ᠪᠦᠬᠦ ᠤᠯᠤᠰ᠎ᠤᠨ ᠤᠤᠭᠠᠨ ᠵᠤᠤᠬ᠎ᠠ 《ᠪᠤᠬᠢᠷᠳᠤᠯ ᠦᠭᠡᠢ ᠰᠢᠷᠠᠮᠤ》 ᠲᠠᠯ᠎ᠠ ᠵᠢᠨ ᠰᠠᠯᠬᠢ ᠲᠠᠢ ᠬᠠᠨᠢᠰᠠᠨ ᠮᠡᠨᠳᠤᠯᠠᠯ᠎ᠠ
2026-04-30 09:38:31
ᠵᠣᠬᠢᠶᠠᠭ᠍ᠴᠢ᠄
ᠸ·ᠭᠡᠷᠡᠯᠳᠤ ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

4 ᠰᠠᠷ᠎ᠠ ᠵᠢᠨ 27 ᠎ᠤ᠋ ᠡᠳᠦᠷ᠂ ᠪᠤᠭᠤᠲᠤ ᠬᠤᠳᠠ ᠵᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ᠎ᠤ ᠨᠡᠭᠦᠷᠡᠰᠦᠳᠦ᠋ᠷᠦᠭᠴᠢ ᠦᠬᠡᠢ ᠬᠦᠷᠢᠶᠡᠯᠡᠩ ᠲᠤᠭᠤᠷᠢᠭ᠎ᠤᠨ ᠶᠤᠸᠠᠨ ᠵᠢᠩ ᠪᠤᠬᠢᠷᠳᠤᠯ ᠦᠭᠡᠢ ᠰᠢᠨ᠎ᠠ ᠮᠠᠲᠧᠷᠢᠶᠠᠯ᠎ᠤᠨ ᠬᠢᠵᠠᠭᠠᠷᠳᠤ ᠺᠤᠮᠫᠠᠨᠢ ᠵᠢᠨ ᠪᠤᠬᠢᠷᠳᠤᠯ ᠦᠭᠡᠢ ᠴᠤᠯ ᠴᠡᠪᠡᠷ ᠲᠡᠮᠦᠷᠯᠢᠭ ᠬᠠᠢᠯᠤᠭᠤᠯᠤᠨ ᠪᠤᠯᠪᠠᠰᠤᠷᠠᠭᠤᠯᠬᠤ ᠲᠦᠷᠤᠯ ᠵᠦᠢᠯ᠎ᠤᠨ ᠲᠤᠬᠠᠢ ᠵᠢᠨ ᠲᠠᠯᠠᠪᠤᠷ ᠲᠤ᠌᠂ ᠮᠠᠰᠢᠨ ᠬᠦᠮᠦᠨ ᠦᠪᠴᠢ ᠪᠢᠳᠡᠭᠦᠮᠵᠢᠯᠡᠭᠰᠡᠨ ᠲᠡᠮᠦᠷ ᠬᠠᠢᠯᠤᠭᠤᠯᠬᠤ ᠵᠤᠤᠬ᠎ᠠ ᠵᠢᠨ ᠰᠢᠷᠠᠮᠤ ᠭᠠᠷᠭᠠᠬᠤ ᠠᠮᠠᠰᠠᠷ᠎ᠢ ᠠᠦ᠋ᠲ᠋ᠥ᠌ ᠪᠡᠷ ᠨᠡᠭᠡᠭᠡᠵᠦ᠂ ᠭᠠᠯ ᠤᠯᠠᠭᠠᠨ ᠰᠢᠷᠠᠮᠤ ᠲᠤᠶᠠᠭ᠎ᠠ ᠲᠠᠳᠠᠭᠤᠯᠤᠨ ᠤᠷᠤᠰᠤᠨ ᠭᠠᠷᠤᠬᠰᠠᠨ ᠪᠠᠢᠨ᠎ᠠ᠃ ᠡᠨᠡ ᠪᠤᠯ ᠪᠦᠬᠦ ᠤᠯᠤᠰ᠎ᠤᠨ ᠤᠤᠭᠠᠨ ᠵᠤᠤᠬ᠎ᠠ 《ᠰᠤᠷᠪᠤᠯᠵᠢ ᠲᠤᠤᠷ ᠲᠠᠭᠠᠭᠠᠴᠠ ᠨᠦᠬᠡᠴᠡ》 ᠵᠢᠨ ᠮᠡᠷᠭᠡᠵᠢᠯ ᠎ᠤᠨ ᠲᠤᠯᠭᠠᠭᠤᠷᠢᠯᠠᠯ ᠲᠤᠤᠷᠠᠬᠢ ᠪᠤᠬᠢᠷᠳᠤᠯ ᠦᠭᠡᠢ ᠬᠠᠢᠯᠤᠰᠢ ᠵᠢᠨ ᠰᠢᠷᠠᠮᠤ ᠪᠠᠢᠵᠦ᠂ ᠲᠡᠭᠦᠨ᠎ᠤ ᠴᠠᠬᠢᠯᠭᠠᠨ ᠬᠦᠴᠦ ᠨᠢ 40 ᠺᠢᠯᠤᠮᠧᠲᠷ ᠎ᠤᠨ ᠭᠠᠳᠠᠨᠠᠬᠢ ᠲᠠᠯ᠎ᠠ ᠨᠤᠳᠤᠭ᠎ᠤᠨ ᠰᠠᠯᠬᠢ ᠡᠴᠡ ᠢᠷᠡᠭᠰᠡᠨ ᠪᠠᠢᠨ᠎ᠠ᠃

ᠤᠷᠳᠤ ᠬᠤᠭᠤᠴᠠᠭᠠᠨ᠎ᠤ ᠲᠤᠷᠰᠢ᠂ ᠴᠠᠬᠢᠭᠤᠷ ᠮᠠᠩᠭᠠᠨ᠎ᠤ ᠬᠠᠢᠯᠤᠰᠢ ᠵᠢᠨ ᠲᠡᠮᠦᠷᠯᠢᠭ ᠪᠤᠯᠪᠠᠰᠤᠷᠠᠭᠤᠯᠬᠤ ᠪᠤᠯ ᠨᠡᠢᠳᠡᠯᠢᠭ ᠦᠨᠳᠤᠷ ᠡᠨᠧᠷᠬᠢ ᠵᠢᠨ ᠬᠤᠷᠤᠬᠳᠠᠯ ᠲᠠᠢ᠂ ᠦᠨᠳᠤᠷ ᠭᠠᠳᠠᠬᠰᠢᠯᠠᠭᠤᠯᠤᠯᠳᠠ ᠲᠠᠢ ᠠᠵᠢᠯ ᠲᠦᠷᠤᠯ ᠪᠠᠢᠵᠦ᠂ ᠤᠯᠠᠮᠵᠢᠯᠠᠯᠳᠤ ᠦᠢᠯᠡᠳᠪᠦᠷᠢᠯᠡᠯ᠎ᠤᠨ ᠮᠡᠷᠭᠡᠵᠢᠯ᠎ᠤᠨ ᠲᠤᠨ ᠪᠦᠷᠢ ᠵᠢᠨ ᠴᠠᠬᠢᠯᠭᠠᠨ᠎ᠤ ᠬᠤᠷᠤᠬᠳᠠᠯ ᠨᠢ ᠪᠠᠷᠤᠭ 4000 ᠭᠷᠠᠳᠦ᠋ᠰ ᠪᠠᠢᠵᠦ᠂ ᠢᠯᠴᠢ ᠵᠢᠨ ᠴᠠᠬᠢᠯᠭᠠᠨ ᠳ᠋ᠤ ᠨᠤᠴᠢᠳᠠᠢ ᠲᠦᠰᠢᠭᠯᠡᠵᠦ ᠪᠠᠢᠪᠠ᠃ ᠶᠤᠸᠠᠨ ᠵᠢᠩ ᠲᠦᠷᠤᠯ ᠵᠦᠢᠯ ᠨᠢ ᠡᠨᠧᠷᠬᠢ ᠵᠢᠨ ᠬᠠᠩᠭᠠᠯᠭ᠎ᠠ ᠪᠤᠯᠤᠨ ᠬᠠᠮᠢᠶᠠᠷᠤᠯᠳᠠ ᠵᠢᠨ ᠰᠢᠰᠲᠧᠮ᠎ᠢ ᠲᠠᠬᠢᠨ ᠪᠠᠢᠭᠤᠯᠵᠦ᠂ ᠶᠡᠷᠦᠩᠬᠡᠢ ᠬᠡᠪᠴᠢᠶᠡᠵᠢᠯ ᠨᠢ 12 ᠲᠦᠮᠡᠨ ᠺᠢᠯᠤᠧᠠᠲ ᠤ᠋ᠨ ᠰᠢᠨ᠎ᠠ ᠡᠨᠧᠷᠬᠢ᠂ 2.2 ᠲᠦᠮᠡᠨ ᠺᠢᠯᠤᠸᠠᠲ ᠎ᠤᠨ ᠡᠨᠧᠷᠬᠢ  ᠨᠦᠬᠡᠴᠡᠯᠡᠬᠦ ᠵᠢ ᠲᠤᠬᠢᠷᠠᠭᠤᠯᠤᠨ ᠪᠠᠢᠭᠤᠯᠵᠦ᠂ ᠪᠤᠬᠢᠷᠳᠤᠯ ᠦᠭᠡᠢ ᠴᠠᠬᠢᠯᠭᠠᠨ᠎ᠢ 110KV ᠬᠦᠴᠦᠳᠡᠯ ᠦᠭᠡᠷᠡᠴᠢᠯᠡᠬᠦ ᠦᠷᠳᠡᠭᠡ ᠪᠡᠷ ᠲᠠᠮᠵᠢᠭᠤᠯᠤᠨ ᠰᠢᠭᠤᠤᠨ ᠲᠡᠮᠦᠷ ᠬᠠᠢᠯᠤᠭᠤᠯᠬᠤ ᠵᠤᠤᠬ᠎ᠠ ᠳ᠋ᠤ ᠬᠦᠷᠭᠡᠵᠦ᠂ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ ᠬᠠᠷᠢᠴᠠᠯ ᠨᠢ 70% ᠳ᠋ᠤ ᠬᠦᠷᠴᠠᠢ᠃ ᠵᠢᠯ ᠪᠦᠷᠢ ᠵᠢᠨ ᠪᠠᠷᠤᠭ 5 ᠳ᠋ᠦᠩᠰᠢᠭᠤᠷ ᠺᠢᠯᠤᠧᠠᠲ ᠴᠠᠬᠢᠯᠭᠠᠨ ᠬᠡᠷᠡᠭᠯᠡᠬᠦ ᠬᠡᠮᠵᠢᠶ᠎ᠠ ᠲᠤᠳᠤᠷ᠎ᠠ᠂ 3.5 ᠳ᠋ᠦᠩᠰᠢᠭᠤᠷ ᠭᠷᠠᠳᠦ᠋ᠰ ᠨᠢ ᠰᠠᠯᠬᠢᠨ ᠬᠦᠴᠦᠨ ᠤ᠋ ᠴᠠᠬᠢᠯᠭᠠᠨ ᠡᠴᠡ ᠢᠷᠡᠯᠳᠠ ᠲᠠᠢ ᠪᠠᠢᠵᠦ᠂ ᠤᠯᠠᠮᠵᠢᠯᠠᠯᠳᠤ ᠦᠢᠯᠡᠳᠪᠦᠷᠢ ᠲᠠᠢ ᠠᠳᠠᠯᠢᠳᠬᠠᠪᠠᠯ ᠵᠢᠯ ᠳ᠋ᠤ ᠨᠡᠭᠦᠷᠡᠰᠦᠳᠦ᠋ᠷᠦᠭᠴᠢ ᠵᠢᠨ ᠲᠠᠪᠬᠤᠷ ᠢᠰᠤᠯ᠎ᠤᠨ ᠭᠠᠳᠠᠬᠰᠢᠯᠠᠭᠤᠯᠤᠯᠳᠠ ᠵᠢ  20 ᠲᠦᠮᠡᠨ ᠲᠤᠨ ᠡᠴᠡ ᠢᠯᠡᠬᠦᠦ ᠪᠠᠭᠠᠰᠬᠠᠵᠥ᠂ ᠡᠬᠢ ᠡᠬᠦᠰᠦᠯ ᠡᠴᠡ ᠨᠢ ᠨᠡᠭᠦᠷᠡᠰᠦᠳᠦ᠋ᠷᠦᠭᠴᠢ ᠵᠢᠨ ᠭᠠᠳᠠᠬᠰᠢᠯᠠᠭᠤᠯᠤᠯᠳᠠ ᠵᠢ ᠪᠠᠭᠠᠰᠬᠠᠬᠰᠠᠨ ᠪᠠᠢᠨ᠎ᠠ᠃

ᠲᠦᠷᠤᠯ ᠵᠦᠢᠯ ᠨᠢ 《ᠰᠤᠷᠪᠤᠯᠵᠢ ᠲᠤᠤᠷ ᠲᠠᠭᠠᠭᠠᠴᠠ ᠨᠦᠬᠡᠴᠡ ᠵᠢ ᠨᠢᠭᠡ ᠴᠤᠬᠴᠠᠵᠢᠭᠤᠯᠬᠤ》 ᠵᠠᠬᠪᠤᠷ᠎ᠢ ᠬᠡᠷᠡᠭᠯᠡᠵᠦ᠂ ᠤᠯᠠᠨ ᠰᠤᠷᠪᠤᠯᠵᠢ ᠵᠢᠨ ᠴᠠᠬᠢᠯᠭᠠᠨ ᠭᠠᠷᠭᠠᠬᠤ ᠳ᠋ᠤ ᠦᠪᠡᠰᠦᠪᠡᠨ ᠵᠤᠬᠢᠴᠠᠬᠤ ᠵᠤᠬᠢᠴᠠᠭᠤᠯᠤᠯᠳᠠ ᠵᠢᠨ ᠰᠢᠰᠲᠧᠮ ᠪᠤᠯᠤᠨ ᠡᠨᠧᠷᠬᠢ ᠨᠦᠬᠡᠴᠡᠯᠡᠬᠦ ᠤᠷᠬᠢᠯ ᠬᠡᠮᠵᠢᠭᠳᠡᠯ ᠢ᠋ ᠲᠤᠬᠢᠷᠠᠭᠤᠯᠬᠤ ᠪᠡᠷ ᠲᠠᠮᠵᠢᠨ᠂ ᠲᠤᠬᠳᠠᠭᠤᠨ ᠪᠤᠰᠤ ᠰᠠᠯᠬᠢ ᠵᠢ ᠡᠵᠡᠮᠳᠡᠵᠦ ᠪᠤᠯᠬᠤᠢᠴᠠ ᠠᠵᠤ ᠦᠢᠯᠡᠳᠪᠦᠷᠢ ᠵᠢᠨ ᠴᠠᠬᠢᠯᠭᠠᠨ ᠪᠤᠯᠭᠠᠨ ᠬᠤᠪᠢᠷᠠᠭᠤᠯᠵᠦ᠂ ᠰᠠᠯᠬᠢ ᠶᠡᠬᠡ ᠪᠤᠯ ᠢᠯᠡᠬᠦᠦ ᠬᠡᠷᠡᠭᠯᠡᠵᠦ᠂ ᠰᠠᠯᠬᠢ ᠪᠠᠭ᠎ᠠ ᠪᠤᠯ ᠨᠦᠬᠡᠴᠡ ᠡᠨ᠋ᠸᠷᠬᠢ ᠪᠡᠷ ᠨᠦᠬᠦᠪᠦᠷᠢᠯᠡᠭᠦ ᠪᠤᠯᠪᠠ᠃ ᠡᠭᠦᠨ᠎ᠤ ᠬᠠᠮᠳᠤ᠂ ᠪᠦᠬᠦ ᠶᠠᠪᠤᠴᠠ ᠵᠢᠨ ᠮᠠᠰᠢᠨ ᠬᠦᠮᠦᠨ᠎ᠤ ᠰᠢᠰᠲᠧᠮ ᠵᠢᠡᠷ ᠬᠦᠮᠦᠨ᠎ᠤ ᠬᠦᠴᠦ ᠵᠢ ᠤᠷᠤᠯᠠᠭᠤᠯᠵᠦ᠂ DCS ᠰᠢᠰᠲᠧᠮ ᠵᠢᠡᠷ ᠨᠠᠷᠢᠯᠢᠭ ᠤᠨᠤᠴᠠᠳᠠᠢ ᠡᠵᠡᠮᠳᠡᠬᠦ ᠪᠤᠯᠤᠨ ᠲᠦᠪᠯᠡᠷᠡᠭᠦᠯᠦᠨ ᠲᠤᠬᠢᠷᠠᠭᠤᠯᠬᠤ ᠵᠢ ᠪᠡᠶᠡᠯᠡᠬᠦᠯᠵᠦ᠂ ᠪᠡᠶ᠎ᠡ ᠪᠠᠨ ᠳᠠᠭᠠᠭᠠᠵᠥ ᠰᠤᠳᠤᠯᠤᠨ ᠨᠡᠬᠡᠬᠡᠭᠰᠡᠨ ᠤᠶᠤᠨᠴᠢᠯᠠᠬᠰᠠᠨ ᠲᠤᠬᠢᠷᠠᠭᠤᠯᠤᠯᠳᠠ ᠵᠢᠨ ᠰᠢᠰᠲᠧᠮ ᠨᠢ ᠮᠠᠰᠢᠨ᠎ᠢ ᠠᠰᠢᠬᠯᠠᠨ ᠪᠤᠳᠤᠯᠳᠠ ᠵᠢᠨ ᠠᠷᠭ᠎ᠠ ᠵᠢ ᠰᠤᠷᠤᠯᠴᠠᠵᠦ᠂ ᠲᠠᠭᠠᠭᠠᠴᠠ ᠵᠢ ᠬᠦᠳᠡᠯᠤᠩᠬᠦᠢ ᠰᠢᠯᠢᠳᠡᠭᠵᠢᠬᠦᠯᠵᠦ᠂ ᠮᠡᠷᠭᠡᠵᠢᠯ ᠨᠢ ᠪᠦᠬᠦ ᠪᠦᠮᠪᠦᠷᠴᠡᠭ᠎ᠤᠨ ᠬᠠᠢᠯᠤᠰᠢ ᠵᠢᠨ ᠠᠵᠢᠯ ᠲᠦᠷᠤᠯ ᠲᠤᠳᠤᠷ᠎ᠠ ᠤᠷᠤᠢᠯᠠᠬᠰᠠᠨ ᠪᠠᠢᠨ᠎ᠠ᠃

ᠲᠤᠰ ᠲᠦᠷᠤᠯ ᠵᠦᠢᠯ ᠨᠢ ᠠᠮᠢ ᠠᠬᠤᠢ᠂ ᠠᠵᠤ ᠠᠬᠤᠢ᠂ ᠨᠡᠢᠭᠡᠮ᠎ᠤᠨ ᠠᠰᠢᠭ ᠲᠤᠰᠠ ᠵᠢ ᠬᠠᠮᠳᠤᠳᠬᠠᠵᠦ᠂ ᠪᠦᠬᠦ ᠲᠠᠯ᠎ᠠ ᠪᠡᠷ ᠠᠰᠢᠬᠯᠠᠯᠳᠠ ᠳ᠋ᠤ ᠤᠷᠤᠬᠰᠠᠨ᠎ᠤ ᠲᠠᠷᠠᠭ᠎ᠠ ᠵᠢᠯ᠎ᠤᠨ ᠦᠢᠯᠡᠳᠪᠦᠷᠢᠯᠡᠯ᠎ᠤᠨ ᠦᠷᠳᠡᠭ ᠨᠢ 10 ᠳ᠋ᠦᠩᠰᠢᠭᠤᠷ ᠲᠦᠭᠦᠷᠢᠭ ᠲᠤ᠌ ᠬᠦᠷᠴᠦ᠂ ᠠᠰᠢᠭ ᠭᠠᠢᠯᠢ ᠨᠢ 5000 ᠲᠦᠮᠡᠨ ᠲᠦᠭᠦᠷᠢᠭ ᠲᠤ᠌ ᠬᠦᠷᠴᠦ᠂ ᠲᠤᠬᠠᠢ ᠵᠢᠨ ᠭᠠᠵᠠᠷ᠎ᠤᠨ 500 ᠬᠦᠮᠦᠨ᠎ᠢ ᠲᠠᠢᠴᠢᠯᠠᠨ ᠠᠵᠢᠯ ᠤᠯᠭᠤᠵᠦ᠂  ᠨᠡᠭᠦᠷᠡᠰᠦᠳᠦ᠋ᠷᠦᠭᠴᠢ ᠵᠢᠨ ᠭᠠᠳᠠᠬᠰᠢᠯᠠᠭᠤᠯᠤᠯᠳᠠ᠎ᠵᠢ ᠵᠢᠯ ᠪᠦᠷᠢ 20 ᠲᠦᠮᠡᠨ ᠲᠤᠨ ᠢᠯᠡᠬᠦᠦ ᠪᠠᠭᠠᠰᠬᠠᠬᠤ ᠪᠤᠯᠤᠨ᠎ᠠ᠃ ᠳᠡᠷᠡᠴᠢᠯᠡᠨ ᠰᠡᠭᠦᠯ ᠤ᠋ᠨ ᠬᠡᠢ᠎ᠵᠢ ᠬᠤᠷᠢᠶᠠᠨ ᠴᠠᠬᠢᠯᠭᠠᠨ ᠭᠠᠷᠭᠠᠵᠥ᠂ ᠲᠤᠭᠤᠰᠤ᠂ ᠰᠢᠭᠠᠷᠤ ᠡᠴᠡ ᠪᠤᠰᠤᠳ ᠢ᠋ ᠨᠢ ᠪᠦᠬᠦᠨ᠎ᠢ ᠭᠠᠳᠠᠬᠰᠢ ᠪᠤᠷᠤᠯᠠᠭᠤᠯᠤᠨ ᠡᠷᠬᠢᠯᠳᠤᠭᠦᠯᠦᠨ ᠠᠰᠢᠬᠯᠠᠵᠦ᠂ 《ᠬᠠᠶᠠᠬᠳᠠᠮᠠᠯ ᠦᠭᠡᠢ》 ᠦᠢᠯᠡᠳᠪᠦᠷᠢ ᠵᠢ ᠪᠡᠶᠡᠯᠡᠬᠦᠯᠬᠦ ᠪᠤᠯᠤᠨ᠎ᠠ᠃

ᠤᠢᠯᠠᠭᠠᠬᠰᠠᠨ ᠵᠢᠡᠷ᠂ ᠲᠤᠰ ᠲᠦᠷᠤᠯ ᠵᠦᠢᠯ᠎ᠤᠨ ᠠᠬᠢᠴᠠ ᠠᠪᠴᠠᠯᠳᠤᠭ᠎ᠠ ᠰᠠᠢᠳᠠᠢ ᠪᠠᠢᠵᠦ᠂ 2024 ᠤᠨ 8 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠎ᠤ ᠡᠨᠧᠷᠬᠢ ᠵᠢᠨ ᠲᠤᠪᠴᠢᠶ᠎ᠠ ᠪᠡᠷ ᠵᠦᠪᠰᠢᠶᠡᠷᠡᠭᠦᠯᠵᠦ᠂ 2026 ᠤᠨ᠎ᠤ 1 ᠰᠠᠷ᠎ᠠ ᠳ᠋ᠤ ᠦᠢᠯᠡᠳᠪᠦᠷᠢ ᠳ᠋ᠤ ᠴᠠᠬᠢᠯᠭᠠᠨ ᠬᠦᠷᠭᠡᠵᠦ᠂ 3 ᠰᠠᠷ᠎ᠠ ᠳ᠋ᠤ ᠰᠤᠷᠪᠤᠯᠵᠢ ᠲᠤᠤᠷ ᠲᠠᠭᠠᠭᠠᠴᠠ ᠨᠦᠬᠡᠴᠠ ᠵᠢᠨ ᠲᠦᠷᠤᠯ ᠵᠦᠢᠯ ᠪᠦᠬᠦᠯᠢ ᠴᠤᠬᠴᠠ ᠪᠡᠷ ᠵᠢᠡᠨ ᠴᠠᠬᠢᠯᠭᠠᠨ ᠬᠦᠷᠭᠡᠵᠦ᠂ 4 ᠰᠠᠷ᠎ᠠ ᠳ᠋ᠤ ᠰᠢᠷᠠᠮᠦ ᠬᠠᠢᠯᠤᠭᠤᠯᠵᠦ ᠭᠠᠷᠭᠠᠬᠰᠠᠨ ᠪᠠᠢᠨ᠎ᠠ᠃ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ᠎ᠤ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠲᠤᠭᠤᠷᠢᠭ᠎ᠤᠨ ᠬᠠᠮᠢᠶᠠᠷᠤᠯᠳᠠ ᠵᠢᠨ ᠵᠦᠪᠯᠡᠯ᠎ᠤᠨ ᠠᠵᠤ ᠠᠬᠤᠢ ᠵᠢᠨ ᠬᠦᠭᠵᠢᠯᠳᠡ ᠵᠢᠨ ᠬᠡᠯᠳᠡᠰ ᠎ᠤᠨ ᠲᠠᠷᠤᠭ᠎ᠠ ᠰᠤᠯᠤᠩᠭᠤᠸ᠎ᠠ ᠢᠯᠡᠳᠬᠡᠬᠦ ᠳ᠋ᠡᠭᠡᠨ᠂ ᠲᠤᠰ ᠲᠦᠷᠤᠯ ᠵᠦᠢᠯ ᠨᠢ 《ᠨᠢᠭᠡ ᠲᠤᠭᠤᠷᠢᠭ ᠲᠦᠷᠪᠡᠨ ᠬᠦᠷᠢᠶᠡᠯᠡᠩ》 ᠠᠵᠤ ᠦᠢᠯᠡᠰ᠎ᠤᠨ ᠪᠠᠢᠷᠢᠰᠢᠭᠤᠯᠤᠯᠳᠠ ᠵᠢᠨ ᠭᠤᠤᠯ ᠵᠢᠱ᠌ᠢᠶ᠎ᠠ ᠦᠵᠡᠬᠦᠯᠬᠦ ᠢᠨᠵᠧᠨᠧᠷᠢᠩ ᠪᠠᠢᠵᠦ᠂ ᠮᠦᠨ ᠴᠤ᠌ 《ᠰᠠᠯᠬᠢ ᠬᠡᠷᠡᠯ ᠤᠰᠤᠳᠦ᠋ᠷᠦᠭᠴᠢ ᠡᠨ᠋ᠸᠷᠬᠢ ᠨᠦᠬᠡᠴᠡᠯᠡᠬᠦ + ᠪᠤᠬᠢᠷᠳᠤᠯ ᠦᠭᠡᠢ ᠲᠡᠮᠦᠷᠯᠢᠭ ᠪᠤᠯᠪᠠᠰᠤᠷᠠᠭᠤᠯᠬᠤ》 ᠵᠢ ᠬᠠᠮᠳᠤᠳᠬᠠᠬᠰᠠᠨ ᠵᠠᠩᠬᠢᠯᠠᠭ᠎ᠠ ᠵᠢᠨ ᠠᠴᠢᠶᠠᠯᠠᠪᠤᠷᠢ ᠪᠤᠯᠵᠠᠢ ᠬᠡᠪᠡ᠃

ᠤᠤᠭᠠᠨ ᠵᠤᠤᠬ᠎ᠠ ᠪᠤᠬᠢᠷᠳᠤᠯ ᠦᠭᠡᠢ ᠰᠢᠷᠠᠮᠤ ᠵᠢᠨ ᠮᠠᠨᠳᠦᠯᠡᠭᠰᠡᠨ ᠨᠢ᠂ ᠲᠡᠮᠦᠷ ᠬᠠᠢᠯᠤᠭᠤᠯᠬᠤ ᠦᠨᠳᠤᠷ ᠵᠤᠤᠬ᠎ᠠ ᠲᠠᠯ᠎ᠠ ᠨᠤᠳᠤᠭ᠎ᠤᠨ ᠰᠠᠯᠬᠢᠨ ᠳ᠋ᠤ 《ᠦᠯᠢᠶᠡᠭᠳᠡᠨ》 ᠰᠢᠷᠠᠮᠦ ᠬᠠᠢᠯᠤᠭᠤᠯᠤᠨ ᠭᠠᠷᠭᠠᠵᠦ᠂ 《ᠦᠨᠳᠤᠷ ᠬᠠᠷᠢᠴᠠᠯ ᠲᠠᠢ ᠪᠤᠬᠢᠷᠳᠤᠯ ᠦᠭᠡᠢ ᠴᠠᠬᠢᠯᠭᠠᠨ ᠎ᠤ ᠰᠢᠭᠤᠳ ᠬᠠᠩᠭᠠᠯᠭ᠎ᠠ + ᠮᠠᠰᠢᠨ ᠬᠦᠮᠦᠨ ᠎ᠤ ᠬᠡᠪᠴᠢᠶᠡᠵᠢᠭᠰᠡᠨ ᠤᠷᠤᠯᠠᠭᠤᠯᠤᠯᠳᠠ + ᠪᠦᠬᠦ ᠶᠠᠪᠤᠴᠠ ᠵᠢᠨ ᠤᠶᠤᠨᠴᠢᠯᠠᠬᠰᠠᠨ ᠲᠤᠬᠢᠷᠠᠭᠤᠯᠤᠯᠳᠠ》 ᠵᠢ ᠪᠡᠶᠡᠯᠡᠬᠦᠯᠵᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠢᠨ᠎ᠠ ᠬᠡᠯᠪᠡᠷᠢ ᠵᠢᠨ ᠠᠵᠤ ᠦᠢᠯᠡᠳᠪᠦᠷᠢᠵᠢᠯᠳᠡ ᠪᠤᠯᠤᠨ ᠨᠡᠭᠦᠷᠡᠰᠦᠳᠦ᠋ᠷᠦᠭᠴᠢ ᠦᠭᠡᠢ ᠬᠦᠭᠵᠢᠯᠳᠡ ᠳ᠋ᠤ ᠬᠦᠴᠤᠳᠤ ᠵᠬᠠᠪᠤᠷ ᠬᠠᠩᠭᠠᠵᠦ᠂ ᠡᠬᠡ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠳᠦᠪᠰᠢᠨ ᠤ᠋ ᠬᠠᠯᠬᠠᠪᠴᠢ  ᠪᠤᠯᠤᠨ ᠤᠯᠤᠰ᠎ᠤᠨ ᠴᠢᠬᠤᠯᠠ ᠡᠨᠧᠷᠬᠢ ᠵᠢᠨ ᠰᠠᠭᠤᠷᠢᠨ᠎ᠢ ᠴᠤᠬᠴᠠᠯᠠᠬᠤ ᠳ᠋ᠤ 《ᠪᠤᠬᠢᠷᠳᠤᠯ ᠦᠭᠡᠢ ᠲᠦᠰᠦᠯ》 ᠬᠠᠩᠭᠠᠬᠰᠠᠨ ᠢ᠋ ᠬᠠᠷᠠᠭᠤᠯᠵᠥ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号