4 ᠰᠠᠷ᠎ᠠ ᠶ᠋ᠢᠨ 28 ᠤ᠋ ᠡᠳᠦᠷ᠂ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷᠤᠨ ᠬᠢᠨ 《ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ 〈ᠲᠤᠬᠢᠯᠢᠭ ᠤᠷᠤᠨ ᠰᠠᠭᠤᠴᠠ〉 ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠠᠵᠢᠯᠯᠠᠭᠠᠨᠤ ᠲᠦᠰᠦᠯ》 ᠤ᠋ᠨ ᠲᠦᠷᠦ ᠶ᠋ᠢᠨ ᠪᠤᠳᠤᠯᠭ᠎ᠠ ᠶ᠋ᠢᠨ ᠲᠠᠢᠯᠤᠮᠵᠢ ᠶ᠋ᠢᠨ ᠰᠤᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠦᠪᠤᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ᠋ ᠤᠷᠤᠨ ᠰᠠᠭᠤᠴᠠ ᠪᠠ ᠬᠤᠲᠠ ᠬᠦᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠨᠭᠬᠢᠮ ᠪᠤᠯᠤᠨ ᠦᠪᠤᠷ ᠮᠤᠡᠭᠭᠤᠯᠤᠨ ᠦᠪᠡᠷᠲᠡᠭᠡᠨ ᠵᠠᠰᠠᠬᠤ ᠤᠷᠤᠨᠤ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠨᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢ᠋ ᠤᠷᠢᠵᠤ ᠪᠠᠢᠳᠠᠯ ᠢ᠋ ᠲᠠᠨᠢᠯᠴᠠᠭᠤᠯᠤᠨ᠂ ᠰᠤᠷᠪᠤᠯᠵᠢᠯᠠᠬᠴᠢ ᠶ᠋ᠢᠨ ᠠᠰᠠᠭᠤᠯᠲᠠ ᠵᠢ ᠬᠠᠷᠢᠭᠤᠯᠪᠠ᠃
ᠤᠢᠯᠠᠭᠠᠬᠰᠠᠨ ᠢ᠋ᠶ᠋ᠡᠷ᠂ ᠤᠢᠷ᠎ᠠ ᠳ᠋ᠤ ᠦᠪᠤᠷ ᠮᠤᠡᠭᠭᠤᠯᠤᠨ ᠦᠪᠡᠷᠲᠡᠭᠡᠨ ᠵᠠᠰᠠᠬᠤ ᠤᠷᠤᠨ ᠤ᠋ ᠤᠷᠤᠨ ᠰᠠᠭᠤᠴᠠ ᠪᠠ ᠬᠤᠲᠠ ᠬᠦᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠨᠭᠬᠢᠮ ᠤ᠋ᠨ ᠬᠢᠨ ᠦᠪᠤᠷ ᠮᠤᠡᠭᠭᠤᠯᠤᠨ ᠦᠪᠡᠷᠲᠡᠭᠡᠨ ᠵᠠᠰᠠᠬᠤ ᠤᠷᠤᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠶ᠋ᠢᠨ ᠵᠦᠪᠯᠡᠯ᠂ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠨᠭᠬᠢᠮ᠂ ᠡᠨ᠋ᠸᠷᠬᠢ ᠶ᠋ᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶ᠋ᠢᠨ ᠲᠢᠨᠭᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠢᠨᠭᠬᠢᠮ ᠲᠠᠢ ᠬᠠᠮᠲᠤᠷᠠᠨ 《ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ 〈ᠲᠤᠬᠢᠯᠢᠭ ᠤᠷᠤᠨ ᠰᠠᠭᠤᠴᠠ〉ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠠᠵᠢᠯᠯᠠᠭᠠᠨᠤ ᠲᠦᠰᠦᠯ》 (ᠳᠤᠷᠤᠬᠰᠢ 《ᠠᠵᠢᠯᠯᠠᠭᠠᠨᠤ ᠲᠦᠰᠦᠯ》 ᠭᠡᠵᠦ ᠳᠦᠭᠦᠮᠴᠢᠯᠡᠨ᠎ᠡ) ᠢ᠋ ᠳᠠᠷᠤᠮᠠᠯᠯᠠᠨ ᠲᠠᠷᠬᠠᠭᠠᠪᠠ᠃ ᠡᠨᠡ ᠪᠤᠯ ᠮᠠᠨᠤ ᠤᠷᠤᠨᠤ ᠨᠠᠮ ᠤ᠋ᠨ ᠲᠥᠪ ᠬᠣᠷᠢᠶ᠎ᠠ ᠪᠠ ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ ᠠᠮᠤᠷ ᠲᠦᠪᠱᠢᠨ ᠲᠠᠭᠠᠯᠠᠮᠵᠢᠲᠠᠶ ᠪᠣᠬᠢᠷᠲᠤᠯ ᠥᠬᠡᠶ ᠣᠶᠤᠨᠴᠢ 《ᠲᠤᠬᠢᠯᠢᠭ ᠤᠷᠤᠨ ᠰᠠᠭᠤᠴᠠ 》 ᠵᠢᠨ ᠪᠥᠲᠥᠭᠡᠨ ᠪᠠᠢᠭᠤᠯᠤᠯᠳᠠ ᠵᠢ ᠠᠬᠢᠭᠤᠯᠬᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠭᠦᠨᠵᠡᠭᠡᠶ ᠲᠤᠭᠤᠱᠢᠯᠠᠭᠤᠯᠵᠤ᠂ ᠦᠪᠤᠷ ᠮᠤᠡᠭᠭᠤᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ ᠤ᠋ ᠠᠵᠢᠯ ᠤ᠋ᠨ ᠱᠠᠭᠠᠷᠳᠠᠯᠭᠠᠶ᠋ᠢ ᠨᠠᠢᠳᠠᠪᠤᠷᠢᠵᠢᠭᠤᠯᠤᠨ᠂ ᠠᠷᠠᠳ ᠣᠯᠠᠨ ᠤ᠋ 《ᠤᠷᠤᠨ ᠰᠠᠭᠤᠴᠠ ᠪᠠᠢᠬᠤ ᠡᠰᠡᠬᠦ᠌ 》 ᠡᠴᠡ 《ᠳᠤᠬᠢᠯᠢᠭ ᠤᠷᠤᠨ ᠰᠠᠭᠤᠴᠠ ᠪᠠᠢᠬᠤ ᠡᠰᠡᠬᠦ᠌ 》 ᠳᠡᠢᠰᠢ ᠬᠤᠪᠢᠷᠠᠭᠰᠠᠨ ᠣᠷᠣᠨ ᠰᠠᠭᠤᠴᠠ ᠶ᠋ᠢᠨ ᠬᠡᠷᠡᠭ᠌ᠴᠡᠭᠡ ᠱᠠᠭᠠᠷᠳᠠᠯᠭ᠎ᠠ ᠶ᠋ᠢᠨ ᠬᠤᠪᠢᠷᠠᠯᠲᠠ ᠳ᠋ᠤ ᠵᠣᠬᠢᠴᠠᠭᠤᠯᠵᠤ ᠭᠠᠷᠭᠠᠭ᠍ᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
《ᠠᠵᠢᠯᠯᠠᠭᠠᠨᠤ ᠲᠦᠰᠦᠯ》 ᠳ᠋ᠤ᠂ 2030 ᠤᠨ ᠪᠤᠯᠬᠤ ᠳ᠋ᠤ ᠪᠦᠬᠦ ᠤᠷᠤᠨ ᠤ᠋ ᠤᠷᠤᠨ ᠰᠠᠭᠤᠴᠠ ᠶ᠋ᠢᠨ ᠶᠠᠰᠤ ᠴᠢᠨᠠᠷ ᠢ᠋ ᠶᠡᠬᠡ ᠪᠡᠷ ᠨᠡᠮᠡᠭᠳᠡᠬᠦᠯᠵᠤ᠂ ᠤᠷᠤᠨ ᠰᠠᠭᠤᠴᠠ ᠶ᠋ᠢᠨ ᠪᠠᠷᠢᠮᠵᠢᠶ᠎ᠠ᠂ ᠲᠦᠰᠦᠪᠯᠡᠯ᠂ ᠮᠠᠲᠸᠷᠢᠶᠠᠯ᠂ ᠪᠠᠷᠢᠯᠭ᠎ᠠ᠂ ᠠᠷᠠᠴᠢᠯᠠᠨ ᠬᠠᠮᠠᠭᠠᠯᠠᠬᠤ ᠲᠦᠪᠰᠢᠨ ᠢ᠋ ᠢᠯᠡᠳᠲᠡ ᠳᠡᠭᠡᠭ᠌ᠰᠢᠯᠡᠭᠦᠯᠦᠨ᠂ ᠪᠠᠲᠤᠯᠠᠭ᠎ᠠ ᠶ᠋ᠢᠨ ᠴᠢᠨᠠᠷᠲᠠᠶ ᠣᠷᠣᠨ ᠰᠠᠭᠤᠴᠠ ᠵᠢ ᠡᠩ ᠲᠡᠷᠢᠭᠦᠨ ᠳ᠋ᠤ 《ᠲᠤᠬᠢᠯᠢᠭ ᠤᠷᠤᠨ ᠰᠠᠭᠤᠴᠠ 》 ᠪᠤᠯᠭᠠᠨ ᠪᠦᠲᠦᠭᠡᠨ ᠪᠠᠢᠭᠤᠯᠵᠤ᠂ ᠲᠠᠸᠠᠷ ᠤ᠋ᠨ ᠣᠷᠣᠨ ᠰᠠᠭᠤᠴᠠ ᠨᠢ ᠪᠠᠴᠢᠮ ᠱᠠᠭᠠᠷᠳᠠᠬᠳᠠᠵᠤ ᠪᠠᠢᠭ᠎ᠠ ᠪᠠ ᠰᠠᠢᠵᠢᠷᠠᠭᠤᠯᠬᠤ ᠴᠢᠨᠠᠷᠲᠠᠢ ᠤᠷᠤᠨ ᠰᠠᠭᠤᠴᠠ ᠶ᠋ᠢᠨ ᠬᠡᠷᠡᠭᠴᠡᠭᠡ ᠵᠢ ᠨᠠᠩ ᠰᠠᠢᠲᠤᠷ ᠬᠠᠩᠭᠠᠬᠤ ᠪᠤᠯᠵᠤ᠂ ᠬᠠᠭᠤᠴᠢᠨ ᠤᠷᠤᠨ ᠰᠠᠭᠤᠴᠠ ᠶ᠋ᠢ 《ᠲᠤᠬᠢᠯᠢᠭ ᠤᠷᠤᠨ ᠰᠠᠭᠤᠴᠠ》 ᠪᠤᠯᠭᠠᠨ ᠥᠭᠡᠷᠡᠴᠢᠯᠡᠨ ᠱᠢᠨᠡᠳᠭᠡᠬᠦ᠌ ᠶ᠋ᠢ ᠢᠯᠡᠳᠲᠡ ᠠᠬᠢᠴᠠ ᠲᠠᠢ ᠪᠣᠯᠭᠠᠨ᠎ᠠ ᠭᠡᠬᠦ ᠶᠡᠷᠦᠩᠬᠡᠢ ᠬᠠᠷᠠᠯᠳᠠ ᠶ᠋ᠢ ᠳᠤᠷᠠᠳᠴᠠᠢ᠃
ᠶᠡᠷᠦᠨᠭᠬᠡᠢ ᠬᠠᠷᠠᠯᠲᠠ ᠶ᠋ᠢᠨ ᠲᠣᠭᠣᠷᠢᠨ ᠳ᠋ᠤ᠂ 《ᠠᠵᠢᠯᠯᠠᠭᠠᠨᠤ ᠲᠦᠰᠦᠯ》 ᠳ᠋ᠤ ᠮᠠᠨ ᠤ᠋ ᠤᠷᠤᠨ ᠲᠤᠯᠤᠭᠠᠨ ᠲᠠᠯ᠎ᠠ ᠶ᠋ᠢᠨ 19 ᠵᠦᠶ᠋ᠯ ᠤ᠋ᠨ ᠠᠷᠭ᠎ᠠ ᠬᠡᠮᠵᠢᠶ᠎ᠡ ᠠᠪᠴᠤ᠂ ᠪᠥᠬᠥ᠌ ᠬᠡᠯᠬᠢᠶ᠎ᠡ ᠪᠡᠷ 《ᠲᠤᠬᠢᠯᠢᠭ ᠤᠷᠤᠨ ᠰᠠᠭᠤᠴᠠ》 ᠶ᠋ᠢᠨ ᠪᠥᠲᠥᠭᠡᠨ ᠪᠠᠢᠭᠤᠯᠤᠯᠲᠠ ᠵᠢ ᠠᠬᠢᠭᠤᠯᠬᠤ ᠪᠤᠯᠤᠨ᠎ᠠ ᠭᠡᠵᠦ ᠳᠤᠳᠤᠷᠬᠠᠢᠯᠠᠪᠠ᠃
ᠨᠢᠭᠡᠳᠤ᠂ 《ᠪᠠᠷᠢᠮᠵᠢᠶ᠎ᠠ ᠲᠣᠭ᠍ᠲᠠᠭᠠᠵᠤ》᠂ ᠪᠠᠷᠢᠮᠵᠢᠶ᠎ᠠ ᠶ᠋ᠢᠨ ᠱᠢᠰᠲ᠋ᠧᠮ ᠢ᠋ ᠲᠡᠭᠦᠯᠳᠡᠷᠵᠢᠭᠦᠯᠦᠨ᠎ᠡ᠃ 2025 ᠣᠨ ᠤ᠋ ᠬᠡᠪᠯᠡᠯ ᠤ᠋ᠨ ᠪᠠᠷᠢᠯᠭ᠎ᠠ ᠶ᠋ᠢᠨ ᠪᠥᠲᠥᠭᠡᠨ ᠪᠠᠢᠭᠤᠯᠤᠯᠲᠠ ᠶ᠋ᠢᠨ ᠠᠯᠪᠠᠳᠠᠯᠭ᠎ᠠ ᠶ᠋ᠢᠨ ᠴᠢᠨᠠᠷᠲᠠᠶ ᠪᠠᠷᠢᠮᠵᠢᠶ᠎ᠠ ᠪᠣᠯᠬᠤ 《ᠣᠷᠣᠨ ᠰᠠᠭᠤᠴᠠ ᠶ᠋ᠢᠨ ᠲᠥᠷᠥᠯ ᠵᠦᠶ᠋ᠯ ᠤ᠋ᠨ ᠵᠢᠷᠤᠮᠵᠢᠯ 》 ᠢ᠋ ᠰᠠᠢᠲᠤᠷ ᠨᠠᠢᠳᠠᠪᠤᠷᠢᠵᠢᠭᠤᠯᠵᠤ᠂ ᠦᠪᠤᠷ ᠮᠤᠡᠭᠭᠤᠯᠤᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠪᠡᠷ ᠪᠠᠢᠭᠤᠯᠬᠤ ᠪᠠ ᠨᠢᠭᠡᠨᠲᠡ ᠪᠠᠢᠭ᠎ᠠ ᠪᠠᠷᠢᠯᠭ᠎ᠠ ᠶ᠋ᠢᠨ ᠥᠭᠡᠷᠡᠴᠢᠯᠡᠨ ᠰᠢᠨᠡᠳᠭᠡᠬᠦ ᠢᠨᠵᠸᠨ᠋ᠸᠷᠢᠩ ᠤ᠋ᠨ ᠪᠥᠲᠥᠭᠡᠨ ᠪᠠᠢᠭᠤᠯᠤᠯᠲᠠ ᠶ᠋ᠢᠨ ᠣᠷᠣᠨ ᠨᠤᠲᠤᠭ ᠤ᠋ᠨ ᠪᠠᠷᠢᠮᠵᠢᠶ᠎ᠠ ᠵᠢ ᠲᠥᠷᠥᠯ ᠬᠤᠪᠢᠶᠠᠨ ᠲᠣᠭ᠍ᠲᠠᠭᠠᠵᠤ᠂ ᠡᠯ᠎ᠡ ᠭᠠᠵᠠᠷ ᠤ᠋ᠨ ᠬᠢᠨ ᠲᠤᠬᠠᠶ ᠶ᠋ᠢᠨ ᠭᠠᠵᠠᠷ ᠣᠷᠣᠨ ᠤ᠋ ᠪᠠᠢᠳᠠᠯ ᠳ᠋ᠠᠭᠠᠨ ᠳᠣᠭᠢᠷᠠᠭᠤᠯᠤᠨ ᠮᠡᠷᠭᠡᠵᠢᠯ ᠤ᠋ᠨ ᠵᠦᠭ᠌ᠯᠡᠭᠦᠷ ᠲᠣᠭ᠍ᠲᠠᠭᠠᠬᠤ ᠵᠢ ᠵᠣᠷᠢᠭ᠍ᠵᠢᠭᠤᠯᠵᠤ᠂ ᠨᠡᠢᠭᠡᠮᠯᠢᠭ᠂ ᠠᠵᠤ ᠠᠬᠤᠢᠯᠠᠯ ᠤ᠋ᠨ ᠪᠦᠯᠬᠦᠮ ᠤ᠋ᠨ ᠪᠠᠷᠢᠮᠵᠢᠶ᠎ᠠ ᠪᠠ ᠠᠵᠤ ᠠᠬᠤᠢᠯᠠᠯ ᠤ᠋ᠨ ᠪᠠᠷᠢᠮᠵᠢᠶ᠎ᠠ ᠨᠠᠢᠷᠠᠭᠤᠯᠤᠨ ᠵᠣᠬᠢᠶᠠᠬᠤ ᠵᠢ ᠳᠡᠮᠵᠢᠵᠦ᠍᠂ 《ᠲᠤᠬᠢᠯᠢᠭ ᠤᠷᠤᠨ ᠰᠠᠭᠤᠴᠠ 》 ᠶ᠋ᠢᠨ ᠪᠥᠲᠥᠭᠡᠨ ᠪᠠᠢᠭᠤᠯᠤᠯᠲᠠ ᠶ᠋ᠢᠨ ᠪᠠᠷᠢᠮᠵᠢᠶ᠎ᠠ ᠶ᠋ᠢᠨ ᠱᠢᠰᠲ᠋ᠧᠮ ᠢ᠋ ᠪᠠᠢᠭᠤᠯᠤᠨ᠎ᠠ᠃
ᠬᠤᠶᠠᠷ ᠲᠦ᠍᠂ 《 ᠪᠠᠢᠷᠢᠱᠢᠭᠤᠯᠤᠯᠲᠠ ᠵᠢ ᠰᠢᠯᠢᠳᠡᠭᠵᠢᠭᠦᠯᠵᠦ 》᠂ ᠣᠷᠣᠨ ᠰᠠᠭᠤᠴᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨᠡ᠃ ᠱᠢᠨᠵᠢᠯᠡᠬᠦ᠌ ᠤᠬᠠᠭᠠᠨᠴᠢ ᠪᠡᠷ ᠲᠥᠯᠥᠪᠵᠢᠭᠦᠯᠵᠦ᠍ ᠭᠠᠵᠠᠷ ᠰᠣᠩᠭᠣᠬᠤ ᠡᠴᠡ ᠭᠠᠷᠳᠠᠵᠤ᠂ ᠵᠠᠮ ᠬᠠᠷᠢᠯᠴᠠᠭ᠎ᠠ ᠳᠥᠭᠥᠮ ᠳᠥᠲᠡ᠂ ᠢᠵᠢ ᠪᠦᠷᠢᠳᠦᠭ᠌ᠰᠡᠨ ᠲᠦᠬᠦᠭᠡᠷᠦᠮᠵᠢ ᠪᠦᠷᠢᠨ ᠲᠡᠭᠦᠯᠳᠡᠷ ᠴᠢᠨᠠᠷ ᠰᠠᠢᠲᠠᠶ ᠭᠠᠵᠠᠷ ᠢ᠋ ᠤᠷᠢᠳᠢᠶᠡᠷ ᠰᠣᠩᠭᠣᠵᠤ᠂ ᠢᠵᠢ ᠪᠦᠷᠢᠳᠦᠭᠦᠯᠬᠦ᠌ ᠲᠦᠬᠦᠭᠡᠷᠦᠮᠵᠢ ᠵᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠣᠷᠣᠱᠢᠨ ᠰᠠᠭᠤᠷᠢᠰᠢᠬᠤ ᠣᠷᠴᠢᠨ ᠲᠣᠭᠣᠷᠢᠨ ᠤ᠋ ᠶᠠᠰᠤ ᠴᠢᠨᠠᠷ ᠪᠠ ᠠᠮᠢᠳᠤᠷᠠᠯ ᠤ᠋ᠨ ᠳᠥᠭᠥᠮ ᠦᠵᠡᠭᠦᠯᠬᠦ᠌ ᠬᠡᠮᠵᠢᠶ᠎ᠡ ᠵᠢ ᠳᠡᠭᠡᠭ᠌ᠰᠢᠯᠡᠭᠦᠯᠦᠨᠡ᠃ ᠭᠠᠵᠠᠷ ᠱᠢᠷᠣᠶ ᠶ᠋ᠢᠨ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠵᠢ ᠴᠢᠩᠭᠠᠳᠭᠠᠨ᠂ ᠲᠥᠯᠥᠪᠵᠢᠭᠦᠯᠭᠡ ᠶ᠋ᠢᠨ ᠭᠦᠶ᠋ᠴᠡᠳᠭᠡᠯ ᠲᠣᠭ᠎ᠠ ᠵᠢ ᠱᠢᠯᠢᠳᠡᠭ᠌ᠵᠢᠭᠦᠯᠵᠦ᠍᠂ ᠡᠵᠡᠯᠡᠭᠦᠨ ᠤ᠋ ᠨᠣᠷᠮ᠎ᠠ ᠪᠡᠷ ᠤᠷᠮᠠᠱᠢᠭᠤᠯᠬᠤ ᠵᠢ ᠨᠠᠢᠳᠠᠪᠤᠷᠢᠵᠢᠭᠤᠯᠤᠨ᠂ 《ᠲᠤᠬᠢᠯᠢᠭ ᠤᠷᠤᠨ ᠰᠠᠭᠤᠴᠠ 》 ᠶ᠋ᠢᠨ ᠬᠡᠷᠡᠭ᠌ᠯᠡᠬᠦ᠌ ᠭᠠᠵᠠᠷ ᠢ᠋ ᠤᠷᠢᠳᠢᠶᠡᠷ ᠪᠠᠲᠤᠯᠠᠨ᠎ᠠ᠃ ᠣᠷᠣᠨ ᠰᠠᠭᠤᠴᠠ ᠶ᠋ᠢᠨ ᠵᠢᠷᠤᠭ ᠲᠥᠰᠦᠯ ᠤ᠋ᠨ ᠲᠠᠯ᠎ᠠ ᠪᠡᠷ ᠱᠢᠨ᠎ᠡ ᠵᠢ ᠡᠭᠦᠳᠬᠦ᠌ ᠵᠢ ᠭᠦᠨᠵᠡᠭᠡᠢᠷᠡᠭᠦᠯᠵᠦ᠍᠂ ᠵᠢᠷᠤᠭ ᠲᠥᠰᠦᠯ ᠤ᠋ᠨ ᠱᠢᠨᠵᠢᠯᠡᠬᠦ᠌ ᠤᠬᠠᠭᠠᠨᠴᠢ ᠴᠢᠨᠠᠷ᠂ ᠵᠦᠢ ᠶᠣᠰᠣᠴᠢ ᠴᠢᠨᠠᠷ ᠢ᠋ ᠳᠡᠭᠡᠭ᠌ᠰᠢᠯᠡᠭᠦᠯᠦᠨ᠂ ᠠᠳᠠᠯᠢ ᠪᠤᠰᠤ ᠬᠦᠮᠦᠰ ᠤ᠋ᠨ ᠤᠯᠠᠨ ᠶᠠᠨᠭᠵᠤᠴᠢᠯᠠᠭ᠍ᠰᠠᠨ ᠣᠷᠣᠨ ᠰᠠᠭᠤᠴᠠ ᠶ᠋ᠢᠨ ᠬᠡᠷᠡᠭ᠌ᠴᠡᠭᠡ ᠳ᠋ᠤ ᠴᠢᠭ᠌ᠯᠡᠭᠦᠯᠦᠨ ᠂ ᠴᠢᠳᠠᠮᠵᠢ ᠨᠢ ᠪᠦᠷᠢᠨ ᠲᠡᠭᠦᠯᠳᠡᠷ᠂ ᠪᠠᠢᠷᠢᠱᠢᠯ ᠨᠢ ᠵᠦᠢ ᠵᠣᠬᠢᠰᠲᠠᠢ᠂ ᠬᠡᠷᠡᠭ᠌ᠯᠡᠬᠦ᠌ ᠳ᠋ᠤ ᠲᠦᠬᠦᠮ ᠪᠥᠭᠡᠳ ᠲᠣᠬᠢᠲᠠᠢ᠂ ᠣᠷᠣᠱᠢᠨ ᠰᠠᠭᠤᠬᠤ ᠳ᠋ᠤ ᠲᠠᠭᠠᠯᠠᠮᠵᠢᠲᠠᠢ ᠣᠷᠣᠨ ᠰᠠᠭᠤᠴᠠ ᠶ᠋ᠢᠨ ᠦᠢᠯᠡᠳᠬᠦᠨ ᠢ᠋ ᠨᠠᠷᠢᠨ ᠨᠢᠮᠪᠠᠢ ᠵᠢᠷᠤᠵᠤ ᠲᠥᠯᠥᠪᠯᠡᠨ᠎ᠡ᠃
ᠭᠤᠷᠪᠠᠳᠤ᠂ 《ᠰᠠᠢᠨ ᠮᠠᠲ᠋ᠧᠷᠢᠶᠠᠯ ᠰᠣᠩᠭᠣᠵᠤ 》᠂ ᠪᠥᠲᠥᠭᠡᠨ ᠪᠠᠢᠭᠤᠯᠤᠯᠲᠠ ᠶ᠋ᠢᠨ ᠰᠠᠭᠤᠷᠢ ᠵᠢ ᠪᠡᠬᠢᠵᠢᠭᠦᠯᠦᠨ᠎ᠡ᠃ ᠴᠢᠨᠠᠷ ᠰᠠᠢᠲᠠᠶ ᠣᠷᠣᠨ ᠰᠠᠭᠤᠴᠠ ᠶ᠋ᠢᠨ ᠬᠡᠷᠡᠭ᠌ᠴᠡᠭᠡ ᠳ᠋ᠤ ᠬᠠᠨᠳᠤᠭᠤᠯᠤᠨ᠂ ᠨᠠᠩ ᠥᠨᠳᠥᠷ ᠴᠢᠳᠠᠮᠵᠢ ᠲᠠᠢ᠂ ᠨᠠᠩ ᠪᠣᠬᠢᠷᠲᠤᠯ ᠥᠬᠡᠶ ᠪᠠᠷᠢᠯᠭ᠎ᠠ ᠶ᠋ᠢᠨ ᠮᠠᠲ᠋ᠧᠷᠢᠶᠠᠯ ᠢ᠋ ᠰᠤᠳᠤᠯᠤᠨ ᠨᠡᠭᠡᠭᠡᠵᠦ᠍ ᠬᠡᠷᠡᠭ᠌ᠯᠡᠨᠡ᠃ ᠠᠷᠠᠳ ᠲᠦ᠍ ᠠᠱᠢᠭ ᠬᠦᠷᠲᠡᠭᠡᠬᠦ᠌ ᠬᠡᠷᠡᠭ᠌ᠯᠡᠭᠡᠨ ᠤ᠋ ᠱᠢᠨ᠎ᠡ ᠮᠡᠷᠭᠡᠵᠢᠯ᠂ ᠱᠢᠨ᠎ᠡ ᠲᠥᠬᠥᠭᠡᠷᠦᠮᠵᠢ᠂ ᠱᠢᠨ᠎ᠡ ᠮᠠᠲ᠋ᠧᠷᠢᠶᠠᠯ᠂ ᠱᠢᠨ᠎ᠡ ᠦᠢᠯᠡᠳᠬᠦᠨ ᠢ᠋ ᠳᠡᠯᠭᠡᠷᠡᠭᠦᠯᠦᠨ᠎ᠡ᠃ ᠣᠷᠣᠨ ᠰᠠᠭᠤᠴᠠ ᠶ᠋ᠢᠨ ᠲᠥᠬᠥᠭᠡᠷᠦᠮᠵᠢ ᠶ᠋ᠢᠨ ᠱᠢᠰᠲ᠋ᠧᠮ ᠤ᠋ᠨ ᠴᠢᠳᠠᠮᠵᠢ ᠵᠢ ᠳᠡᠭᠡᠭ᠌ᠰᠢᠯᠡᠭᠦᠯᠵᠦ᠍᠂ ᠣᠶᠤᠨᠴᠢ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠱᠢᠨ ᠲᠤᠨᠤᠭ ᠲᠥᠬᠥᠭᠡᠷᠦᠮᠵᠢ ᠵᠢ ᠳᠡᠯᠭᠡᠷᠡᠭᠦᠯᠦᠨ ᠬᠡᠷᠡᠭ᠌ᠯᠡᠨᠡ᠃ ᠲᠣᠭᠠᠴᠢᠯᠠᠭ᠍ᠰᠠᠨ ᠭᠡᠷ ᠪᠦᠯᠢ ᠶ᠋ᠢᠨ ᠪᠦᠲᠦᠭᠡᠨ ᠪᠠᠢᠭᠤᠯᠤᠯᠲᠠ ᠵᠢ ᠲᠦᠷᠭᠡᠳᠭᠡᠵᠦ᠍᠂ ᠣᠶᠤᠨᠴᠢᠯᠠᠭ᠍ᠰᠠᠨ ᠲᠦᠪᠱᠢᠨ ᠢ᠋ ᠳᠡᠭᠡᠭ᠌ᠰᠢᠯᠡᠭᠦᠯᠦᠨᠡ᠃ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠮᠡᠷᠭᠡᠵᠢᠯ ᠢ᠋ ᠳᠡᠯᠭᠡᠷᠡᠭᠦᠯᠵᠦ᠂ ᠪᠣᠬᠢᠷᠲᠤᠯ ᠥᠬᠡᠶ ᠪᠠᠷᠢᠯᠭ᠎ᠠ᠂ ᠤᠭ᠍ᠰᠠᠷᠠᠮᠠᠯ ᠮᠠᠶᠢᠭ ᠤ᠋ᠨ ᠪᠠᠷᠢᠯᠭ᠎ᠠ᠂ ᠬᠡᠲᠦ ᠳᠤᠤᠷ᠎ᠠ ᠡᠨᠧᠷᠭᠢ ᠶ᠋ᠢᠨ ᠬᠣᠷᠣᠭ᠍ᠳᠠᠭᠤᠯᠤᠯ ᠵᠡᠷᠭᠡ ᠮᠡᠷᠭᠡᠵᠢᠯ ᠢ᠋ ᠶᠡᠷᠦᠨᠭᠬᠡᠢᠯᠡᠨ ᠠᠰᠢᠬᠯᠠᠵᠤ᠂ ᠣᠷᠣᠨ ᠰᠠᠭᠤᠴᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨᠡ᠃
ᠲᠦᠷᠪᠠᠳᠤ᠂ 《ᠪᠠᠷᠢᠯᠭ᠎ᠠ ᠵᠢ ᠨᠠᠷᠢᠯᠢᠬᠵᠢᠭᠤᠯᠵᠤ 》᠂ ᠪᠦᠲᠦᠭᠡᠨ ᠪᠠᠢᠭᠤᠯᠤᠯᠲᠠ ᠶ᠋ᠢᠨ ᠶᠠᠪᠤᠴᠠ ᠶ᠋ᠢᠨ ᠬᠢᠨᠠᠯᠲᠠ ᠬᠠᠮᠢᠶᠠᠷᠤᠯᠲᠠ ᠵᠢ ᠰᠠᠢᠲᠤᠷ ᠬᠢᠨ᠎ᠠ᠃ ᠪᠸᠲ᠋ᠤᠨ ᠤ᠋ ᠢᠨᠵᠧᠨᠧᠷᠢᠩ ᠤ᠋ᠨ ᠶᠠᠰᠤ ᠴᠢᠨᠠᠷ ᠤ᠋ᠨ ᠵᠠᠰᠠᠯᠲᠠ ᠵᠢ ᠥᠷᠨᠢᠭᠦᠯᠵᠦ᠍᠂ ᠲᠦᠭᠦᠬᠡᠢ ᠮᠠᠲ᠋ᠧᠷᠢᠶᠠᠯ ᠤ᠋ᠨ ᠬᠠᠮᠢᠶᠠᠷᠤᠯᠲᠠ ᠡᠵᠡᠮᠳᠡᠯ ᠢ᠋ ᠴᠢᠩᠳᠠᠯᠠᠵᠤ᠂ ᠲᠤᠭᠠᠴᠢᠯᠠᠬᠰᠠᠨ ᠬᠢᠨᠠᠯᠲᠠ ᠬᠠᠮᠢᠶᠠᠷᠤᠯᠲᠠ ᠵᠢ ᠠᠬᠢᠭᠤᠯᠤᠨ᠎ᠠ᠃ ᠲᠠᠭᠤ ᠬᠥᠨᠳᠡᠢᠷᠡᠭᠦᠯᠬᠦ᠌᠂ ᠮᠠᠭᠤᠬᠠᠢ ᠦᠨᠦᠷ ᠤᠷᠤᠬᠤ᠂ ᠨᠡᠪᠴᠢᠵᠦ᠍ ᠭᠣᠭᠣᠵᠢᠬᠤ ᠵᠡᠷᠭᠡ ᠶᠠᠰᠤ ᠴᠢᠨᠠᠷ ᠤ᠋ᠨ ᠨᠡᠢᠳᠡᠮ ᠤ᠋ᠨ ᠠᠰᠠᠭᠤᠳᠠᠯ ᠢ᠋ ᠭᠤᠤᠯᠳᠠᠯᠭ᠎ᠠ ᠲᠠᠢ ᠰᠡᠷᠭᠡᠢᠯᠡᠨ ᠵᠠᠰᠠᠵᠤ᠂ ᠪᠠᠷᠢᠯᠭ᠎ᠠ ᠶ᠋ᠢᠨ ᠮᠠᠲ᠋ᠧᠷᠢᠶᠠᠯ ᠢ᠋ ᠤᠷᠢᠳᠢᠶᠡᠷ ᠪᠠᠢᠴᠠᠭᠠᠵᠤ ᠳᠠᠷᠠᠭ᠎ᠠ ᠨᠢ ᠬᠡᠷᠡᠭ᠌ᠯᠡᠬᠦ᠌ ᠵᠢ ᠴᠢᠩᠭᠠᠳᠬᠠᠵᠤ᠂ ᠪᠣᠳᠠᠲᠤ ᠴᠣᠭ᠍ᠴᠠ ᠶ᠋ᠢᠨ ᠴᠢᠳᠠᠪᠬᠢ ᠵᠢ ᠪᠠᠢᠴᠠᠭᠠᠨ ᠱᠢᠨᠵᠢᠬᠦ᠌ ᠵᠢ ᠴᠢᠩᠭᠠᠳᠭᠠᠬᠤ ᠶ᠋ᠢᠨ ᠬᠠᠮᠲᠤ ᠶᠠᠰᠤ ᠴᠢᠨᠠᠷ ᠤ᠋ᠨ ᠪᠠᠲᠤᠯᠠᠭ᠎ᠠ ᠶ᠋ᠢᠨ ᠪᠢᠴᠢᠭ ᠲᠦ᠍ ᠣᠷᠣᠭᠤᠯᠤᠨ᠎ᠠ᠃ ᠱᠢᠨ᠎ᠡ ᠬᠡᠯᠪᠡᠷᠢ ᠶ᠋ᠢᠨ ᠪᠠᠢᠭᠤᠯᠬᠤ ᠠᠷᠭ᠎ᠠ ᠮᠠᠶᠢᠭ ᠢ᠋ ᠬᠥᠭ᠌ᠵᠢᠭᠦᠯᠵᠦ᠍᠂ ᠣᠶᠤᠨᠴᠢ ᠪᠡᠷ ᠪᠠᠢᠭᠤᠯᠬᠤ ᠪᠠ ᠤᠭ᠍ᠰᠠᠷᠠᠮᠠᠯ ᠮᠠᠶᠢᠭ ᠤ᠋ᠨ ᠵᠠᠰᠠᠵᠤ ᠴᠢᠮᠡᠭ᠌ᠯᠡᠬᠦ᠌ ᠵᠢ ᠳᠡᠯᠭᠡᠷᠡᠭᠦᠯᠦᠨ᠎ᠡ᠃ ᠲᠤᠱᠢᠶᠠᠨ ᠥᠭ᠌ᠬᠦ ᠳ᠋ᠤ ᠪᠠᠢᠴᠠᠭᠠᠨ ᠱᠢᠯᠭᠠᠬᠤ ᠵᠢ ᠴᠢᠩᠭᠠᠳᠬᠠᠵᠤ ᠂ 《ᠤᠷᠢᠳᠢᠶᠡᠷ ᠤᠷᠤᠨ ᠰᠠᠭᠤᠴᠠ ᠵᠢ ᠱᠢᠯᠭᠠᠵᠤ ᠳᠠᠷᠠᠭ᠎ᠠ ᠨᠢ ᠤᠷᠤᠨ ᠰᠠᠭᠤᠴᠠ ᠵᠢ ᠬᠦᠯᠢᠶᠡᠨ ᠠᠪᠬᠤ 》 ᠳᠦᠷᠢᠮ ᠢ᠋ ᠰᠦᠪᠡᠭ᠌ᠴᠢᠯᠡᠨ᠂ 《ᠥᠮᠴᠢᠲᠡᠨ ᠤ᠋ ᠨᠡᠭᠡᠭᠡᠯᠲᠡ ᠶ᠋ᠢᠨ ᠡᠳᠦᠷ 》 ᠢ᠋ ᠬᠡᠷᠡᠭ᠌ᠵᠢᠭᠦᠯᠵᠦ᠍ ᠂ ᠶᠠᠰᠤ ᠴᠢᠨᠠᠷ ᠤ᠋ᠨ ᠪᠠᠲᠤᠯᠠᠨ ᠵᠠᠰᠠᠬᠤ ᠵᠢ ᠴᠢᠨᠭᠭᠠᠳᠬᠠᠨᠠ᠃
ᠲᠠᠪᠤᠳᠤ᠂ 《ᠦᠶ᠋ᠯᠡᠴᠢᠯᠡᠭᠡ ᠵᠢ ᠰᠠᠢᠵᠢᠷᠠᠭᠤᠯᠵᠤ 》᠂ ᠣᠷᠣᠨ ᠰᠠᠭᠤᠴᠠ ᠶ᠋ᠢᠨ ᠥᠷᠲᠡᠭ ᠢ᠋ ᠨᠡᠮᠡᠭᠳᠡᠭᠦᠯᠦᠨ᠎ᠡ᠃ ᠦᠶ᠋ᠯᠡᠴᠢᠯᠡᠭᠡᠨ ᠤ᠋ ᠬᠠᠩᠭᠠᠯᠭ᠎ᠠ ᠵᠢ ᠴᠢᠨᠭᠭᠠᠳᠬᠠᠵᠤ᠂ ᠠᠳᠠᠯ ᠠᠬᠤᠶ ᠶ᠋ᠢᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠥᠷᠨᠢᠭᠦᠯᠦᠨ᠂ ᠨᠡᠢᠭᠡᠮ ᠲᠣᠭᠣᠷᠢᠭ᠂ ᠠᠳᠠᠯ ᠠᠬᠤᠶ᠂ ᠦᠮᠴᠢᠲᠡᠨ ᠤ᠋ ᠵᠥᠪᠯᠡᠯ (ᠠᠳᠠᠯ ᠠᠬᠤᠶ ᠶ᠋ᠢᠨ ᠬᠠᠮᠢᠶᠠᠷᠤᠯᠲᠠ ᠶ᠋ᠢᠨ ᠵᠥᠪᠯᠡᠯ ) ᠤ᠋ᠨ 《ᠭᠤᠷᠪᠠᠨ ᠲᠠᠯ᠎ᠠ ᠪᠡᠷ ᠬᠠᠮᠲᠤᠷᠠᠨ ᠬᠥᠳᠡᠯᠦᠯᠴᠡᠬᠦ᠌ 》 ᠲᠣᠭ᠍ᠲᠠᠴᠠ ᠵᠢ ᠪᠦᠷᠢᠨᠱᠢᠬᠦᠯᠵᠦ᠍᠂ ᠢᠲᠡᠭᠡᠮᠵᠢ ᠶ᠋ᠢᠨ ᠶᠡᠷᠦᠩᠬᠡᠢᠯᠡᠭ᠌ᠰᠡᠨ ᠦᠨᠡᠯᠡᠯᠲᠡ ᠵᠢ ᠴᠢᠩᠭᠠᠳᠭᠠᠨ᠂ ᠣᠶᠤᠨᠴᠢ ᠠᠳᠠᠯ ᠠᠬᠤᠶ ᠶ᠋ᠢᠨ ᠦᠶ᠋ᠯᠡᠴᠢᠯᠡᠭᠡᠨ ᠤ᠋ ᠵᠠᠭ᠍ᠪᠤᠷ ᠢ᠋ ᠰᠢᠨᠠᠴᠢᠯᠠᠵᠤ᠂ ᠣᠶᠤᠨᠴᠢ ᠠᠳᠠᠯ ᠠᠬᠤᠶ ᠶ᠋ᠢᠨ ᠲᠠᠪᠴᠠᠩ ᠢ᠋ ᠪᠠᠢᠭᠤᠯᠤᠨ᠂ ᠰᠠᠭᠤᠭᠠᠯᠢ ᠠᠷᠠᠳ ᠤ᠋ᠨ ᠲᠣᠭᠣᠷᠢᠭ ᠤ᠋ᠨ ᠣᠶᠤᠨᠴᠢᠯᠠᠭ᠍ᠰᠠᠨ ᠦᠶ᠋ᠯᠡᠴᠢᠯᠡᠭᠡᠨ ᠤ᠋ ᠲᠦᠪᠰᠢᠨ ᠢ᠋ ᠳᠡᠭᠡᠭ᠌ᠰᠢᠯᠡᠭᠦᠯᠵᠦ᠍᠂ ᠰᠠᠭᠤᠭᠠᠯᠢ ᠠᠷᠠᠳ ᠤ᠋ᠨ ᠮᠡᠳᠡᠷᠡᠮᠵᠢ ᠶ᠋ᠢᠨ ᠬᠡᠮᠵᠢᠶ᠎ᠡ ᠵᠢ ᠳᠡᠭᠡᠭ᠌ᠰᠢᠯᠡᠭᠦᠯᠦᠨᠡ᠃ ᠠᠳᠠᠯ ᠠᠬᠤᠢ ᠶ᠋ᠢᠨ ᠦᠶ᠋ᠯᠡᠴᠢᠯᠡᠭᠡᠨ ᠤ᠋ ᠰᠠᠭᠤᠷᠢ ᠦᠶ᠋ᠯᠡᠴᠢᠯᠡᠭᠡᠨ + ᠥᠷᠲᠡᠭ ᠨᠡᠮᠡᠭ᠌ᠳᠡᠭᠦᠯᠬᠦ᠌ ᠦᠶ᠋ᠯᠡᠴᠢᠯᠡᠭᠡᠨ + ᠨᠡᠢᠭᠡᠮ ᠲᠣᠭᠣᠷᠢᠭ ᠤ᠋ᠨ ᠵᠠᠰᠠᠯᠲᠠ 》 ᠶ᠋ᠢᠨ ᠭᠤᠷᠪᠠ ᠵᠢ ᠨᠢᠭᠡ ᠴᠤᠬᠴᠠᠵᠢᠭᠤᠯᠤᠬᠰᠠᠨ ᠬᠡᠯᠪᠡᠷᠢ ᠲᠡᠢᠰᠢ ᠳᠡᠰ ᠳᠡᠪᠱᠢᠬᠦᠯᠬᠦ ᠵᠢ ᠠᠬᠢᠭᠤᠯᠵᠤ᠂ ᠠᠳᠠᠯ ᠠᠬᠤᠢ ᠶ᠋ᠢᠨ ᠠᠵᠤ ᠠᠬᠤᠢᠯᠠᠯ ᠤ᠋ᠨ ᠨᠠᠰᠤᠵᠢᠯ᠂ ᠬᠡᠦᠬᠡᠳ ᠰᠠᠭᠠᠲᠠᠭᠤᠯᠬᠤ᠂ ᠭᠡᠷ ᠤ᠋ᠨ ᠶᠠᠪᠤᠳᠠᠯ ᠵᠡᠷᠭᠡ ᠠᠮᠢᠳᠤᠷᠠᠯ ᠤ᠋ᠨ ᠦᠶ᠋ᠯᠡᠴᠢᠯᠡᠭᠡᠨ ᠬᠠᠩᠭᠠᠬᠤ ᠵᠢ ᠵᠣᠷᠢᠭ᠍ᠵᠢᠭᠤᠯᠤᠨ᠂ ᠠᠷᠠᠳ ᠣᠯᠠᠨ ᠤ᠋ ᠣᠷᠣᠱᠢᠨ ᠰᠠᠭᠤᠷᠢᠰᠢᠬᠤ ᠦᠶ᠋ᠯᠡᠴᠢᠯᠡᠭᠡᠨ ᠤ᠋ ᠬᠡᠷᠡᠭ᠌ᠴᠡᠭᠡ ᠱᠠᠭᠠᠷᠳᠠᠯᠭ᠎ᠠ ᠵᠢ ᠨᠠᠩ ᠰᠠᠢᠲᠤᠷ ᠬᠠᠩᠭᠠᠨ᠎ᠠ᠃
ᠵᠢᠷᠭᠤᠭᠠᠳᠤ᠂ 《ᠬᠠᠭᠤᠴᠢᠨ ᠤᠷᠤᠨ ᠰᠠᠭᠤᠴᠠ ᠵᠢ ᠰᠢᠨᠡᠳᠭᠡᠵᠦ 》᠂ ᠣᠷᠣᠨ ᠰᠠᠭᠤᠴᠠ ᠶ᠋ᠢᠨ ᠣᠷᠴᠢᠨ ᠨᠦᠬᠦᠴᠡᠯ ᠢ᠋ ᠰᠠᠢᠵᠢᠷᠠᠭᠤᠯᠤᠨ᠎ᠠ᠃ ᠨᠢᠭᠡᠨᠲᠡ ᠪᠠᠢᠭ᠎ᠠ ᠤᠷᠤᠨ ᠰᠠᠭᠤᠴᠠ ᠵᠢ ᠵᠢᠭ᠍ᠰᠠᠭᠠᠨ ᠪᠠᠢᠴᠠᠭᠠᠵᠤ ᠦᠨᠡᠯᠡᠨ ᠵᠢᠱ᠌ᠢᠬᠦ᠌ ᠵᠢ ᠥᠷᠨᠢᠭᠦᠯᠵᠦ᠍᠂ 2000 ᠣᠨ ᠡᠴᠡ ᠡᠮᠦᠨ᠎ᠡ ᠪᠠᠢᠭᠤᠯᠤᠭ᠍ᠰᠠᠨ ᠣᠷᠣᠨ ᠰᠠᠭᠤᠴᠠ ᠶ᠋ᠢᠨ ᠪᠠᠢᠳᠠᠯ ᠢ᠋ ᠣᠢᠯᠠᠭᠠᠵᠤ ᠦᠨᠡᠯᠡᠨ ᠵᠢᠱ᠌ᠢᠵᠦ᠍ ᠂ ᠥᠭᠡᠷᠡᠴᠢᠯᠡᠨ ᠱᠢᠨᠡᠳᠭᠡᠬᠦ᠌ ᠲᠥᠯᠥᠪᠯᠡᠭᠡ ᠵᠢ ᠲᠥᠷᠥᠯ ᠬᠤᠪᠢᠶᠠᠨ ᠲᠣᠭ᠍ᠲᠠᠭᠠᠨᠠ᠃ ᠬᠣᠲᠠ ᠶ᠋ᠢᠨ ᠳᠤᠮᠳᠠᠬᠢ ᠲᠣᠰᠭᠣᠨ ᠪᠠ ᠨᠤᠷᠠᠬᠤ ᠠᠶᠤᠯᠲᠠᠶ ᠬᠠᠭᠤᠴᠢᠨ ᠤᠷᠤᠨ ᠰᠠᠭᠤᠴᠠ ᠵᠢ ᠥᠭᠡᠷᠡᠴᠢᠯᠡᠨ ᠱᠢᠨᠡᠳᠭᠡᠬᠦ᠌ ᠵᠢ ᠥᠷᠨᠢᠭᠦᠯᠵᠦ᠍ ᠂ ᠬᠣᠲᠠ ᠪᠠᠯᠭᠠᠰᠤ ᠶ᠋ᠢᠨ ᠬᠠᠭᠤᠴᠢᠨ ᠰᠠᠭᠤᠭᠠᠯᠢ ᠲᠣᠭᠣᠷᠢᠭ ᠢ᠋ ᠥᠭᠡᠷᠡᠴᠢᠯᠡᠨ ᠱᠢᠨᠡᠳᠭᠡᠬᠦ᠌ ᠵᠢ ᠦᠷᠭᠦᠯᠵᠢᠯᠡᠨ ᠠᠬᠢᠭᠤᠯᠵᠤ᠂ ᠪᠡᠶ᠎ᠡ ᠪᠠᠨ ᠳᠠᠭᠠᠭᠠᠨ ᠱᠢᠨᠡᠳᠭᠡᠬᠦ᠌᠂ 《 ᠨᠤᠷᠠᠭᠠᠬᠰᠠᠨ ᠭᠠᠵᠠᠷ ᠲᠤᠨᠢ ᠳᠠᠬᠢᠨ ᠪᠠᠢᠭᠤᠯᠬᠤ》 ᠵᠡᠷᠭᠡ ᠠᠷᠭ᠎ᠠ ᠬᠡᠯᠪᠡᠷᠢ ᠪᠡᠷ ᠬᠠᠭᠤᠴᠢᠨ ᠤᠷᠤᠨ ᠰᠠᠭᠤᠴᠠ ᠵᠢ ᠥᠭᠡᠷᠡᠴᠢᠯᠡᠨ ᠱᠢᠨᠡᠳᠭᠡᠬᠦ᠌ ᠵᠢ ᠵᠣᠷᠢᠭ᠍ᠵᠢᠭᠤᠯᠤᠨ᠂ ᠭᠠᠯ ᠰᠡᠷᠭᠡᠢᠯᠡᠬᠦ ᠭᠠᠯ ᠤᠨᠲᠠᠷᠠᠭᠠᠬᠤ᠂ ᠱᠢᠲᠠᠮᠠᠬᠠᠶ ᠬᠡᠶ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠤᠰᠤ ᠲᠠᠲᠠᠷᠠᠭᠤᠯᠬᠤ ᠵᠡᠷᠭᠡ ᠰᠠᠭᠤᠷᠢ ᠲᠦᠬᠦᠭᠡᠷᠦᠮᠵᠢ ᠵᠢ ᠵᠡᠷᠭᠡ ᠪᠡᠷ ᠱᠢᠨᠡᠳᠭᠡᠨ ᠲᠡᠭᠦᠯᠳᠡᠷᠵᠢᠭᠦᠯᠦᠨ᠎ᠡ᠃ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠲᠦ᠍ ᠴᠠᠬᠢᠯᠭᠠᠨ ᠱᠠᠲᠤ᠂ ᠰᠠᠭᠠᠳ ᠥᠬᠡᠶ ᠨᠡᠪᠲᠡᠷᠡᠬᠦ ᠲᠦᠬᠦᠭᠡᠷᠦᠮᠵᠢ ᠨᠡᠮᠡᠵᠦ᠍ ᠤᠭ᠍ᠰᠠᠷᠠᠬᠤ᠂ ᠬᠣᠭ ᠨᠣᠪᠰᠢ ᠵᠢ ᠲᠥᠷᠥᠯ ᠬᠤᠪᠢᠶᠠᠬᠤ ᠴᠡᠭ ᠨᠡᠮᠡᠵᠦ ᠲᠤᠬᠢᠷᠠᠭᠤᠯᠬᠤ ᠵᠡᠷᠭᠡ ᠵᠢ ᠳᠡᠮᠵᠢᠵᠦ᠂ ᠣᠷᠣᠱᠢᠨ ᠰᠠᠭᠤᠬᠤ ᠣᠷᠴᠢᠨ ᠲᠣᠭᠣᠷᠢᠨ ᠪᠠ ᠣᠯᠠᠨ ᠨᠡᠢᠲᠡ ᠶ᠋ᠢᠨ ᠠᠮᠤᠷ ᠲᠦᠪᠱᠢᠨ ᠢ᠋ ᠳᠡᠭᠡᠭ᠌ᠰᠢᠯᠡᠭᠦᠯᠦᠨᠡ᠃
ᠲᠤᠯᠤᠭᠠᠳᠤ᠂ 《ᠱᠢᠨ᠎ᠡ ᠡᠨ᠋ᠸᠷᠬᠢ ᠤᠯᠭᠤᠵᠤ》 ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠤᠯᠭᠠᠭᠤᠷᠢᠯᠠᠯ ᠢ᠋ ᠴᠢᠨᠭᠭᠠᠳᠬᠠᠨᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ᠶ᠋ᠡᠷ ᠣᠷᠣᠨ ᠰᠠᠭᠤᠴᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠣᠷᠣᠨ ᠰᠠᠭᠤᠴᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠠᠩᠭᠢᠯᠠᠭ᠎ᠠ ᠶ᠋ᠢᠨ ᠮᠡᠷᠭᠡᠵᠢᠯ ᠢ᠋ ᠰᠤᠳᠤᠯᠤᠨ ᠨᠡᠭᠡᠭᠡᠬᠦ᠌ ᠵᠢ ᠴᠢᠩᠭᠠᠳᠭᠠᠵᠤ ᠂ ᠡᠨᠧᠷᠭᠢ ᠶ᠋ᠢᠨ ᠬᠣᠷᠣᠭ᠍ᠳᠠᠯ ᠢ᠋ᠶ᠋ᠡᠷ ᠳᠣᠣᠷ᠎ᠠ ᠦᠨᠳᠦᠷ ᠴᠢᠳᠠᠪᠬᠢᠲᠤ ᠪᠠᠷᠢᠯᠭ᠎ᠠ᠂ ᠪᠠᠷᠢᠯᠭ᠎ᠠ ᠶ᠋ᠢᠨ ᠮᠠᠲ᠋ᠧᠷᠢᠶᠠᠯ ᠤ᠋ᠨ ᠮᠡᠷᠭᠡᠵᠢᠯ ᠢ᠋ ᠰᠤᠳᠤᠯᠤᠨ ᠨᠡᠭᠡᠭᠡᠬᠦ᠌ ᠠᠵᠢᠯ ᠢ᠋ ᠥᠷᠨᠢᠭᠦᠯᠦᠨ᠎ᠡ᠃ ᠲᠤᠰ ᠭᠠᠵᠠᠷ ᠣᠷᠣᠨᠴᠢᠯᠠᠭ᠍ᠰᠠᠨ ᠠᠵᠤ ᠦᠢᠯᠡᠰ ᠤ᠋ᠨ ᠬᠡᠯᠬᠢᠶ᠎ᠡ ᠵᠢ ᠲᠡᠭᠦᠯᠳᠡᠷᠵᠢᠭᠦᠯᠵᠦ᠍᠂ ᠭᠡᠷ ᠭᠠᠵᠠᠷ ᠤ᠋ᠨ ᠬᠥᠷᠥᠩᠭᠡ ᠶ᠋ᠢᠨ ᠨᠡᠭᠡᠭᠡᠯᠲᠡ᠂ ᠪᠠᠷᠢᠯᠭ᠎ᠠ ᠪᠠᠷᠢᠬᠤ᠂ ᠪᠠᠷᠢᠯᠭ᠎ᠠ ᠶ᠋ᠢᠨ ᠮᠠᠲ᠋ᠧᠷᠢᠶᠠᠯ ᠦᠢᠯᠡᠳᠪᠦᠷᠢᠯᠡᠬᠦ᠌ ᠵᠡᠷᠭᠡ ᠠᠵᠤ ᠠᠬᠤᠢᠯᠠᠯ ᠤ᠋ᠨ 《ᠲᠤᠬᠢᠯᠢᠭ ᠤᠷᠤᠨ ᠰᠠᠭᠤᠴᠠ》 ᠶ᠋ᠢᠨ ᠪᠦᠲᠦᠭᠡᠨ ᠪᠠᠢᠭᠤᠯᠤᠯᠲᠠ ᠶ᠋ᠢᠨ ᠱᠢᠰᠲ᠋ᠧᠮ ᠲᠡᠢᠰᠢ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠤᠨ᠂ ᠰᠤᠳᠤᠯᠤᠨ ᠨᠡᠭᠡᠭᠡᠬᠦ᠌ ᠂ ᠲᠦᠰᠦᠪᠯᠡᠬᠦ᠂ ᠦᠢᠯᠡᠳᠪᠦᠷᠢᠯᠡᠬᠦ᠌᠂ ᠪᠠᠷᠢᠯᠭ᠎ᠠ ᠪᠠᠷᠢᠬᠤ᠂ ᠠᠷᠠᠴᠢᠯᠠᠨ ᠬᠠᠮᠠᠭᠠᠯᠠᠬᠤ᠂ ᠦᠢᠯᠡᠴᠢᠯᠡᠬᠦ᠌ ᠵᠡᠷᠭᠡ ᠭᠣᠭ᠍ᠴᠣᠭᠠ ᠵᠢ ᠨᠡᠪᠲᠡᠷᠡᠭᠦᠯᠵᠦ᠍᠂ ᠠᠵᠤ ᠦᠢᠯᠡᠰ ᠤ᠋ᠨ ᠬᠡᠯᠬᠢᠶ᠎ᠡ ᠶ᠋ᠢᠨ ᠪᠦᠬᠦᠯᠢ ᠴᠣᠭ᠍ᠴᠠ ᠪᠡᠷ ᠳᠡᠰ ᠳᠡᠪᠱᠢᠬᠦ᠌ ᠵᠢ ᠳᠠᠢᠴᠢᠯᠠᠨ᠎ᠠ᠃