ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠲᠤᠬᠠᠶ ᠶᠠᠷᠢᠯᠴᠠᠭᠠᠨ ᠎ᠤ ᠲᠠᠪᠴᠠᠩ ᠡᠷᠭᠢᠯᠡᠪᠡ
2026-04-29 16:15:05
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠢ᠎ᠶ᠋ᠢᠨ ᠰᠤᠳᠤᠯᠭᠠᠨ᠎ᠤ ᠲᠥᠪ ᠤᠢᠷ᠎ᠠ᠎ᠳᠤ ᠶᠠᠷᠢᠶᠠᠨ᠎ᠤ ᠲᠠᠪᠴᠠᠩ ᠡᠷᠬᠢᠯᠡᠵᠦ᠍᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠢ ᠪᠦᠳᠦᠭᠡᠨ ᠪᠠᠢᠭᠤᠯᠬᠤ ᠲᠤᠬᠠᠢ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠵᠠᠢ᠃ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠂ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠤᠯᠤᠰ᠎ᠤᠨ ᠠᠷᠠᠯᠵᠢᠶᠠᠨ᠎ᠤ ᠪᠦᠯᠦᠭ᠌ᠯᠡᠯ ᠵᠡᠷᠭᠡ᠎ᠶᠢᠨ ᠲᠤᠰᠭᠠᠶ ᠮᠡᠷᠭᠡᠵᠢᠯᠲᠡᠨ ᠡᠷᠳᠡᠮᠲᠡᠳ ᠭᠤᠤᠯ ᠰᠡᠳᠦᠪ᠎ᠦᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠵᠠᠢ᠃

ᠳᠤᠮᠳᠠᠳᠤ ᠤᠯᠤᠰ(ᠥᠪᠥᠷ ᠮᠣᠩᠭᠣᠯ)ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠬᠤ ᠪᠣᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠲᠡᠰ ᠲᠡᠪᠰᠢᠬᠦᠯᠬᠦ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌ ᠴᠢᠬᠤᠯᠠ ᠪᠠᠢᠷᠢᠯᠠᠭᠤᠯᠤᠯᠲᠠ ᠪᠣᠯᠤᠨ᠎ᠠ᠂ ᠮᠥᠨ ᠴᠦ᠍ ᠱᠢᠨ᠎ᠡ ᠴᠠᠭ ᠦᠶ᠎ᠡ᠎ᠳᠦ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠨᠢ ᠥᠪᠥᠷ ᠮᠣᠩᠭᠣᠯ᠎ᠤᠨ ᠰᠠᠨᠠᠭᠠᠴᠢᠯᠠᠭ᠎ᠠ᠎ᠠᠴᠠ᠎ᠪᠠᠨ ᠤᠯᠤᠰ᠎ᠠᠴᠠ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠪᠠ ᠠᠭᠤᠰᠤᠯᠴᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠬᠤ᠎ᠳᠤ ᠴᠢᠬᠤᠯᠠ ᠶᠡᠬᠡ ᠠᠵᠠ ᠲᠣᠬᠢᠶᠠᠯ ᠠᠪᠴᠢᠷᠠᠵᠤ᠂ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠦᠨᠡᠨ ᠬᠦ᠌ ᠬᠥᠭ᠌ᠵᠢᠯᠲᠡ᠎ᠶ᠋ᠢᠨ ᠳᠠᠪᠠᠭᠤᠯᠢᠭ ᠪᠠ ᠠᠵᠤ ᠦᠢᠯᠡᠰ᠎ᠦᠨ ᠠᠱᠢᠭ ᠣᠯᠵᠠᠪᠤᠷᠢ ᠪᠣᠯᠭᠠᠨ ᠬᠤᠪᠢᠷᠠᠭᠤᠯᠵᠤ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠤᠨ ᠬᠢᠯᠢ ᠬᠢᠵᠠᠭᠠᠷ᠎ᠢ ᠪᠡᠬᠢᠵᠢᠭᠦᠯᠬᠦ᠌᠂ ᠪᠥᠬᠥ᠌ ᠤᠯᠤᠰ᠎ᠲᠤ ᠦᠶ᠋ᠯᠡᠴᠢᠯᠡᠬᠦ᠌᠎ᠳᠦ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠬᠠᠩᠭᠠᠨ᠎ᠠ᠃

ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠳ᠂ ᠡᠨᠡ ᠬᠦ᠌ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠬᠡᠷᠬᠢᠨ ᠠᠮᠵᠢᠵᠤ᠂ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠲᠥᠰᠦᠯ》 ᠤ᠋ᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠢ ᠦᠨᠡᠨ ᠬᠦ᠌ ᠰᠠᠢᠲᠤᠷ ᠠᠱᠢᠭ᠍ᠯᠠᠵᠤ᠂ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ ᠎ᠶ᠋ᠢ ᠡᠭᠦᠳᠬᠦ᠌ ᠪᠡᠷ ᠳᠠᠮᠵᠢᠭᠤᠯᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠂ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠴᠢᠬᠤᠯᠠ ᠬᠦᠴᠦᠨ ᠵᠦᠢᠯ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠨᠢ ᠣᠳᠣᠬᠠᠨ᠎ᠳᠤ ᠲᠤᠯᠭᠠᠷᠠᠵᠤ ᠪᠠᠢᠭ᠎ᠠ ᠴᠢᠬᠤᠯᠠ ᠶᠡᠬᠡ ᠶᠠᠪᠤᠳᠠᠯ ᠪᠣᠯᠤᠨ᠎ᠠ ᠬᠡᠵᠦ ᠦᠵᠡᠵᠡᠢ᠃

ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠳ᠎ᠡᠴᠡ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠎ᠢ ᠴᠢᠨᠠᠷ ᠰᠠᠢᠲᠠᠶ ᠪᠥᠲᠥᠭᠡᠨ ᠪᠠᠢᠭᠤᠯᠬᠤ᠎ᠳᠤ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠂ ᠤᠨᠴᠠᠯᠢᠬ᠍ᠳᠤ ᠠᠵᠤ ᠦᠶ᠋ᠯᠡᠰ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠬᠦᠴᠦᠷᠬᠡᠭ᠌ᠵᠢᠭᠦᠯᠬᠦ᠌᠂ ᠣᠷᠣᠨ ᠪᠦᠰᠡ ᠠᠯᠤᠰᠯᠠᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠱᠢᠨ᠎ᠡ ᠲᠣᠭ᠍ᠲᠠᠴᠠ᠎ᠶ᠋ᠢ ᠪᠠᠢᠭᠤᠯᠬᠤ᠂ ᠴᠢᠬᠤᠯᠠ ᠬᠦᠴᠦᠨ ᠵᠦᠢᠯ᠎ᠤᠨ ᠲᠠᠪᠴᠠᠩ᠎ᠢ ᠪᠠᠢᠭᠤᠯᠬᠤ ᠪᠠ ᠲᠣᠭᠠᠴᠢᠯᠠᠭ᠍ᠰᠠᠨ ᠪᠠᠷᠠᠭᠠᠨ᠎ᠤ ᠭᠦᠶ᠋ᠯᠭᠡᠭᠡ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠤᠬᠴᠠᠯᠠᠬᠤ᠂ ᠬᠥᠬᠡᠬᠣᠲᠠ᠎ᠶ᠋ᠢᠨ ᠭᠤᠤᠯ ᠣᠷᠣᠨ ᠪᠦᠰᠡ᠎ᠶ᠋ᠢᠨ ᠴᠢᠳᠠᠮᠵᠢ᠎ᠶ᠋ᠢ ᠭᠦᠶ᠋ᠴᠡᠳ ᠪᠠᠳᠠᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠬᠦᠴᠦᠨ ᠨᠡᠮᠡᠷᠢᠯᠡᠪᠡᠯ ᠵᠤᠬᠢᠨ᠎ᠠ ᠭᠡᠵᠦ᠍ ᠰᠠᠨᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号