《ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠴᠢᠬᠤᠯᠠ ᠠᠷᠭ᠎ᠠ ᠬᠡᠮᠵᠢᠶ᠎ᠡ᠂ ᠦᠨᠳᠦᠰᠦᠲᠡᠨ ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠵᠠᠩᠭᠢᠯᠠᠭ᠎ᠠ ᠶ᠋ᠢᠨ ᠬᠣᠯᠪᠣᠭᠠᠰᠤ ᠪᠤᠯᠤᠨ᠎ᠠ》 ᠭᠡᠵᠦ ᠣᠷᠳᠣᠰ ᠬᠣᠲᠠ ᠵᠢᠨ ᠵᠡᠭᠦᠨᠭᠠᠷ ᠬᠣᠰᠢᠭᠤᠨ ᠤ᠋ ᠰᠤᠷᠭᠠᠨ ᠬᠥᠮᠦᠵᠢᠯ ᠪᠡᠶ᠎ᠡ ᠵᠢᠨ ᠲᠠᠮᠢᠷ ᠤ᠋ᠨ ᠲᠣᠪᠴᠢᠶ᠎ᠠ ᠵᠢᠨ ᠬᠡᠯᠡ ᠪᠢᠴᠢᠭ ᠤ᠋ᠨ ᠠᠯᠪᠠᠨ ᠭᠡᠷ ᠤ᠋ᠨ ᠬᠠᠷᠢᠭᠤᠴᠠᠯᠭᠠᠲᠠᠨ ᠵᠣᠣ ᠼᠠᠢ ᠯᠢᠶᠠᠨ ᠳᠦᠷᠦᠬᠦᠭᠡᠨ ᠵᠡᠭᠦᠨᠭᠠᠷ ᠬᠣᠰᠢᠭᠤᠨ ᠤ᠋ ᠱᠢ ᠵᠢᠢ ᠳᠤᠮᠳᠠᠳᠤ ᠰᠤᠷᠭᠠᠭᠤᠯᠢ ᠳ᠋ᠤ ᠶᠠᠪᠤᠭᠳᠠᠭᠰᠠᠨ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠳᠡᠭᠡᠷ᠎ᠡ ᠶᠠᠷᠢᠪᠠ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠢ ᠳ᠋ᠤ ᠪᠠᠭ᠍ᠰᠢ ᠨᠠᠷ ᠡᠴᠡ ᠦᠭᠡ ᠬᠡᠯᠡ ᠦᠰᠦᠭ ᠪᠢᠴᠢᠭ ᠢ᠋ ᠳᠦᠷᠢᠮᠵᠢᠭᠦᠨ ᠬᠡᠷᠡᠭᠯᠡᠬᠦ᠂ ᠰᠣᠩᠭᠣᠳᠠᠭ ᠰᠣᠶᠣᠯ ᠢ᠋ ᠤᠯᠠᠮᠵᠢᠯᠠᠬᠤ᠂ ᠰᠤᠷᠭᠠᠭᠤᠯᠢ ᠵᠢᠨ ᠬᠦᠷᠢᠶᠡᠨ ᠤ᠋ ᠦᠭᠡ ᠬᠡᠯᠡ ᠦᠰᠦᠭ ᠪᠢᠴᠢᠭ ᠤ᠋ᠨ ᠠᠵᠢᠯ ᠤ᠋ᠨ ᠦᠢᠯᠡᠳᠦᠯᠭᠡ ᠵᠡᠷᠭᠡ ᠭᠣᠣᠯ ᠰᠡᠳᠦᠪ ᠤ᠋ᠨ ᠲᠣᠭᠣᠷᠢᠨ ᠳ᠋ᠤ ᠳᠤᠷᠰᠢᠯᠭ᠎ᠠ ᠪᠡᠨ ᠬᠤᠪᠢᠶᠠᠯᠴᠠᠬᠤ ᠠᠵᠢᠯᠯᠠᠭ᠎ᠠ ᠥᠷᠨᠢᠭᠦᠯᠵᠡᠢ᠃ ᠤᠬᠠᠭᠤᠯᠤᠨ ᠲᠠᠢᠯᠪᠤᠷᠢᠯᠠᠬᠤ ᠶᠠᠪᠤᠴᠠ ᠳ᠋ᠤ ᠪᠠᠭ᠍ᠰᠢ ᠨᠠᠷ ᠠᠮᠢᠳᠤᠯᠢᠭ᠋ ᠵᠢᠱ᠌ᠢᠶ᠎ᠡ ᠪᠡᠷ ᠦᠨᠳᠦᠰᠦ ᠪᠣᠯᠭᠠᠵᠤ᠂ ᠪᠠᠲᠤᠲᠠᠢ ᠤᠨᠤᠯ ᠶ᠋ᠢᠡᠷ ᠰᠠᠭᠤᠷᠢ ᠪᠣᠯᠭᠠᠨ᠂ ᠨᠣᠮ ᠰᠤᠳᠤᠷ ᠡᠴᠡ ᠡᠰᠢ ᠲᠠᠲᠠᠵᠤ᠂ ᠬᠡᠯᠡ ᠰᠣᠶᠣᠯ ᠤ᠋ᠨ ᠠᠭᠤᠯᠤᠭᠳᠠᠬᠤᠨ ᠢ᠋ ᠲᠠᠢᠯᠪᠤᠷᠢᠯᠠᠨ᠂ ᠠᠵᠢᠯ ᠤ᠋ᠨ ᠪᠣᠳᠠᠲᠤ ᠲᠤᠷᠰᠢᠯᠭ᠎ᠠ ᠪᠠᠨ ᠬᠤᠪᠢᠶᠠᠯᠴᠠᠵᠤ᠂ ᠬᠦᠷ ᠬᠦᠭᠵᠢᠶᠡᠨ ᠶ᠋ᠢᠡᠷ ᠪᠢᠯᠬᠠᠨ᠎ᠠ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠳᠠᠭᠤᠰᠤᠭᠰᠠᠨ ᠤ᠋ ᠳᠠᠷᠠᠭ᠎ᠠ ᠤᠯᠠᠨ ᠶ᠋ᠢᠡᠷ ᠶ᠋ᠢᠡᠨ ᠪᠠᠰᠠ ᠴᠢᠯᠦᠭᠡᠳᠡᠢ ᠶᠠᠷᠢᠯᠴᠠᠭ᠎ᠠ ᠦᠷᠨᠢᠬᠦᠯᠦᠭᠰᠡᠨ ᠪᠠᠢᠨ᠎ᠠ᠃
ᠵᠡᠭᠦᠨᠭᠠᠷ ᠬᠣᠰᠢᠭᠤᠨ ᠤ᠋ ᠱᠢ ᠵᠢᠢ ᠳᠤᠮᠳᠠᠳᠤ ᠰᠤᠷᠭᠠᠭᠤᠯᠢ ᠪᠥᠬᠥ ᠬᠣᠰᠢᠭᠤᠨ ᠤ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠬᠦ ᠴᠢᠬᠤᠯᠠ ᠵᠢᠭ᠍ᠰᠠᠭᠠᠯ ᠤ᠋ᠨ ᠭᠠᠵᠠᠷ ᠪᠣᠯᠤᠭᠰᠠᠨ ᠤ᠋ ᠬᠤᠪᠢ ᠳ᠋ᠤ᠂ ᠪᠠᠷᠢᠮᠵᠢᠶ᠎ᠠ ᠠᠪᠢᠶ᠎ᠠ ᠵᠢ ᠲᠦᠭᠡᠮᠡᠯᠵᠢᠭᠦᠯᠬᠦ ᠪᠠ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠷᠢᠮᠵᠢᠭᠦᠨ ᠬᠡᠷᠡᠭᠯᠡᠬᠦ ᠠᠵᠢᠯ ᠤ᠋ᠨ ᠳᠤᠮᠳᠠ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ᠋ ᠪᠠᠳᠠᠷᠠᠭᠤᠯᠵᠤ᠂ ᠵᠡᠭᠦᠨᠭᠠᠷ ᠬᠣᠰᠢᠭᠤᠨ ᠤ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠬᠦ ᠰᠠᠭᠤᠷᠢᠨ ᠶ᠋ᠢᠡᠷ ᠦᠨᠡᠯᠡᠭᠳᠡᠪᠡ᠃ ᠲᠣᠰ ᠰᠠᠭᠤᠷᠢᠨ ᠳ᠋ᠤ ᠲᠦᠰᠢᠭᠯᠡᠨ᠂ ᠱᠢ ᠵᠢᠢ ᠳᠤᠮᠳᠠᠳᠤ ᠰᠤᠷᠭᠠᠭᠤᠯᠢ ᠪᠥᠬᠥ ᠬᠣᠰᠢᠭᠤᠨ ᠤ᠋ ᠦᠭᠡ ᠬᠡᠯᠡ ᠥᠰᠥᠭ ᠪᠢᠴᠢᠭ ᠤ᠋ᠨ ᠲᠤᠰᠬᠠᠢ ᠰᠡᠳᠦᠪᠲᠦ ᠪᠣᠯᠪᠠᠰᠤᠷᠠᠯ ᠢ᠋ ᠢᠳᠡᠪᠬᠢᠲᠡᠢ ᠳᠠᠭᠠᠭᠠᠴᠢᠯᠠᠨ ᠡᠷᠭᠢᠯᠡᠵᠦ᠂ ᠪᠥᠬᠥ ᠬᠣᠰᠢᠭᠤᠨ ᠤ᠋ ᠪᠠᠭ᠍ᠰᠢ᠂ ᠰᠣᠷᠣᠭ᠍ᠴᠢ ᠵᠢᠴᠢ ᠦᠨᠳᠦᠰᠦᠨ ᠱᠠᠲᠤᠨ ᠤ᠋ ᠦᠭᠡ ᠬᠡᠯᠡ ᠥᠰᠥᠭ ᠪᠢᠴᠢᠭ ᠤ᠋ᠨ ᠠᠵᠢᠯᠲᠠᠳ ᠲᠤ᠌ ᠴᠢᠭᠯᠡᠬᠦᠯᠦᠨ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠤᠬᠠᠭᠤᠯᠤᠨ ᠲᠠᠢᠯᠪᠤᠷᠢᠯᠠᠬᠤ ᠪᠠ ᠪᠣᠳᠠᠲᠠᠢ ᠪᠣᠯᠪᠠᠰᠤᠷᠠᠯ ᠤ᠋ᠨ ᠵᠢᠯᠣᠭᠣᠳᠤᠯᠭ᠎ᠠ ᠵᠢ ᠰᠢᠰᠲᠧᠮ ᠲᠠᠢ ᠥᠷᠨᠢᠭᠦᠯᠵᠦ᠂ ᠡᠯ᠎ᠡ ᠠᠵᠢᠯ ᠲᠥᠷᠥᠯ ᠤ᠋ᠨ ᠬᠢᠨ ᠤ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠬᠡᠷᠡᠭᠯᠡᠭᠡᠨ ᠤ᠋ ᠴᠢᠳᠠᠪᠤᠷᠢ ᠪᠠ ᠦᠭᠡ ᠬᠡᠯᠡ ᠥᠰᠥᠭ ᠪᠢᠴᠢᠭ ᠢ᠋ ᠳᠦᠷᠢᠮᠵᠢᠭᠦᠯᠬᠦ ᠲᠦᠪᠰᠢᠨ ᠢ᠋ ᠦᠨᠡᠨ ᠬᠦ᠌ ᠳᠡᠭᠡᠭᠰᠢᠯᠡᠭᠦᠯᠦᠨ᠂ ᠪᠥᠬᠥ ᠬᠣᠰᠢᠭᠤᠨ ᠤ᠋ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠤ ᠪᠠᠲᠤ ᠰᠠᠭᠤᠷᠢ ᠲᠠᠯᠪᠢᠵᠠᠢ᠃
ᠪᠠᠷᠢᠮᠵᠢᠶ᠎ᠠ ᠠᠪᠢᠶ᠎ᠠ ᠵᠢ ᠬᠡᠷᠡᠭᠯᠡᠭᠦ ᠭᠦᠨ ᠵᠤᠵᠠᠭᠠᠨ ᠠᠭᠤᠷ ᠠᠮᠢᠰᠬᠤᠯ ᠢ᠋ ᠪᠤᠢ ᠪᠣᠯᠭᠠᠬᠤ ᠵᠢᠨ ᠲᠥᠯᠥᠭᠡ᠂ ᠱᠢ ᠵᠢᠢ ᠳᠤᠮᠳᠠᠳᠤ ᠰᠤᠷᠭᠠᠭᠤᠯᠢ ᠠᠵᠢᠯᠯᠠᠭ᠎ᠠ ᠵᠢᠨ ᠬᠡᠯᠪᠡᠷᠢ ᠵᠢᠨ ᠲᠠᠯ᠎ᠠ ᠪᠡᠷ ᠰᠢᠨ᠎ᠡ ᠵᠢ ᠡᠭᠦᠳᠴᠦ᠂ ᠰᠣᠩᠭᠣᠳᠠᠭ ᠵᠣᠬᠢᠶᠠᠯᠤᠨ ᠤᠩᠰᠢᠯᠭ᠎ᠠ᠂ ᠶᠠᠷᠢᠶ᠎ᠠ ᠢᠯᠡᠳᠬᠡᠯ ᠤ᠋ᠨ ᠤᠷᠤᠯᠳᠤᠭᠠᠨ᠂ ᠦᠭᠡ ᠬᠡᠯᠡ ᠤᠷᠠᠯᠢᠭ᠋ ᠤ᠋ᠨ ᠨᠠᠢᠷ ᠵᠡᠷᠭᠡ ᠠᠵᠢᠯᠯᠠᠭ᠎ᠠ ᠵᠢ ᠪᠠᠢᠩᠭᠤᠵᠢᠭᠤᠯᠤᠨ ᠥᠷᠨᠢᠭᠦᠯᠬᠦ ᠶ᠋ᠢᠨ ᠬᠠᠮᠲᠤ᠂ 《ᠲᠣᠩᠰᠢᠭᠤᠯ ᠪᠤᠷᠤᠭᠤ ᠥᠰᠥᠭ ᠡᠷᠢᠬᠦ》 ᠵᠡᠷᠭᠡ ᠦᠢᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠢᠭᠤᠯᠵᠤ᠂ ᠪᠠᠭ᠍ᠰᠢ ᠰᠣᠷᠣᠭ᠍ᠴᠢᠳ ᠤ᠋ᠨ ᠦᠭᠡ ᠬᠡᠯᠡ ᠥᠰᠥᠭ ᠪᠢᠴᠢᠭ ᠢ᠋ ᠳᠦᠷᠢᠮᠵᠢᠭᠦᠨ ᠬᠡᠷᠡᠭᠯᠡᠬᠦ ᠤᠬᠠᠮᠰᠠᠷ ᠢ᠋ ᠴᠢᠩᠭᠠᠳᠬᠠᠨ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠷᠢᠮᠵᠢᠭᠦᠨ ᠬᠡᠷᠡᠭᠯᠡᠬᠦ ᠵᠢ ᠰᠤᠷᠭᠠᠭᠤᠯᠢ ᠵᠢᠨ ᠬᠦᠷᠢᠶᠡᠨ ᠤ᠋ ᠰᠢᠨ᠎ᠡ ᠬᠡᠪ ᠰᠤᠷᠲᠠᠯ ᠪᠣᠯᠭᠠᠭᠰᠠᠨ ᠪᠠᠢᠨ᠎ᠠ᠃
ᠡᠭᠦᠨ ᠡᠴᠡ ᠭᠠᠳᠠᠨ᠎ᠠ᠂ ᠲᠣᠰ ᠰᠤᠷᠭᠠᠭᠤᠯᠢ ᠰᠠᠨᠠᠭᠠᠴᠢᠯᠠᠭ᠎ᠠ ᠡᠴᠡ ᠪᠠᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ ᠠᠷᠭ᠎ᠠ ᠵᠠᠮ ᠢ᠋ ᠥᠷᠭᠡᠳᠬᠡᠵᠦ᠂ ᠵᠡᠭᠦᠨᠭᠠᠷ ᠬᠣᠰᠢᠭᠤᠨ ᠤ᠋ ᠬᠠᠮ ᠵᠠᠭᠤᠴᠢᠯᠠᠭᠤᠷ ᠤ᠋ᠨ ᠲᠥᠪ ᠲᠠᠢ ᠬᠠᠮᠲᠤᠷᠠᠨ᠂ 《ᠰᠤᠷᠤᠯᠴᠠᠶ᠎ᠠ》 ᠭᠡᠬᠦ ᠰᠢᠷᠢᠰ ᠬᠡᠯᠡ ᠰᠣᠶᠣᠯ ᠤ᠋ᠨ ᠫᠷᠣᠭ᠌ᠷᠠᠮ ᠢ᠋ ᠰᠢᠩᠭᠡᠬᠡᠨ ᠦᠢᠯᠡᠳᠴᠦ᠂ ᠵᠠᠭᠤᠴᠢᠯᠠᠭᠤᠷ ᠤ᠋ᠨ ᠲᠠᠪᠴᠠᠩ ᠢ᠋ ᠠᠰᠢᠭ᠍ᠯᠠᠨ᠂ ᠪᠠᠷᠢᠮᠵᠢᠶ᠎ᠠ ᠠᠪᠢᠶ᠎ᠠ ᠵᠢ ᠳᠦᠬᠡᠮᠡᠯᠵᠢᠬᠦᠯᠬᠦ ᠬᠡᠪᠴᠢᠶ᠎ᠡ ᠪᠠ ᠨᠥᠯᠥᠭᠡᠯᠡᠬᠦ ᠬᠦᠴᠦᠨ ᠢ᠋ ᠥᠷᠭᠡᠳᠬᠡᠪᠡ᠃ ᠪᠠᠰᠠ 《ᠭᠦᠸᠧ ᠲᠦᠩ ᠡᠭᠦᠯᠡᠨ ᠲᠠᠪᠴᠠᠩ》 ᠤ᠋ᠨ ᠪᠣᠯᠪᠠᠰᠤᠷᠠᠯ ᠤ᠋ᠨ ᠡᠭᠦᠷᠭᠡ ᠵᠢ ᠡᠭᠦᠷᠭᠡᠯᠡᠵᠦ᠂ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠮᠡᠳᠡᠭᠡ ᠵᠠᠩᠭᠢᠵᠢᠯᠲᠠ ᠵᠢᠨ ᠪᠠᠢᠭᠤᠯᠤᠯᠲᠠ ᠵᠢ ᠢᠳᠡᠪᠬᠢᠲᠡᠢ ᠠᠬᠢᠭᠤᠯᠤᠨ᠂ ᠪᠥᠬᠥ ᠬᠣᠰᠢᠭᠤᠨ ᠤ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ ᠳ᠋ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃