《ᠠᠷᠢᠭᠤᠨ ᠴᠢᠬᠡᠴᠢ·ᠬᠤᠳᠠᠯᠳᠤᠭ᠎ᠠ ᠡᠷᠭᠢᠯᠡᠬᠦ᠌ ᠰᠦᠯᠵᠢᠶᠡᠨ᠎ᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌》 ᠲᠤᠰᠬᠠᠶ ᠠᠵᠢᠯᠯᠠᠭ᠎ᠠ ᠥᠷᠨᠢᠭᠦᠯᠬᠦ᠌ ᠲᠤᠬᠠᠶ ᠠᠯᠪᠠᠨ ᠵᠠᠷᠯᠠᠯ
2026-04-29 11:40:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ ᠵᠢᠨ ᠫᠢᠩ᠎ᠦᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠪᠥᠬᠥ᠌ ᠣᠷᠣᠨ᠎ᠤ ᠬᠤᠳᠠᠯᠳᠤᠭ᠎ᠠ ᠡᠷᠭᠢᠯᠡᠬᠦ᠌ ᠰᠦᠯᠵᠢᠶᠡᠨ᠎ᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠎ᠶᠢ ᠠᠬᠢᠭᠤᠯᠬᠤ᠎ᠶᠢᠨ ᠲᠥᠯᠥᠭᠡ᠂ ᠲᠣᠰ ᠡᠳᠦᠷ᠎ᠡᠴᠡ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ ᠡᠴᠡ ᠬᠠᠭᠠᠰ ᠵᠢᠯ᠎ᠤᠨ ᠬᠤᠭᠤᠴᠠᠭ᠎ᠠ᠎ᠲᠠᠶ 《ᠬᠤᠳᠠᠯᠳᠤᠭ᠎ᠠ ᠡᠷᠭᠢᠯᠡᠬᠦ᠌ ᠰᠦᠯᠵᠢᠶᠡᠨ᠎ᠦ ᠣᠷᠴᠢᠨ ᠨᠥᠬᠥᠴᠡᠯ᠎ᠢ ᠰᠠᠶ᠋ᠢᠵᠢᠷᠠᠭᠤᠯᠬᠤ》 ᠲᠤᠰᠬᠠᠶ ᠠᠵᠢᠯᠯᠠᠭ᠎ᠠ ᠥᠷᠨᠢᠭᠦᠯᠵᠦ᠍᠂ ᠲᠤᠯᠤᠭᠠᠨ ᠲᠥᠷᠥᠯ᠎ᠦᠨ ᠲᠣᠪᠣᠶ᠋ᠢᠮ᠎ᠠ ᠠᠰᠠᠭᠤᠳᠠᠯ᠎ᠢ ᠭᠤᠤᠯᠳᠠᠯᠭ᠎ᠠ᠎ᠲᠠᠶ ᠴᠡᠭᠴᠡᠯᠡᠨ ᠵᠠᠰᠠᠨ᠎ᠠ᠄

ᠨᠢᠭᠡ᠎ᠳᠦ᠂ ᠪᠣᠳᠠᠲᠤ᠌ ᠬᠡᠷᠡᠭ᠎ᠦᠨ ᠦᠨᠳᠦᠰᠦ ᠪᠠᠷᠢᠮᠲᠠ ᠦᠭᠡᠶ᠂ ᠠᠵᠤ ᠠᠬᠤᠶ᠋ᠢᠯᠠᠯ᠂ ᠠᠵᠤ ᠠᠬᠤᠶ᠋ᠢᠯᠠᠯᠲᠠᠨ᠎ᠤ ᠳᠦᠷᠢ ᠲᠥᠷᠬᠦ᠌ ᠪᠣᠯᠤᠨ ᠨᠡᠷ᠎ᠡ ᠬᠦᠨᠳᠦ᠎ᠶᠢ  ᠭᠦᠳᠬᠡᠬᠦ ᠵᠢ ᠴᠡᠭᠴᠡᠯᠡᠨ ᠵᠠᠰᠠᠨ᠎ᠠ;

ᠬᠣᠶᠠᠷ᠎ᠲᠤ᠌᠂ ᠮᠠᠭᠤ ᠰᠠᠨᠠᠭ᠎ᠠ᠎ᠪᠠᠷ ᠠᠵᠤ ᠠᠬᠤᠶ᠋ᠢᠯᠠᠯ᠂ ᠠᠵᠢᠯ ᠲᠥᠷᠥᠯ᠎ᠦᠨ ᠨᠠᠵᠠᠭᠠᠶ ᠲᠠᠯ᠎ᠠ᠎ᠶᠢᠨ ᠮᠡᠳᠡᠭᠡ ᠵᠠᠩᠭᠢ᠎ᠶᠢ ᠴᠤᠭᠯᠠᠭᠤᠯᠬᠤ᠂ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠠᠶᠤᠯ ᠲᠦᠭᠰᠢᠭᠦᠷᠢ᠎ᠶᠢ ᠶᠡᠬᠡᠰᠬᠡᠬᠦ᠌᠂ ᠠᠵᠢᠯ ᠲᠥᠷᠥᠯ᠎ᠦᠨ ᠬᠥᠭᠵᠢᠯᠲᠡ᠎ᠶᠢᠨ ᠢᠷᠡᠭᠡᠳᠦᠶ᠎ᠶᠢ ᠮᠠᠭᠤ ᠪᠡᠷ ᠳᠦᠰᠦᠬᠡᠯᠡᠬᠦ᠎ᠶᠢ ᠴᠡᠭᠴᠡᠯᠡᠨ ᠵᠠᠰᠠᠨ᠎ᠠ;

ᠭᠤᠷᠪᠠ᠎ᠳᠤ᠂ 《ᠬᠤᠪᠢ᠎ᠶᠢᠨ ᠵᠠᠭᠤᠴᠢᠯᠠᠭᠤᠷ》 ᠡᠴᠠ ᠠᠵᠤ ᠠᠬᠤᠶ᠋ᠢᠯᠠᠯ᠎ᠳᠤ 《ᠰᠤᠷᠪᠤᠯᠵᠢᠯᠠᠬᠤ ᠵᠠᠬᠢᠳᠠᠯ》᠂ 《ᠪᠠᠶ᠋ᠢᠳᠠᠯ᠎ᠢ ᠬᠢᠨᠠᠨ ᠬᠠᠷᠭᠤᠭᠤᠯᠬᠤ ᠵᠠᠬᠢᠳᠠᠯ》 ᠵᠡᠷᠭᠡ ᠵᠠᠬᠢᠳᠠᠯ ᠴᠢᠮᠡᠭᠡ ᠶᠠᠪᠤᠭᠤᠯᠵᠤ᠂ ᠶᠠᠷᠢᠶ᠎ᠠ ᠬᠡᠯᠡᠯᠴᠡᠭᠡᠨ᠎ᠦ ᠬᠢᠨᠠᠯᠲᠠ ᠲᠠᠯᠪᠢᠬᠤ ᠨᠡᠷ᠎ᠡ᠎ᠪᠡᠷ ᠬᠠᠤᠯᠢ ᠪᠤᠰᠤ ᠠᠰᠢᠭ ᠲᠤᠰᠠ ᠬᠥᠭᠡᠭᠡᠴᠡᠯᠳᠦᠭᠰᠡᠨ ᠪᠣᠳᠠᠲᠤ᠌ ᠬᠡᠷᠡᠭ᠎ᠢ ᠵᠠᠰᠠᠨ᠎ᠠ;

ᠳᠥᠷᠪᠡ᠎ᠳᠦ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠦ᠍ ᠭᠠᠷᠴᠤ᠌ ᠪᠠᠯᠠ ᠳᠣᠭᠢᠷᠠᠭᠤᠯᠬᠤ ᠵᠡᠷᠭᠡ ᠴᠢᠬᠤᠯᠠ᠎ᠵᠠᠩᠭᠢᠯᠠᠭ᠎ᠠ ᠵᠢᠨ ᠴᠠᠭ ᠎ᠲᠦ᠂ ᠠᠵᠤ ᠠᠬᠤᠶ᠋ᠢᠯᠠᠯ᠎ᠳᠤ ᠬᠣᠯᠪᠣᠭᠳᠠᠬᠤ ᠨᠠᠵᠠᠭᠠᠶ ᠲᠠᠯ᠎ᠠ᠎ᠶᠢᠨ ᠮᠡᠳᠡᠭᠡ ᠵᠠᠩᠭᠢ᠎ᠶᠢ ᠨᠡᠶ᠋ᠢᠲᠡᠯᠡᠵᠦ᠍᠂ ᠠᠵᠤ ᠠᠬᠤᠶ᠋ᠢᠯᠠᠯ᠎ᠢ ᠠᠯᠪᠠᠳᠠᠵᠤ ᠪᠠᠶ᠋ᠢᠭᠠᠳ ᠬᠤᠳᠠᠯᠳᠤᠭᠠᠨ᠎ᠤ ᠶᠠᠪᠤᠳᠠᠯ᠎ᠤᠨ ᠬᠠᠮᠲᠤᠷᠠᠯᠴᠠᠭ᠎ᠠ ᠥᠷᠨᠢᠭᠦᠯᠬᠦ ᠵᠢ ᠲᠥᠪᠯᠡᠷᠡᠭᠦᠯᠦᠨ ᠴᠡᠭᠴᠡᠯᠡᠨ ᠵᠠᠰᠠᠨ᠎ᠠ;

ᠲᠠᠪᠤ᠎ᠳᠤ᠂ 《ᠨᠡᠶ᠋ᠢᠲᠡ᠎ᠶᠢᠨ ᠬᠠᠷᠢᠴᠠᠭᠠᠨ᠎ᠤ ᠺᠣᠮᠫᠠᠨᠢ》 ᠵᠢᠨ ᠵᠢᠭᠰᠠᠭᠠᠯ᠎ᠤᠨ ᠲᠠᠩᠰᠠᠨ ᠳ᠋ᠤᠭᠠᠷ᠎ᠢ ᠡᠵᠡᠮᠳᠡᠵᠦ᠍ ᠠᠵᠤ ᠠᠬᠤᠶ᠋ᠢᠯᠠᠯ᠎ᠳᠤ ᠬᠣᠯᠪᠣᠭᠳᠠᠬᠤ ᠨᠠᠵᠠᠭᠠᠶ ᠲᠠᠯ᠎ᠠ᠎ᠶᠢᠨ ᠰᠡᠳᠦᠪ᠂ ᠮᠡᠳᠡᠭᠡ ᠵᠠᠩᠭᠢ᠎ᠶᠢ ᠬᠥᠭᠡᠷᠭᠡᠳᠡᠬᠦ᠌᠎ᠶᠢ ᠴᠡᠭᠴᠡᠯᠡᠨ ᠵᠠᠰᠠᠨ᠎ᠠ;

ᠵᠢᠷᠭᠤᠭ᠎ᠠ᠎ᠳᠤ᠂ ᠬᠤᠳᠠᠯᠳᠤᠭ᠎ᠠ᠎ᠪᠠᠷ ᠬᠡᠮᠵᠢᠯᠲᠡ᠎ᠶᠢ ᠲᠡᠳᠬᠦᠬᠦ᠌᠂ ᠬᠡᠮᠵᠢᠯᠲᠡ᠎ᠪᠡᠷ ᠬᠤᠳᠠᠯᠳᠤᠭ᠎ᠠ᠎ᠶᠢ ᠲᠡᠵᠢᠭᠡᠬᠦ᠌ ᠵᠡᠷᠭᠡ ᠬᠤᠳᠠᠯ ᠬᠠᠭᠤᠷᠮᠠᠭ 《ᠭᠤᠷᠪᠠᠳᠠᠬᠢ ᠡᠲᠡᠭᠡᠳ᠎ᠦᠨ ᠬᠡᠮᠵᠢᠯᠲᠡ ᠦᠨᠡᠯᠡᠯᠲᠡ》 ᠵᠢᠨ ᠦᠢᠯᠡ ᠠᠵᠢᠯᠯᠠᠭ᠎ᠠ᠎ᠶᠢ ᠴᠡᠭᠴᠡᠯᠡᠨ ᠵᠠᠰᠠᠨ᠎ᠠ;

ᠳᠣᠯᠣᠭ᠎ᠠ᠎ᠳᠤ᠂ ᠬᠤᠳᠠᠯ ᠬᠠᠭᠤᠷᠮᠠᠭ ᠠᠵᠤ ᠠᠬᠤᠶ᠋ᠢᠯᠠᠯᠲᠠᠨ᠂ ᠪᠤᠰᠤᠳ᠎ᠤᠨ ᠠᠵᠤ ᠠᠬᠤᠶ᠋ᠢᠯᠠᠯ᠎ᠤᠨ ᠨᠡᠷ᠎ᠡ᠎ᠪᠡᠷ ᠲᠠᠩᠰᠠᠨ ᠳ᠋ᠤᠭᠠᠷ ᠳᠠᠩᠰᠠᠯᠠᠭᠤᠯᠬᠤ᠂ ᠮᠡᠳᠡᠭᠡ ᠵᠠᠩᠭᠢ ᠨᠡᠶ᠋ᠢᠲᠡᠯᠡᠬᠦ᠌ ᠵᠡᠷᠭᠡ ᠵᠢ ᠴᠡᠭᠴᠡᠯᠡᠨ ᠵᠠᠰᠠᠨ᠎ᠠ᠃

ᠠᠵᠤ ᠠᠬᠤᠶ᠋ᠢᠯᠠᠯ ᠪᠤᠯᠤᠨ ᠥᠷᠭᠡᠨ ᠣᠯᠠᠨ ᠰᠦᠯᠵᠢᠶᠡᠨ ᠢᠷᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠲ᠋ᠧᠷ ᠰᠦᠯᠵᠢᠶ᠎ᠡ᠎ᠶᠢᠨ ᠬᠠᠤᠯᠢ᠎ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠲᠠᠪᠴᠠᠩ᠎ᠳᠤ ᠭᠠᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠭᠠᠵᠠᠷ᠎ᠤᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠢᠨᠲ᠋ᠧᠷ ᠰᠦᠯᠵᠢᠶ᠎ᠡ᠎ᠶᠢᠨ ᠡᠷᠬᠡ᠎ᠳᠦ ᠬᠠᠯᠳᠠᠭᠰᠠᠨ ᠬᠠᠮᠢᠶ᠎ᠠ ᠪᠥᠬᠥᠶ ᠮᠡᠳᠡᠭᠡ ᠵᠠᠩᠭᠢ᠎ᠶᠢᠨ ᠰᠦᠪᠡᠭᠴᠢ᠎ᠶᠢ ᠢᠯᠡᠴᠢᠯᠡᠨ ᠮᠡᠳᠡᠭᠦᠯᠵᠦ᠍᠂ ᠠᠷᠢᠭᠤᠨ ᠴᠢᠬᠡᠴᠢ ᠢᠨᠲ᠋ᠧᠷ ᠰᠦᠯᠵᠢᠶ᠎ᠡ᠎ᠶᠢᠨ ᠣᠷᠣᠨ ᠵᠠᠶ᠎ᠶᠢ ᠬᠠᠮᠲᠤᠪᠠᠷ ᠪᠣᠶ ᠪᠤᠯᠭᠠᠬᠤ ᠵᠢ ᠬᠦᠰᠡᠵᠦ ᠪᠠᠢᠨ᠎ᠠ᠃


◆ ᠢᠯᠡᠴᠢᠯᠡᠨ ᠮᠡᠳᠡᠭᠦᠯᠬᠦ᠌ ᠠᠷᠭ᠎ᠠ ᠮᠠᠶᠢᠭ

1. ᠵᠢᠷᠭᠢᠶ᠎ᠠ ᠵᠢᠨ ᠣᠯᠠᠨ ᠨᠡᠶ᠋ᠢᠲᠡ᠎ᠶᠢᠨ ᠳ᠋ᠤᠭᠠᠷ 《ᠥᠪᠥᠷ ᠮᠣᠩᠭᠣᠯ᠎ᠤᠨ ᠢᠨᠲ᠋ᠧᠷ ᠰᠦᠯᠵᠢᠶ᠎ᠡ ᠵᠢᠨ ᠢᠯᠡᠴᠢᠯᠡᠨ ᠮᠡᠳᠡᠭᠦᠯᠦᠯᠳᠠ》 ᠵᠢ ᠠᠩᠬᠠᠷᠴᠤ᠌᠂ ᠰᠤᠡᠭᠭᠤᠯᠳᠠ ᠵᠢᠨ ᠪᠤᠯᠤᠩ → ᠢᠯᠡᠴᠢᠯᠡᠨ ᠮᠡᠳᠡᠭᠦᠯᠬᠦ᠌ ᠴᠤᠡᠭᠬᠤ → ᠲᠤᠰᠬᠠᠶ ᠵᠦᠢᠯ᠎ᠤᠨ ᠢᠯᠡᠴᠢᠯᠡᠨ ᠮᠡᠳᠡᠭᠦᠯᠦᠯᠳᠠ → ᠠᠵᠤ ᠠᠬᠤᠶ᠋ᠢᠯᠠᠯ᠎ᠤᠨ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠳᠠ ᠵᠢ ᠳᠤᠪᠴᠢᠳᠠᠨ ᠤᠷᠤᠨ᠎ᠠ᠃


QQ截图20260429113241.png


2. nmgjbzx@126.com ᠢᠮᠸᠯ᠎ᠳᠦ ᠢᠮᠸᠯ ᠶᠠᠪᠤᠭᠤᠯᠤᠨ ᠢᠯᠡᠴᠢᠯᠡᠨ ᠮᠡᠳᠡᠭᠦᠯᠵᠦ ᠪᠤᠯᠤᠨ᠎ᠠ;

3. ᠢᠯᠡᠴᠢᠯᠡᠨ ᠮᠡᠳᠡᠭᠦᠯᠬᠦ᠌ ᠤᠲᠠᠰᠤ ᠄ 0471 – 4861340᠃


◆ ᠢᠯᠡᠴᠢᠯᠡᠨ ᠮᠡᠳᠡᠭᠦᠯᠬᠦ᠌᠎ᠳᠦ ᠴᠢᠬᠤᠯᠠᠳᠠᠢ ᠵᠦᠢᠯᠡᠰ

ᠬᠠᠤᠯᠢ ᠲᠣᠭᠲᠠᠭᠠᠯ᠎ᠠᠴᠠ ᠵᠥᠷᠢᠴᠡᠭᠰᠡᠨ ᠮᠡᠳᠡᠭᠡ ᠵᠠᠩᠭᠢ᠎ᠶᠢ ᠢᠯᠡᠴᠢᠯᠡᠨ ᠮᠡᠳᠡᠭᠦᠯᠬᠦ᠌ ᠦᠶ᠎ᠡ᠎ᠳᠦ᠂ ᠢᠯᠡᠴᠢᠯᠡᠨ ᠮᠡᠳᠡᠭᠦᠯᠬᠦ᠌ ᠭᠤᠤᠯ ᠴᠣᠭᠴᠠ ᠨᠢ ᠳᠤᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭᠲᠡᠶ᠄

1. ᠰᠦᠯᠵᠢᠶ᠎ᠡ᠎ᠪᠡᠷ ᠢᠯᠡᠴᠢᠯᠡᠨ ᠮᠡᠳᠡᠭᠦᠯᠦᠭᠰᠡᠨ ᠵᠦᠢᠯᠡᠰ᠎ᠲᠡᠶ ᠵᠣᠬᠢᠴᠠᠯᠳᠤᠭᠰᠠᠨ ᠰᠦᠯᠵᠢᠶᠡᠨ᠎ᠦ ᠬᠠᠶᠢᠭ ᠪᠤᠶᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ᠎ᠶᠢᠨ ᠲᠣᠳᠣᠷᠬᠠᠶ᠋ᠢᠯᠠᠯᠲᠠ;

2. ᠥᠯᠢᠭᠡᠷ ᠵᠢᠷᠤᠭ ᠵᠢᠴᠢ ᠬᠠᠮᠢᠶ᠎ᠠ ᠪᠥᠬᠥᠶ ᠭᠡᠷᠡᠴᠢ ᠪᠠᠷᠢᠮᠲᠠ᠎ᠶᠢᠨ ᠮᠠᠲ᠋ᠧᠷᠢᠶᠠᠯ ᠵᠡᠷᠭᠡ ᠢᠯᠡᠴᠢᠯᠡᠨ ᠮᠡᠳᠡᠭᠦᠯᠬᠦ᠌ ᠴᠢᠬᠤᠯᠠ  ᠵᠦᠢᠯᠡᠰ᠃


QQ截图20260429113311.png 


ᠵᠢᠷᠭᠢᠶ᠎ᠠ ᠵᠢᠨ ᠣᠯᠠᠨ ᠨᠡᠶ᠋ᠢᠲᠡ᠎ᠶᠢᠨ ᠳ᠋ᠤᠭᠠᠷ᠎ᠤᠨ ᠬᠣᠶᠠᠷ ᠬᠡᠮᠵᠢᠯᠲᠦ ᠺᠣᠲ


ᠢᠷᠡᠯᠲᠡ᠄ ᠥᠪᠥᠷ ᠮᠣᠩᠭᠣᠯ᠎ᠤᠨ ᠢᠨᠲᠸᠷ ᠰᠦᠯᠵᠢᠶᠡᠨ᠎ᠦ ᠢᠯᠡᠴᠢᠯᠡᠨ ᠮᠡᠳᠡᠭᠦᠯᠦᠯᠲᠡ

ᠣᠷᠴᠢᠭᠤᠯᠤᠭ᠍ᠴᠢ᠄ᠭᠦᠨᠪᠢᠯᠢᠭ
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号