ᠰᠢ ᠵᠢᠨ ᠫᠢᠩ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠣᠬᠢᠷᠲᠤᠯ ᠦᠭᠡᠢ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ
2026-04-30 09:13:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 29 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠣᠬᠢᠷᠲᠤᠯ ᠥᠬᠡᠶ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃

ᠰᠢ ᠵᠢᠨ ᠫᠢᠩ᠂ ᠳᠤᠮᠳᠠᠳᠤ ᠤᠯᠤᠰ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠪᠥᠬᠥ᠌ ᠪᠥᠮᠪᠥᠷᠴᠡᠭ᠎ᠦᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭ᠌ᠴᠢ᠂ ᠳᠠᠭᠠᠭᠤᠯᠤᠭ᠍ᠴᠢ ᠪᠣᠯᠤᠨ᠎ᠠ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠡᠨᠡ ᠵᠢᠯ ᠪᠣᠯ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠪᠠᠢᠭᠤᠯᠤᠭ᠍ᠳᠠᠭ᠍ᠰᠠᠨ 25 ᠵᠢᠯ᠎ᠦᠨ ᠤᠢ ᠪᠣᠯᠬᠤ ᠪᠥᠭᠡᠳ ᠳᠤᠮᠳᠠᠳᠤ ᠤᠯᠤᠰ᠎ᠤᠨ 《ᠠᠷᠪᠠᠨ  ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠮᠦᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶ᠋ᠢᠨ ᠬᠢᠨ᠎ᠲᠡᠶ ᠬᠠᠮᠲᠤ᠎ᠪᠠᠷ 《ᠱᠠᠩᠬᠠᠢ᠎ᠶ᠋ᠢᠨ ᠵᠣᠷᠢᠭ ᠰᠠᠨᠠᠭ᠎ᠠ》 ᠵᠢ ᠪᠠᠳᠠᠷᠠᠭᠤᠯᠵᠤ᠂ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠭᠦᠷᠭᠡᠯᠡᠯ》 ᠢ᠋ ᠢᠯᠡᠷᠡᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠵᠣᠯᠭᠠᠯᠴᠠᠭ᠎ᠠ᠂ ᠲᠤᠷᠱᠢᠯᠭ᠎ᠠ᠎ᠶ᠋ᠢᠨ ᠰᠣᠯᠢᠯᠴᠠᠭ᠎ᠠ ᠪᠣᠯᠤᠨ ᠲᠦᠷᠦᠯ ᠵᠦᠢᠯ᠎ᠦᠨ ᠬᠠᠮᠲᠤᠷᠠᠯᠴᠠᠭ᠎ᠠ ᠵᠢ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠶ᠋ᠢᠨ ᠱᠢᠰᠲᠸᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠴᠡᠪᠡᠷ ᠠᠷᠢᠭᠤᠨ᠂ ᠦᠵᠡᠰᠭᠦᠯᠡᠩᠲᠦ ᠰᠠᠢᠬᠠᠨ᠂ ᠦᠷᠭᠦᠯᠵᠢᠯᠡᠬᠦ᠌ ᠳᠡᠯᠡᠬᠡᠢ ᠶᠢᠷᠲᠢᠨᠴᠦ᠍᠎ᠶ᠋ᠢ ᠭᠠᠷ ᠬᠣᠯᠪᠣᠯᠴᠠᠨ ᠬᠠᠮᠲᠤ᠎ᠪᠠᠷ ᠪᠠᠢᠭᠤᠯᠤᠨ᠎ᠠ ᠭᠡᠵᠤ ᠴᠢᠬᠤᠯᠠᠴᠢᠯᠠᠪᠠ᠃

ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ ᠲᠤᠬᠠᠢ ᠵᠢᠨ ᠡᠳᠦᠷ ᠵᠧᠵᠢᠶᠠᠩ᠎ᠤᠨ ᠨᠢᠩᠪᠦ᠋ᠸᠧ᠎ᠳᠦ ᠡᠬᠢᠯᠡᠵᠤ᠂ 《ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠦᠢᠯᠡᠳᠦᠯᠭᠡᠵᠢᠭᠦᠯᠵᠦ᠍᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠣᠬᠢᠷᠲᠤᠯ ᠦᠭᠡᠢ ᠪᠠ ᠦᠷᠭᠦᠯᠵᠢᠯᠡᠬᠦ᠌ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠤᠶ᠎ᠠ》 ᠭᠡᠬᠦ᠌ ᠭᠣᠣᠯ ᠰᠡᠳᠦᠪ᠎ᠲᠡᠶ ᠪᠠᠢᠵᠤ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠ ᠵᠧᠵᠢᠶᠠᠩ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠣᠣᠯᠯᠠᠨ ᠡᠷᠬᠢᠯᠡᠵᠡᠢ᠃

(ᠱᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶ᠋ᠢᠨ 29 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号