ᠬᠤᠸᠠᠩ ᡁᠢ ᠴᠢᠶᠠᠩ ᠶᠠᠷᠢᠶ᠎ᠠ ᠲᠠᠯᠪᠢᠵᠤ ᠴᠢ᠊ ᠪᠠᠲᠤ ᠣᠷᠣᠯᠴᠠᠪᠠ
ᠰᠤᠷᠪᠤᠯᠵᠢᠯᠠᠭ᠍ᠴᠢ 4 ᠰᠠᠷ᠎ᠠ᠎ᠶᠢᠨ 28 ᠤ᠋ ᠡᠳᠦᠷ᠂ ᠪᠦᠬᠦ ᠣᠷᠣᠨ᠎ᠤ 《5·1》 ᠤ᠋ ᠠᠮᠠᠷᠠᠯᠲᠠ᠎ᠶᠢᠨ ᠡᠮᠦᠨ᠎ᠡ ᠬᠣᠢᠨᠠᠬᠢ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠸᠢᠳᠢᠤ᠋ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ᠪᠠᠲᠤ ᠬᠤᠷᠠᠯ᠎ᠳᠤ ᠣᠷᠣᠯᠴᠠᠪᠠ᠃
ᠬᠤᠸᠠᠩ ᡁᠢ ᠴᠢᠶᠠᠩ᠂ ᠣᠳᠣᠬᠠᠨ ᠳᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ᠎ᠦᠨ ᠪᠠᠢᠳᠠᠯ ᠮᠥᠨ ᠬᠦ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠢᠨ᠎ᠠ᠂ ᠵᠠᠮ ᠬᠠᠷᠢᠯᠴᠠᠭᠠᠨ᠎ᠤ ᠠᠮᠤᠷ ᠲᠦᠪᠰᠢᠨ ᠦ ᠴᠡᠭᠴᠡᠯᠡᠨ ᠵᠠᠰᠠᠯᠲᠠ ᠶᠢ ᠭᠦᠨᠵᠡᠭᠡᠢᠷᠡᠭᠦᠯᠵᠦ᠂ ᠰᠣᠶᠣᠯ ᠵᠢᠭᠤᠯᠴᠢᠯᠠᠯ ᠵᠡᠷᠭᠡ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭ᠎ᠠ ᠠᠩᠬᠠᠷᠴᠤ᠂ ᠨᠠᠰᠤᠲᠠᠨ᠎ᠢ ᠠᠰᠠᠷᠠᠬᠤ ᠬᠦᠷᠢᠶᠡᠯᠡᠩ ᠵᠡᠷᠭᠡ ᠣᠨᠴᠠᠭᠠᠢ ᠲᠠᠯᠠᠪᠤᠷ᠎ᠤᠨ ᠭᠠᠯ᠎ᠤᠨ ᠭᠠᠮᠰᠢᠭ᠋ ᠤᠨ ᠰᠡᠷᠭᠡᠢᠯᠡᠯᠲᠡ᠎ᠶᠢ ᠴᠢᠩᠭᠠᠳᠬᠠᠵᠤ᠂ ᠬᠤᠸᠠᠷ ᠫᠤᠤᠵᠢᠩ᠎ᠤᠨ ᠪᠦᠬᠦ ᠬᠡᠯᠬᠢᠶ᠎ᠡ᠎ᠪᠡᠷ《ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭᠴᠦ ᠬᠠᠤᠯᠢ ᠡᠴᠡ ᠵᠥᠷᠢᠴᠡᠭᠰᠡᠨ ᠠᠵᠢᠯᠯᠠᠭ᠎ᠠ ᠵᠢ ᠵᠠᠰᠠᠬᠤ》ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠢ᠋ᠢᠨ ᠪᠤᠲᠠᠰ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠴᠢᠩᠭ᠎ᠠ ᠰᠡᠷᠭᠡᠢᠯᠡᠬᠦ ᠬᠡᠷᠡᠭᠲᠡᠢ᠃ ᠦᠶᠡᠷ᠎ᠡᠴᠡ ᠡᠮᠦᠨᠡᠬᠢ ᠡᠯ᠎ᠡ ᠵᠦᠢᠯ᠎ᠦᠨ ᠪᠡᠯᠡᠳᠬᠡᠯ᠎ᠢ ᠨᠠᠷᠢᠨ ᠬᠢᠨᠠᠮᠠᠭᠠᠢ ᠰᠠᠢᠲᠤᠷ ᠬᠢᠵᠦ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ᠎ᠳᠦ ᠱᠠᠯᠠᠪᠳᠠᠨ ᠵᠠᠰᠠᠪᠤᠷᠢ ᠣᠷᠣᠭᠤᠯᠵᠤ᠂ ᠭᠡᠮ ᠰᠣᠭᠣᠭ᠎ᠢ ᠪᠠᠢᠴᠠᠭᠠᠨ ᠴᠡᠭᠴᠡᠯᠡᠬᠦ ᠵᠢ ᠴᠢᠩᠭᠠᠳᠬᠠᠵᠤ᠂ ᠦᠶᠡᠷ᠎ᠢ ᠰᠡᠷᠭᠡᠢᠯᠡᠬᠦ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠤᠰᠤᠳᠤᠯ ᠭᠠᠩᠳᠠᠯ᠎ᠤᠨ ᠭᠠᠮᠰᠢᠭ᠋᠎ᠤᠨ ᠠᠶᠤᠯ ᠲᠦᠭᠰᠢᠭᠦᠷᠢ᠎ᠶᠢ ᠴᠢᠩᠭ᠎ᠠ ᠰᠡᠷᠭᠡᠢᠯᠡᠨ ᠰᠢᠢᠳᠪᠦᠷᠢᠯᠡᠬᠦ ᠬᠡᠷᠡᠭᠲᠡᠢ᠃ ᠭᠣᠣᠯᠳᠠᠯᠭ᠎ᠠ᠎ᠲᠠᠢ ᠴᠠᠭ ᠬᠤᠭᠤᠴᠠᠭ᠎ᠠ᠎ᠶᠢᠨ ᠭᠣᠣᠯᠳᠠᠯᠭ᠎ᠠ᠎ᠲᠠᠢ ᠣᠷᠣᠨ ᠪᠠᠢᠷᠢ ᠶᠢ ᠴᠢᠩᠭ᠎ᠠ ᠠᠩᠬᠠᠷᠴᠤ᠂ ᠤᠯᠠᠨ ᠲᠦᠮᠡᠨ ᠦ ᠵᠢᠭᠤᠯᠴᠢᠯᠠᠬᠤ ᠪᠠᠷ ᠭᠠᠷᠬᠤ᠂ ᠬᠡᠭᠡᠷᠡᠯᠡᠨ ᠪᠠᠭᠤᠳᠠᠯᠯᠠᠬᠤ ᠵᠡᠷᠭᠡ ᠬᠥᠮᠥᠰ᠎ᠦᠨ ᠭᠠᠯ ᠤᠨ ᠢᠷᠡᠯᠲᠡ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠵᠤ᠂ ᠭᠠᠯ᠎ᠤᠨ ᠪᠠᠢᠳᠠᠯ᠎ᠢ ᠬᠢᠨᠠᠨ ᠬᠡᠮᠵᠢᠬᠦ᠎ᠶᠢ ᠴᠢᠩᠭᠠᠳᠬᠠᠵᠤ᠂ ᠲᠦᠷᠭᠡᠨ ᠰᠢᠢᠳᠪᠦᠷᠢᠯᠡᠬᠦ᠎ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号