ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠡᠣᠯᠣᠰ ᠲᠦᠷᠦ᠎ᠶᠢᠨ ᠲᠣᠪᠴᠢᠶ᠎ᠠ 4 ᠰᠠᠷ᠎ᠠ᠎ᠶ᠋ᠢᠨ 28 ᠤ᠋ ᠡᠳᠦᠷ᠎ᠦᠨ ᠦᠳᠡ᠎ᠶ᠋ᠢᠨ ᠬᠣᠢᠨ᠎ᠠ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠴᠢᠳᠠᠪᠤᠷᠢ ᠵᠢ ᠳᠡᠭᠡᠭ᠌ᠰᠢᠯᠡᠭᠦᠯᠬᠦ᠌ ᠲᠤᠬᠠᠶ ᠬᠣᠷᠢᠨ ᠲᠠᠪᠤᠳᠤᠭᠠᠷ ᠤᠳᠠᠭᠠᠨ᠎ᠤ ᠬᠠᠮᠲᠤ᠎ᠶ᠋ᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ᠎ᠶ᠋ᠢ ᠡᠷᠬᠢᠯᠡᠬᠦ᠌᠎ᠳᠡᠭᠡᠨ᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠠᠷᠭᠠᠴᠠᠭᠠᠬᠤ ᠴᠢᠳᠠᠪᠤᠷᠢ᠎ᠪᠠᠨ ᠬᠦᠴᠦᠯᠡᠨ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠤᠯᠤᠰ᠎ᠤᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠰᠤᠳᠤᠯᠭᠠᠨ᠎ᠤ ᠬᠦᠷᠢᠶᠡᠯᠡᠩ᠎ᠦᠨ ᠶᠠᠩ ᠰᠧ ᠴᠢᠤᠸᠠᠨ ᠨᠥᠬᠥᠷ ᠡᠨᠡ ᠠᠰᠠᠭᠤᠳᠠᠯ᠎ᠤᠨ ᠲᠤᠬᠠᠢ ᠲᠠᠢᠯᠤᠮᠵᠢ ᠬᠢᠵᠦ᠍᠂ ᠠᠵᠢᠯ᠎ᠤᠨ ᠰᠠᠨᠠᠭᠤᠯᠭ᠎ᠠ ᠳᠤᠷᠠᠳᠪᠠ᠃ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ ᠲᠠᠢᠯᠤᠮᠵᠢ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠶᠠᠷᠢᠯᠴᠠᠪᠠ᠃
ᠰᠢ ᠵᠢᠨ ᠫᠢᠩ ᠲᠠᠢᠯᠤᠮᠵᠢ ᠪᠠ ᠶᠠᠷᠢᠯᠴᠠᠭ᠎ᠠ᠎ᠶ᠋ᠢ ᠰᠣᠨᠣᠰᠤᠭ᠍ᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ᠎ᠤ ᠤᠯᠤᠰ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠭᠠᠵᠠᠷ ᠵᠦᠢ ᠪᠤᠳᠤᠯᠢᠶᠠᠨᠲᠠᠢ᠂ ᠠᠭᠤᠷ ᠠᠮᠢᠰᠭᠤᠯ ᠤᠯᠠᠨ ᠶᠠᠩᠵᠤ᠎ᠶ᠋ᠢᠨ ᠪᠠᠢᠵᠤ᠂ ᠪᠠᠢᠭᠠᠯᠢ᠎ᠶ᠋ᠢᠨ ᠭᠠᠮᠱᠢᠭ ᠠᠮᠠᠷᠬᠠᠨ ᠡᠭᠦᠰᠴᠦ᠍ ᠤᠯᠠᠨ ᠡᠭᠦᠰᠳᠡᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠨᠠᠮ᠎ᠤᠨ ᠲᠥᠪ ᠬᠤᠷᠢᠶ᠎ᠠ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠠᠵᠢᠯ᠎ᠢ ᠠᠷᠠᠳ ᠲᠦᠮᠡᠨ᠎ᠦ ᠠᠮᠤᠷ ᠲᠦᠪᠱᠢᠨ ᠠᠶᠤᠯ ᠲᠦᠭ᠌ᠰᠢᠭᠦᠷᠢ ᠪᠠ ᠤᠯᠤᠰ᠎ᠤᠨ ᠠᠮᠤᠷ ᠲᠦᠪᠱᠢᠨ᠎ᠳᠦ ᠬᠣᠯᠪᠣᠭ᠍ᠳᠠᠬᠤ ᠶᠡᠬᠡ ᠶᠠᠪᠤᠳᠠᠯ ᠪᠣᠯᠭᠠᠨ ᠠᠳᠭᠤᠬᠤ᠎ᠶ᠋ᠢ ᠪᠠᠷᠢᠮᠲᠠᠯᠠᠵᠤ᠂ ᠣᠢᠯᠠᠭᠠᠭ᠍ᠳᠠᠬᠤᠨ᠎ᠤ ᠬᠤᠪᠢᠷᠠᠭᠤᠯᠤᠯᠲᠠ᠂ ᠪᠠᠢᠭᠤᠯᠤᠯ᠎ᠤᠨ ᠥᠭᠡᠷᠡᠴᠢᠯᠡᠯᠲᠡ᠂ ᠱᠢᠰᠲ᠋ᠧᠮ᠎ᠦᠨ ᠪᠠᠢᠭᠤᠯᠤᠯᠲᠠ᠂ ᠴᠢᠳᠠᠪᠤᠷᠢ᠎ᠶ᠋ᠢᠨ ᠳᠡᠭᠡᠭ᠌ᠰᠢᠯᠡᠯᠲᠡ ᠵᠡᠷᠭᠡ ᠲᠠᠯ᠎ᠠ᠎ᠪᠠᠷ ᠮᠠᠰᠢ ᠤᠯᠠᠨ ᠪᠠᠢᠷᠢᠯᠠᠭᠤᠯᠤᠯᠲᠠ ᠬᠢᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠳᠠᠭᠠᠭᠤᠯᠤᠨ ᠠᠯᠢ ᠤᠯᠠᠨ ᠬᠦᠨᠳᠦ ᠶᠡᠬᠡ ᠣᠨᠴᠠ ᠶᠡᠬᠡ ᠪᠠᠢᠭᠠᠯᠢ᠎ᠶ᠋ᠢᠨ ᠭᠠᠮᠱᠢᠭ᠎ᠢ ᠢᠯᠠᠨ ᠳᠠᠪᠠᠵᠤ᠂ ᠦᠷ᠎ᠡ ᠪᠦᠲᠦᠮᠵᠢ᠎ᠶ᠋ᠢ ᠳᠡᠯᠡᠬᠡᠢ ᠨᠡᠢᠲᠡ᠎ᠪᠡᠷ᠎ᠢᠶᠡᠨ ᠮᠡᠳᠡᠷᠡᠪᠡ᠃ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠪᠠᠢᠭᠠᠯᠢ᠎ᠶ᠋ᠢᠨ ᠵᠢᠮ᠎ᠡ ᠶᠣᠰᠣ᠎ᠶ᠋ᠢ ᠬᠦᠨᠳᠦᠳᠭᠡᠬᠦ᠌ ᠵᠢ ᠪᠠᠷᠢᠮᠳᠠᠯᠠᠵᠤ᠂ ᠤᠷᠢᠳᠴᠢᠯᠠᠨ ᠰᠡᠷᠭᠡᠢᠯᠡᠬᠦ᠌᠎ᠪᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠱᠢᠰᠲ᠋ᠧᠮ᠎ᠦᠨ ᠦᠵᠡᠯᠲᠡ᠎ᠶ᠋ᠢ ᠪᠠᠷᠢᠮᠲᠠᠯᠠᠵᠤ᠂ ᠨᠡᠢᠭᠡᠮ᠎ᠢᠶᠡᠷ᠎ᠢᠶᠡᠨ ᠬᠠᠮᠲᠤ᠎ᠪᠠᠷ ᠵᠠᠰᠠᠬᠤ᠎ᠶ᠋ᠢ ᠪᠠᠷᠢᠮᠲᠠᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠪᠠᠭᠤᠷᠠᠭᠤᠯᠵᠤ᠂ ᠭᠠᠮᠱᠢᠭ᠎ᠤᠨ ᠬᠣᠬᠢᠷᠠᠯ᠎ᠢ ᠪᠠᠭᠠᠰᠭᠠᠬᠤ᠎ᠳᠤ ᠤᠷᠢᠳᠴᠢᠯᠠᠨ ᠰᠡᠷᠭᠡᠢᠯᠡᠬᠦ᠌᠎ᠶ᠋ᠢ ᠴᠢᠬᠤᠯᠠᠴᠢᠯᠠᠬᠤ ᠬᠡᠷᠡᠭ᠌ᠲᠡᠢ᠃ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠌᠎ᠶ᠋ᠢ ᠪᠠᠷᠢᠮᠲᠠᠯᠠᠵᠤ᠂ ᠠᠮᠤᠷ ᠲᠦᠪᠱᠢᠨ᠎ᠦ ᠤᠶᠠᠨ ᠬᠠᠳᠠᠨ ᠴᠢᠨᠠᠷ᠎ᠤᠨ ᠱᠠᠭᠠᠷᠳᠠᠯᠭ᠎ᠠ᠎ᠶ᠋ᠢ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠲᠥᠯᠥᠪᠵᠢᠭᠦᠯᠭᠡ ᠵᠢᠴᠢ ᠡᠯ᠎ᠡ ᠲᠦᠷᠦᠯ᠎ᠦᠨ ᠪᠦᠳᠦᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠳᠦ ᠲᠤᠭᠤᠱᠢᠯᠠᠭᠤᠯᠬᠤ ᠬᠡᠷᠡᠭ᠌ᠲᠡᠢ᠃ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠱᠢᠰᠲ᠋ᠧᠮ᠎ᠲᠡᠶ ᠡᠮᠬᠢᠯᠡᠬᠦ᠌᠂ ᠣᠨᠣᠪᠴᠢᠲᠠᠶ ᠢᠯᠭᠠᠨ ᠲᠠᠨᠢᠬᠤ ᠬᠡᠷᠡᠭ᠌ᠲᠡᠶ᠃ ᠢᠨᠵᠧᠨᠧᠷᠢᠩ᠎ᠦᠨ ᠵᠠᠰᠠᠯᠲᠠ᠎ᠶ᠋ᠢ ᠴᠢᠩᠭᠠᠳᠭᠠᠵᠤ᠂ ᠴᠢᠬᠤᠯᠠ ᠬᠤᠳᠠ ᠪᠣᠯᠤᠨ ᠭᠠᠮᠱᠢᠭ ᠤᠯᠠᠨ ᠡᠭᠦᠰᠭᠦ ᠭᠠᠵᠠᠷ ᠣᠷᠣᠨ᠎ᠤ ᠵᠠᠩᠭᠢᠯᠠᠭ᠎ᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠰᠡᠷᠭᠡᠢᠯᠡᠯᠲᠡ᠎ᠶ᠋ᠢᠨ ᠪᠠᠷᠢᠮᠵᠢᠶ᠎ᠠ᠎ᠶ᠋ᠢ ᠵᠣᠬᠢᠰᠲᠠᠢ ᠳᠡᠭᠡᠭ᠌ᠰᠢᠯᠡᠭᠦᠯᠵᠦ᠍᠂ ᠬᠣᠯᠪᠣᠭ᠍ᠳᠠᠯ ᠪᠦᠬᠦᠢ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠣᠷᠢᠭ᠎ᠠ ᠱᠤᠭᠤᠮ᠎ᠤᠨ ᠰᠡᠳᠭᠢᠬᠦᠶ᠂ ᠲᠤᠢᠯᠱᠢᠷᠠᠯ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠬᠦᠨᠳᠦ ᠭᠠᠮᠱᠢᠭ ᠬᠡᠴᠡᠭᠦᠦ ᠭᠠᠮᠱᠢᠭ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠬᠦᠨᠳᠦ ᠭᠠᠮᠱᠢᠭ ᠬᠡᠴᠡᠭᠦᠦ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠭᠦᠨᠵᠡᠭᠡᠢ ᠰᠤᠳᠤᠯᠤᠨ ᠮᠠᠭᠠᠳᠯᠠᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠡᠭᠦᠯᠳᠡᠷᠵᠢᠭᠦᠯᠬᠦ ᠬᠡᠷᠡᠭᠳᠡᠢ᠃ ᠬᠠᠮ ᠠᠮᠤᠷ ᠲᠦᠪᠱᠢᠨ ᠬᠠᠮ ᠪᠠᠴᠢᠮ ᠪᠠᠢᠳᠠᠯ᠎ᠢ ᠠᠷᠭᠠᠴᠠᠭᠠᠬᠤ ᠪᠣᠷᠣ ᠲᠥᠯᠥᠪ᠎ᠦᠨ ᠳᠣᠣᠷᠠᠬᠢ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠤᠳᠤᠯᠭ᠎ᠠ ᠵᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠤᠯᠤᠰ᠎ᠤᠨ ᠶᠡᠷᠦᠩᠬᠡᠢᠯᠡᠭ᠌ᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠤᠯᠤᠰ᠎ᠤᠨ ᠣᠷᠣᠨ ᠪᠦᠰᠡ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠲᠥᠪ᠎ᠦᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠡᠢ᠃ ᠶᠡᠷᠦᠩᠬᠡᠢᠯᠡᠨ ᠠᠪᠤᠷᠠᠨ ᠲᠤᠰᠠᠯᠠᠬᠤ᠂ ᠱᠢᠯᠵᠢᠯᠲᠡ᠎ᠶ᠋ᠢᠨ ᠬᠤᠭᠤᠴᠠᠭᠠᠨ᠎ᠳᠤ ᠲᠥᠪᠬᠢᠨᠡᠭᠦᠯᠬᠦ᠌ ᠪᠠ ᠰᠡᠷᠭᠦᠭᠡᠨ ᠳᠠᠬᠢᠨ ᠪᠠᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠪᠠᠢᠭᠠᠯᠢ᠎ᠶ᠋ᠢᠨ ᠭᠠᠮᠱᠢᠭ᠎ᠢ ᠠᠷᠭᠠᠴᠠᠭᠠᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠪᠣᠯᠤᠨ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠪᠠᠴᠢᠮ ᠪᠠᠢᠳᠠᠯ᠎ᠢ ᠠᠷᠭᠠᠴᠠᠭᠠᠬᠤ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠱᠢᠨᠵᠢᠯᠡᠭᠡᠨ᠎ᠦ ᠪᠠᠢᠭᠤᠯᠤᠯᠲᠠ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠪᠠᠢᠭᠠᠯᠢ᠎ᠶ᠋ᠢᠨ ᠭᠠᠮᠱᠢᠭ᠎ᠤᠨ ᠰᠠᠭᠤᠷᠢ ᠰᠤᠳᠤᠯᠭᠠᠨ᠎ᠢ ᠭᠦᠨᠵᠡᠭᠡᠢ ᠥᠷᠨᠢᠭᠦᠯᠵᠦ᠍᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ ᠬᠡᠷᠡᠭᠳᠡᠢ᠃ ᠪᠠᠴᠢᠮ ᠪᠠᠢᠳᠠᠯ᠎ᠢ ᠠᠷᠭᠠᠴᠠᠭᠠᠬᠤ ᠬᠦᠷᠢᠶᠡᠨ᠎ᠳᠡᠬᠢ ᠬᠠᠤᠯᠢ ᠪᠡᠷ ᠵᠠᠰᠠᠬᠤ ᠱᠢᠰᠲ᠋ᠧᠮ᠎ᠢ ᠪᠦᠷᠢᠨᠱᠢᠬᠦᠯᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠬᠠᠤᠯᠢ ᠪᠡᠷ ᠵᠠᠰᠠᠬᠤ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠦᠨᠳᠦᠰᠦᠨ ᠱᠠᠳᠤ ᠪᠣᠯ ᠪᠠᠢᠭᠠᠯᠢ᠎ᠶ᠋ᠢᠨ ᠭᠠᠮᠱᠢᠭ᠎ᠢ ᠡᠰᠡᠷᠭᠦᠴᠡᠬᠦ᠌ ᠨᠢᠭᠡᠳᠦᠭᠡᠷ ᠹᠷᠣᠨᠲ ᠮᠥᠨ᠂ ᠦᠨᠳᠦᠰᠦᠨ ᠱᠠᠳᠤ᠎ᠶ᠋ᠢ ᠠᠳᠭᠤᠬᠤ᠂ ᠰᠠᠭᠤᠷᠢ᠎ᠶ᠋ᠢ ᠪᠡᠬᠢᠵᠢᠭᠦᠯᠬᠦ᠌ ᠠᠵᠢᠯ᠎ᠢ ᠢᠮᠠᠭ᠍ᠲᠠ ᠰᠤᠯᠠᠷᠠᠭᠤᠯᠵᠤ ᠪᠣᠯᠬᠤ ᠦᠭᠡᠢ᠃ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠲᠠᠯᠠᠪᠤᠷ ᠭᠠᠵᠠᠷ᠎ᠤᠨ ᠪᠦᠳᠦᠭᠡᠨ ᠪᠠᠢᠭᠤᠯᠤᠯᠲᠠ ᠪᠣᠯᠤᠨ ᠡᠳ᠋ ᠪᠣᠳᠠᠰ ᠲᠣᠨᠣᠭ᠍ᠯᠠᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠤᠯᠠᠨ᠎ᠢᠶᠠᠷ᠎ᠢᠶᠠᠨ ᠬᠡᠮᠵᠢᠵᠦ᠍ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠵᠠᠰᠠᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠡᠷᠴᠢᠮ᠎ᠢᠶᠡᠨ ᠨᠡᠮᠡᠭ᠌ᠳᠡᠭᠦᠯᠵᠦ᠍᠂ ᠪᠦᠬᠦ᠌ ᠠᠷᠠᠳ᠎ᠤᠨ ᠭᠠᠮᠱᠢᠭ᠎ᠢ ᠰᠡᠷᠭᠡᠢᠯᠡᠨ ᠠᠶᠤᠯ ᠡᠴᠡ ᠵᠠᠢᠯᠠᠬᠤ ᠦᠵᠡᠯ ᠤᠬᠠᠮᠰᠠᠷ ᠪᠣᠯᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠨᠠᠷᠢᠨ ᠬᠢᠨᠠᠮᠠᠭᠠᠢ ᠰᠠᠢᠲᠤᠷ ᠠᠳᠭᠤᠬᠤ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠵᠢᠯ᠎ᠤᠨ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠨᠢᠭᠡᠳᠭᠡᠬᠦ᠌ ᠰᠠᠯᠭᠠᠬᠤ᠎ᠶ᠋ᠢ ᠤᠶᠠᠯᠳᠤᠭᠤᠯᠬᠤ᠂ ᠰᠡᠷᠭᠡᠢᠯᠡᠬᠦ᠌ ᠠᠪᠤᠷᠠᠬᠤ᠎ᠶ᠋ᠢ ᠵᠣᠯᠭᠠᠭᠤᠯᠬᠤ᠂ ᠳᠡᠭᠡᠳᠦ ᠳᠤᠤᠷᠠᠳᠤ ᠱᠠᠲᠤ ᠬᠣᠯᠪᠣᠭᠠᠯᠠᠨ ᠬᠥᠳᠡᠯᠦᠯᠴᠡᠬᠦ᠌᠎ᠶ᠋ᠢ ᠪᠠᠷᠢᠮᠲᠠᠯᠠᠵᠤ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ᠂ ᠬᠠᠮᠵᠢᠯᠴᠠᠨ ᠬᠠᠮᠳᠤᠷᠠᠯᠴᠠᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠬᠥᠭ᠌ᠵᠢᠯᠲᠡ᠎ᠶ᠋ᠢ ᠴᠢᠬᠤᠯᠠᠴᠢᠯᠠᠨ ᠠᠮᠤᠷ ᠲᠦᠪᠱᠢᠨ᠎ᠢ ᠬᠥᠩᠭᠡᠪᠴᠢᠯᠡᠬᠦ᠌᠂ ᠭᠠᠮᠱᠢᠭ ᠡᠴᠡ ᠠᠪᠤᠷᠠᠬᠤ᠎ᠶ᠋ᠢ ᠴᠢᠬᠤᠯᠠᠴᠢᠯᠠᠨ ᠤᠷᠢᠳᠴᠢᠯᠠᠨ ᠰᠡᠷᠭᠡᠢᠯᠡᠬᠦ᠌᠎ᠶ᠋ᠢ ᠬᠥᠩᠭᠡᠪᠴᠢᠯᠡᠬᠦ᠌ ᠵᠡᠷᠭᠡ ᠬᠡᠯᠪᠡᠷᠢᠯ᠎ᠢ ᠡᠷᠡᠰ ᠵᠠᠯᠠᠷᠠᠭᠤᠯᠬᠤ ᠬᠡᠷᠡᠭᠳᠡᠢ᠃ ᠬᠥᠮᠦᠵᠢᠯ ᠪᠣᠯᠪᠠᠰᠤᠷᠠᠯ᠎ᠢ ᠴᠢᠩᠭᠠᠳᠭᠠᠵᠤ᠂ ᠡᠯ᠎ᠡ ᠱᠠᠲᠤᠨ᠎ᠤ ᠺᠠᠲ᠌ᠷ᠎ᠤᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠵᠤ ᠭᠠᠮᠱᠢᠭ ᠡᠴᠡ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 29 ᠤ᠋ ᠴᠠᠬᠢᠯᠭᠠᠨ ᠮᠡᠳᠡᠭᠡ)