢᠬᠤᠯᠠ ᠵᠤᠬᠢᠶᠠᠯ᠎ᠢ ᠤᠩᠱᠢᠵᠤ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠠᠮ ᠪᠣᠯᠤᠨ ᠵᠠᠰᠠᠯᠲᠠ᠎ᠶ᠋ᠢᠨ ᠤᠢ᠍ᠢᠯᠠᠭᠠᠭ᠍ᠳᠠᠬᠤᠨ᠎ᠤ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠳᠡᠯᠡᠬᠡᠢ ᠳ᠋ᠠᠬᠢᠨ ᠪᠣᠯᠤᠨ ᠬᠥᠮᠦᠨ ᠲᠥᠷᠥᠯᠬᠢᠲᠡᠨ᠎ᠦ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠲᠤᠬᠠᠢ ᠲᠠᠨᠢᠯᠲᠠ᠎ᠪᠠᠨ ᠥᠷᠭᠡᠳᠭᠡᠬᠦ᠌᠎ᠶ᠋ᠢ ᠬᠦᠰᠡᠪᠡ᠃
ᠢᠨᠳᠣᠨᠧᠱᠢᠶᠠᠶ᠋ᠢᠨ ᠬᠥᠮᠦᠨ ᠠᠮᠠ᠎ᠶ᠋ᠢᠨ ᠱᠢᠯᠵᠢᠯᠲᠡ᠎ᠶ᠋ᠢᠨ ᠶᠠᠮᠤᠨ᠎ᠤ ᠰᠠᠢᠳ ᠮᠦᠬᠠᠨᠮᠸ᠋ᠳ᠋·ᠢᠹᠲ᠋ᠢᠲ᠋ᠠᠾ·ᠰᠦᠯᠠᠢᠮᠠᠨ᠂ ᠳᠤᠮᠳᠠᠳᠤ ᠤᠯᠤᠰ᠎ᠲᠤ ᠠᠢᠯᠴᠢᠯᠠᠵᠤ ᠪᠠᠢᠭ᠎ᠠ ᠬᠤᠭᠤᠴᠠᠭᠠᠨ᠎ᠳᠠᠭᠠᠨ᠂ ᠪᠢ ᠳᠤᠮᠳᠠᠳᠤ ᠤᠯᠤᠰ᠎ᠤᠨ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠪᠠᠷ ᠳᠠᠮᠵᠢᠨ ᠶᠠᠳᠠᠭᠤ ᠬᠦᠴᠢᠷᠳᠡᠯ᠎ᠢ ᠠᠷᠢᠯᠭᠠᠭᠰᠠᠨᠢ ᠭᠡᠷᠡᠴᠢᠯᠡᠪᠡ᠃ ᠳᠤᠮᠳᠠᠳᠤ ᠤᠯᠤᠰ᠎ᠤᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌ ᠵᠠᠰᠠᠯᠲᠠ᠂ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠂ ᠣᠷᠣᠨ ᠪᠦᠰᠡ᠎ᠶ᠋ᠢᠨ ᠬᠠᠮᠵᠢᠯᠴᠠᠭᠰᠠᠨ ᠬᠥᠭ᠌ᠵᠢᠯᠳᠡ ᠵᠡᠷᠭᠡ ᠬᠦᠷᠢᠶᠡᠨ᠎ᠳᠡᠬᠢ ᠴᠢᠬᠤᠯᠠ ᠶᠡᠬᠡ ᠣᠢᠯᠠᠭᠠᠭ᠍ᠳᠠᠬᠤᠨ ᠪᠠ ᠱᠢᠨ᠎ᠡ᠎ᠶ᠋ᠢ ᠡᠭᠦᠳᠦᠭᠰᠡᠨ ᠦᠢᠯᠡᠳᠦᠯᠭᠡ ᠨᠢ ᠢᠨᠳᠣᠨᠧᠱᠢᠢ᠎ᠠ᠎ᠶ᠋ᠢᠨ ᠬᠥᠮᠦᠨ ᠠᠮᠠ᠎ᠶ᠋ᠢ ᠨᠡᠭᠦᠯᠭᠡᠨ ᠲᠥᠪᠬᠢᠨᠡᠭᠦᠯᠬᠦ᠌ ᠠᠵᠢᠯ᠎ᠢ ᠡᠮᠬᠢ ᠵᠢᠷᠤᠮ᠎ᠲᠠᠶ ᠠᠬᠢᠭᠤᠯᠬᠤ᠂ ᠵᠡᠭᠦᠨ ᠣᠷᠣᠨ᠎ᠤ ᠨᠡᠭᠡᠭᠡᠨ ᠬᠥᠭ᠌ᠵᠢᠭᠦᠯᠦᠯᠲᠡ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠦ ᠲᠤᠯᠢ ᠪᠣᠯᠭᠠᠵᠤ ᠪᠣᠯᠬᠤ ᠱᠢᠰᠲ᠋ᠧᠮᠲᠦ ᠴᠢᠨᠠᠷᠲᠠᠢ ᠲᠥᠰᠦᠯ᠎ᠢ ᠬᠠᠩᠭᠠᠵᠠᠢ ᠭᠡᠵᠦ ᠢᠯᠡᠳᠬᠡᠪᠡ᠃
ᠢᠨᠳᠣᠨᠧᠱᠢᠢ᠎ᠠ᠎ᠶ᠋ᠢᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠸᠢᠷᠤᠨᠢᠺᠠ·ᠰᠠᠯᠠᠰᠸᠠᠲ᠋ᠢ᠂ ᠣᠳᠣᠬᠠᠨ᠎ᠤ ᠳᠡᠯᠡᠬᠡᠢ ᠶᠢᠷᠲᠢᠨᠴᠦ᠍ ᠶᠠᠭ ᠭᠦᠨᠵᠡᠭᠡᠢ ᠬᠤᠪᠢᠰᠤᠯᠲᠠ ᠪᠣᠯᠤᠨ ᠤᠷᠪᠠᠭᠠᠨ ᠬᠥᠷᠪᠡᠭᠡᠨ᠎ᠲᠡᠶ ᠲᠤᠬᠢᠷᠠᠭᠤᠯᠤᠯᠳᠠ᠎ᠶ᠋ᠢ ᠥᠩᠭᠡᠷᠡᠭᠡᠵᠦ᠍ ᠪᠠᠢᠨ᠎ᠠ᠂ ᠡᠯ᠎ᠡ ᠤᠯᠤᠰ ᠥᠩᠭᠡᠷᠡᠭ᠌ᠰᠡᠨ᠎ᠦ ᠠᠯᠢ ᠴᠤ᠌ ᠴᠠᠭ ᠦᠶ᠎ᠡ᠎ᠡᠴᠡ ᠢᠯᠡᠭᠦᠦ ᠨᠡᠬᠡᠬᠡᠯᠳᠡ ᠬᠢᠵᠦ᠍ ᠬᠠᠮᠲᠤᠷᠠᠯᠴᠠᠬᠤ᠎ᠪᠠᠷ ᠳᠠᠮᠵᠢᠨ ᠬᠠᠮᠲᠤ᠎ᠶ᠋ᠢᠨ ᠬᠥᠭ᠌ᠵᠢᠯᠲᠡ᠎ᠪᠡᠨ ᠪᠡᠶᠡᠯᠡᠭᠦᠯᠬᠦ᠌᠎ᠶ᠋ᠢ ᠱᠠᠭᠠᠷᠳᠠᠵᠤ ᠪᠠᠢᠨ᠎ᠠ᠃ ᠢᠨᠳᠣᠨᠧᠱᠢᠶᠠᠶ᠋ᠢᠨᠬᠢᠨ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠳᠠᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠣᠷᠣᠯᠴᠠᠵᠤ᠂ ᠨᠥᠬᠥᠷᠰᠡᠭ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ ᠪᠤᠢ᠂ ᠡᠨᠡ ᠪᠤᠯ ᠶᠠᠭ ᠴᠠᠭ ᠦᠶ᠎ᠡ᠎ᠶ᠋ᠢᠨ ᠶᠡᠬᠡ ᠬᠠᠨᠳᠤᠰᠢ᠎ᠶ᠋ᠢ ᠳᠠᠭᠠᠭ᠍ᠰᠠᠨ ᠵᠥᠪ ᠰᠣᠩᠭᠣᠯᠲᠠ ᠪᠣᠯᠤᠨ᠎ᠠ ᠭᠡᠵᠦ᠍ ᠢᠯᠡᠳᠭᠡᠪᠡ᠃
ᠠᠵᠢᠯᠯᠠᠭ᠎ᠠ ᠳᠤᠮᠳᠠ᠂ ᠳᠤᠮᠳᠠᠳᠤ ᠵᠢᠨ ᠲᠠᠯ᠎ᠠ᠎ᠡᠴᠡ ᠢᠨᠳᠤᠨᠧᠰᠢᠶ᠎ᠠ᠎ᠶᠢᠨ ᠬᠦᠨᠳᠦᠲᠦ ᠵᠣᠴᠢᠳ᠎ᠲᠤ 《ᠰᠢ ᠵᠢᠨ ᠫᠢᠩ ᠲᠦᠷᠦ᠎ᠶᠢ ᠵᠠᠰᠠᠬᠤ ᠲᠤᠬᠠᠢ》 ᠬᠡᠬᠦ ᠨᠣᠮ᠎ᠤᠨ ᠲᠠᠪᠤᠳᠤᠭᠠᠷ ᠪᠣᠳᠢ᠎ᠶᠢᠨ ᠠᠩᠭ᠌ᠯᠢ ᠬᠡᠯᠡᠨ᠎ᠦ ᠬᠡᠪᠯᠡᠯ᠎ᠢ ᠪᠡᠯᠡᠭᠯᠡᠪᠡ᠃ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠥᠭᠵᠢᠯᠲᠡ᠎ᠶᠢᠨ ᠠᠵᠠ ᠲᠣᠬᠢᠶᠠᠯ᠂ ᠬᠠᠮᠲᠤ᠎ᠶᠢᠨ ᠣᠳᠣᠬᠢᠴᠢᠯᠠᠯᠲᠠ᠂ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠴᠥᠭᠡᠳᠬᠡᠭᠰᠡᠨ ᠲᠤᠷᠰᠢᠯᠭ᠎ᠠ ᠵᠡᠷᠭᠡ ᠵᠥᠪᠯᠡᠬᠦ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ ᠰᠣᠯᠢᠯᠴᠠᠭ᠎ᠠ ᠶᠠᠷᠢᠯᠴᠠᠭ᠎ᠠ ᠥᠷᠨᠢᠭᠦᠯᠪᠡ᠃ ᠢᠨᠳᠤᠨᠧᠰᠢᠶ᠎ᠠ᠎ᠶᠢᠨ ᠲᠣᠰᠬᠣᠨ᠎ᠤ ᠺᠠᠳ᠋ᠷ᠎ᠤᠨ ᠳᠤᠮᠳᠠᠳᠤ ᠤᠯᠤᠰ᠎ᠲᠤ ᠬᠦᠷᠴᠦ ᠰᠤᠳᠤᠯᠤᠨ ᠰᠤᠷᠤᠯᠴᠠᠬᠤ ᠠᠩᠭᠢ᠎ᠶᠢᠨ ᠲᠥᠯᠥᠭᠡᠯᠡᠭᠴᠢᠳ ᠳᠤᠮᠳᠠᠳᠤ ᠤᠯᠤᠰ᠎ᠲᠤ ᠰᠤᠷᠤᠯᠴᠠᠵᠤ ᠰᠣᠯᠢᠯᠴᠠᠭᠰᠠᠨ ᠣᠯᠣᠯᠲᠠ ᠵᠢᠴᠢ ᠤᠯᠤᠰ᠎ᠲᠠᠭᠠᠨ ᠪᠤᠴᠠᠭᠰᠠᠨ᠎ᠤ ᠳᠠᠷᠠᠭ᠎ᠠ ᠬᠠᠮᠢᠶ᠎ᠠ ᠪᠦᠬᠦᠢ ᠲᠤᠷᠰᠢᠯᠭ᠎ᠠ᠎ᠪᠠᠨ ᠲᠤᠰ ᠤᠯᠤᠰ᠎ᠤᠨ᠎ᠢᠶᠠᠨ ᠲᠣᠰᠬᠣᠨ᠎ᠢ ᠵᠠᠰᠠᠬᠤ᠎ᠳᠤ ᠬᠡᠷᠡᠭᠯᠡᠭᠰᠡᠨ ᠦᠢᠯᠡᠳᠦᠯᠭᠡ᠎ᠶᠢᠨ ᠪᠠᠢᠳᠠᠯ᠎ᠢᠶᠠᠨ ᠬᠤᠪᠢᠶᠠᠯᠴᠠᠪᠠ᠃
ᠲᠤᠰ ᠤᠳᠠᠭᠠᠨ᠎ᠤ ᠠᠵᠢᠯᠯᠠᠭ᠎ᠠ᠎ᠶᠢ ᠳᠤᠮᠳᠠᠳᠤ ᠤᠯᠤᠰ᠎ᠤᠨ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠂ ᠢᠨᠳᠤᠨᠧᠰᠢᠶ᠎ᠠ᠎ᠶᠢᠨ ᠬᠥᠮᠥᠨ ᠠᠮᠠ᠎ᠶᠢᠨ ᠰᠢᠯᠵᠢᠯᠲᠡ᠎ᠶᠢᠨ ᠶᠠᠮᠤᠨ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠯ᠎ᠦᠨ ᠲᠣᠪᠴᠢᠶ᠎ᠠ ᠪᠠ ᠢᠨᠳᠤᠨᠧᠰᠢᠶ᠎ᠠ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ ᠬᠠᠮᠳᠤ ᠪᠡᠷ ᠭᠤᠤᠯᠯᠠᠨ ᠡᠷᠬᠢᠯᠡᠪᠡ᠃ ᠳᠤᠮᠳᠠᠳᠤ ᠢᠨᠳᠤᠨᠧᠰᠢᠶ᠎ᠠ ᠬᠣᠶᠠᠷ ᠤᠯᠤᠰ᠎ᠤᠨ ᠬᠦᠨᠳᠦᠲᠦ ᠵᠣᠴᠢᠳ ᠵᠢᠴᠢ ᠬᠡᠪᠯᠡᠯ᠂ ᠤᠶᠤᠨ᠎ᠤ ᠬᠥᠮᠥᠷᠭᠡ᠂ ᠵᠠᠭᠤᠴᠢᠯᠠᠭᠤᠷ ᠵᠡᠷᠭᠡ ᠡᠯ᠎ᠡ ᠡᠲᠡᠭᠡᠳ᠎ᠦᠨ ᠲᠥᠯᠥᠭᠡᠯᠡᠭᠴᠢ ᠪᠠᠷᠤᠭ 200 ᠬᠥᠮᠥᠨ ᠠᠵᠢᠯᠯᠠᠭ᠎ᠠ᠎ᠳᠤ ᠣᠷᠣᠯᠴᠠᠵᠠᠢ᠃
(ᠱᠢᠨᠬᠤᠸᠠ ᠬᠤᠷᠢᠶ᠎ᠠ ᠵᠢᠨ ᠵᠠᠺᠠᠷᠲ᠋ᠠ᠎ᠶ᠋ᠢᠨ 4 ᠰᠠᠷ᠎ᠠ᠎ᠶ᠋ᠢᠨ 28 ᠤ᠋ ᠴᠠᠬᠢᠯᠭᠠᠨ ᠮᠡᠳᠡᠭᠡ)