ᠤᠷᠳᠤᠰ ᠬᠣᠲᠠ ᠵᠢᠨ ᠪᠠᠢᠭᠠᠯᠢ ᠶ᠋ᠢᠨ ᠰᠢᠲᠠᠮᠠᠬᠠᠢ ᠬᠡᠢ ᠵᠢᠨ ᠠᠮᠤᠷ ᠲᠦᠪᠰᠢᠨ ᠢ᠋ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠠᠵᠢᠯ ᠢᠯᠡᠷᠬᠡᠢ ᠦᠷ᠎ᠡ ᠪᠦᠲᠦᠮᠵᠢ ᠤᠯᠵᠠᠢ
2026-04-29 10:41:16
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠷᠳᠤᠰ ᠬᠣᠲᠠ ᠣᠢᠷ᠎ᠠ ᠵᠢᠨ ᠵᠢᠯ ᠡᠴᠡ ᠪᠠᠢᠭᠠᠯᠢ ᠶ᠋ᠢᠨ ᠰᠢᠲᠠᠮᠠᠬᠠᠢ ᠬᠡᠢ ᠵᠢᠨ ᠠᠮᠤᠷ ᠲᠦᠪᠰᠢᠨ ᠢ᠋ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ᠋ ᠳᠡᠰ ᠳᠡᠪᠰᠢᠭᠦᠯᠦᠨ᠂ ᠳᠠᠪᠴᠠᠩ ᠤ᠋ᠨ ᠬᠢᠨᠠᠨ ᠬᠡᠮᠵᠢᠯᠲᠡ ᠨᠢ ᠲᠠᠩ ᠴᠤᠯᠭᠤᠢ᠂ ᠲᠣᠭ᠎ᠠ ᠪᠠᠷᠢᠮᠲᠠ ᠨᠢ ᠳᠤᠳᠤᠷᠬᠠᠢ ᠪᠤᠰᠤ᠂ ᠢᠯᠡᠷᠡᠬᠦ ᠨᠢ ᠤᠳᠠᠭᠠᠨ ᠵᠡᠷᠭᠡ ᠠᠰᠠᠭᠤᠳᠠᠯ ᠢ᠋ ᠰᠢᠢᠳᠪᠦᠷᠢᠯᠡᠵᠦ᠂ ᠪᠠᠢᠭᠠᠯᠢ ᠶ᠋ᠢᠨ ᠰᠢᠳᠠᠮᠠᠬᠠᠢ ᠬᠡᠢ ᠵᠢ ᠠᠮᠤᠷ ᠲᠦᠪᠰᠢᠨ ᠬᠡᠷᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭᠠᠳᠬᠠᠵᠠᠢ᠃

ᠤᠢᠯᠠᠭᠠᠭᠰᠠᠨ ᠶ᠋ᠢᠡᠷ᠂ ᠳᠤᠰ ᠲᠠᠪᠴᠠᠩ 《ᠮᠡᠳᠡᠷᠡᠬᠦ᠂ ᠳᠠᠮᠵᠢᠭᠤᠯᠬᠤ᠂ ᠰᠡᠷᠡᠮᠵᠢᠯᠡᠬᠦᠯᠬᠦ᠂ ᠬᠡᠷᠡᠭᠯᠡᠭᠦ》 ᠣᠶᠤᠨᠴᠢ ᠬᠢᠨᠠᠨ ᠬᠡᠮᠵᠢᠬᠦ ᠰᠢᠰᠲᠧᠮ ᠢ᠋ ᠬᠡᠷᠡᠭᠯᠡᠵᠦ᠂ ᠪᠤᠳᠠᠰ ᠤ᠋ᠨ ᠰᠦᠯᠵᠢᠶ᠎ᠡ᠂ ᠲᠣᠮᠣ᠌ ᠳ᠋ᠠᠢᠲ᠋ᠠ᠂ GIS ᠮᠡᠷᠭᠡᠵᠢᠯ ᠵᠡᠷᠭᠡ ᠵᠢ ᠠᠰᠢᠭᠯᠠᠨ᠂ ᠠᠶᠤᠯ ᠲᠦᠭᠰᠢᠭᠦᠷᠢ ᠶᠡᠬᠡᠲᠡᠢ ᠣᠷᠣᠨ ᠪᠦᠰᠡ ᠳ᠋ᠤ ᠬᠢᠨᠠᠨ ᠬᠡᠮᠵᠢᠬᠦ ᠳᠤᠨᠤᠭ ᠲᠥᠬᠦᠭᠡᠷᠦᠮᠵᠢ ᠲᠣᠬᠢᠷᠠᠭᠤᠯᠵᠤ᠂ ᠠᠶᠤᠯ ᠳᠠᠢ ᠪᠠᠢᠳᠠᠯ ᠢ᠋ ᠴᠠᠭ ᠲᠤᠬᠠᠢ ᠳ᠋ᠤᠨᠢ ᠳᠠᠮᠵᠢᠭᠤᠯᠤᠨ᠂ ᠪᠠᠢᠭᠠᠯᠢ ᠶ᠋ᠢᠨ ᠰᠢᠲᠠᠮᠠᠬᠠᠢ ᠬᠡᠢ ᠵᠢᠨ ᠬᠣᠭᠣᠯᠠᠢ ᠵᠢᠨ ᠲᠣᠣᠷ ᠤ᠋ᠨ ᠪᠥᠬᠥ ᠬᠡᠯᠬᠢᠶ᠎ᠡ ᠵᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠵᠢ ᠪᠡᠶᠡᠯᠡᠭᠦᠯᠵᠡᠢ᠃ ᠡᠬᠦᠨ ᠡᠴᠡ ᠭᠠᠳᠠᠨ᠎ᠠ᠂ ᠳᠤᠰ ᠲᠠᠪᠴᠠᠩ ᠪᠠᠰᠠ ᠯᠡᠪᠡᠷᠡᠬᠦ ᠵᠢ ᠢᠯᠭᠠᠨ ᠲᠠᠨᠢᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠵᠡᠷᠭᠡ 6 ᠳᠤᠮᠤ ᠲᠤᠰᠬᠠᠢ ᠮᠡᠷᠭᠡᠵᠢᠯ ᠤ᠋ᠨ ᠵᠠᠭᠪᠤᠷ ᠢ᠋ ᠠᠰᠢᠭᠯᠠᠨ᠂ ᠠᠶᠤᠯ ᠲᠦᠭᠰᠢᠭᠦᠷᠢ ᠵᠢ ᠤᠷᠢᠳᠴᠢᠯᠠᠨ ᠢᠯᠭᠠᠨ ᠲᠠᠨᠢᠬᠤ᠂ ᠨᠠᠷᠢᠯᠢᠭ᠋ ᠦᠨᠡᠯᠡᠨ ᠵᠢᠱ᠌ᠢᠬᠦ᠂ ᠣᠶᠤᠨᠴᠢ ᠪᠡᠷ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠪᠦᠷᠢᠯᠳᠦᠭᠦᠯᠦᠭᠰᠠᠨ ᠪᠠᠢᠨ᠎ᠠ᠃

ᠣᠳᠣ ᠪᠤᠯᠳᠠᠯ᠎ᠠ ᠲᠤᠰ ᠲᠠᠪᠴᠠᠩ ᠨᠢᠭᠡᠨᠲᠡ 3300 ᠭᠠᠷᠤᠢ ᠰᠡᠷᠡᠵᠦ ᠮᠡᠳᠡᠬᠦ ᠳᠤᠨᠤᠭ ᠲᠥᠬᠦᠭᠡᠷᠦᠮᠵᠢ ᠵᠢ ᠤᠭᠰᠠᠷᠠᠨ᠂ ᠭᠤᠤᠯᠳᠠᠭᠤ ᠬᠡᠢ ᠨᠡᠮᠡᠬᠦ ᠥᠷᠲᠡᠭᠡ᠂ ᠰᠢᠩᠭᠡᠵᠢᠭᠦᠯᠦᠭᠰᠡᠨ ᠴᠢᠯᠠᠭᠤᠨ ᠲᠣᠰᠣᠨ ᠤ᠋ ᠬᠡᠢ ᠵᠢᠨ ᠲᠠᠯᠠᠪᠤᠷ ᠥᠷᠲᠡᠭᠡ ᠵᠢᠴᠢ ᠬᠣᠭᠣᠯᠠᠢ ᠪᠡᠷ ᠳᠠᠮᠵᠢᠭᠤᠯᠬᠤ ᠪᠠᠢᠭᠠᠯᠢ ᠶ᠋ᠢᠨ ᠰᠢᠲᠠᠮᠠᠬᠠᠢ ᠬᠡᠢ ᠵᠢᠨ ᠠᠵᠤ ᠠᠬᠤᠢᠯᠠᠯ ᠢ᠋ ᠬᠠᠮᠤᠷᠴᠤ᠂ 85 ᠪᠠᠢᠭᠠᠯᠢ ᠶ᠋ᠢᠨ ᠰᠢᠲᠠᠮᠠᠬᠠᠢ ᠬᠡᠢ ᠵᠢᠨ ᠯᠡᠪᠡᠷᠡᠬᠦ ᠠᠶᠤᠯ ᠢ᠋ ᠠᠮᠵᠢᠯᠲᠠ ᠲᠠᠢ ᠤᠷᠢᠳᠴᠢᠯᠠᠨ ᠰᠡᠷᠡᠮᠵᠢᠯᠡᠭᠦᠯᠵᠦ᠂ ᠰᠢᠢᠳᠪᠦᠷᠢᠯᠡᠭᠰᠡᠨ ᠦᠷ᠎ᠡ ᠪᠦᠲᠦᠮᠵᠢ ᠵᠢ 80% ᠪᠡᠷ ᠳᠡᠭᠡᠭᠰᠢᠯᠡᠭᠦᠯᠵᠦ᠂ ᠭᠣᠣᠯᠳᠠᠯᠭ᠎ᠠ ᠲᠠᠢ ᠣᠷᠣᠨ ᠪᠦᠰᠡ ᠬᠢᠭᠡᠳ ᠵᠠᠩᠭᠢᠯᠠᠭ᠎ᠠ ᠵᠢᠨ ᠲᠠᠯᠠᠪᠤᠷ ᠥᠷᠲᠡᠭᠡ ᠶ᠋ᠢᠨ ᠠᠶᠤᠯ ᠳᠦᠭᠰᠢᠬᠦᠷᠢ ᠵᠢ ᠪᠥᠬᠥ ᠲᠠᠯ᠎ᠠ ᠪᠡᠷ ᠰᠡᠷᠡᠵᠦ ᠮᠡᠳᠡᠬᠦ ᠵᠢ ᠪᠡᠶᠡᠯᠡᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号