5 ᠰᠠᠷ᠎ᠠ᠎ᠶᠢᠨ 19᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠠᠯᠪᠠᠲᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ
ᠣᠯᠠᠨ ᠲᠦᠮᠡᠨ᠎ᠦ ᠪᠠᠢᠭᠤᠯᠭ᠎ᠠ (ᠠᠯᠪᠠᠲᠠᠨ᠎ᠤ ᠬᠠᠤᠯᠢ ᠪᠡᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠢ) ᠵᠢᠨ
2026 ᠣᠨ᠎ᠤ ᠠᠯᠪᠠᠲᠠᠨᠡᠯᠰᠡᠬᠦ ᠰᠢᠯᠭᠠᠯᠲᠠ ᠵᠢᠨ ᠨᠢᠭᠤᠷᠲᠠᠨ ᠰᠢᠯᠭᠠᠬᠤ ᠬᠠᠮᠢᠶ᠎ᠠ ᠪᠦᠬᠦᠢ ᠠᠵᠢᠯ᠎ᠤᠨ
ᠲᠤᠬᠠᠢ ᠠᠯᠪᠠᠨ ᠵᠠᠷᠯᠠᠯ》 ᠨᠡᠢᠲᠡᠯᠡᠪᠡ᠃
ᠲᠤᠰ ᠠᠯᠪᠠᠨ ᠵᠠᠷᠯᠠᠯ᠎ᠤᠨ ᠠᠭᠤᠯᠭ᠎ᠠ ᠵᠢ
ᠦᠨᠳᠦᠰᠦᠯᠡᠪᠡᠯ᠂ ᠨᠢᠭᠤᠷᠲᠠᠨ ᠰᠢᠯᠭᠠᠯᠲᠠ 5 ᠰᠠᠷ᠎ᠠ᠎ᠶᠢᠨ
23᠎ᠤ ᠡᠳᠦᠷ᠎ᠡᠴᠡ ᠡᠬᠢᠯᠡᠵᠦ᠂ ᠰᠢᠯᠭᠠᠭᠤᠯᠤᠭ᠍ᠴᠢ 5 ᠰᠠᠷ᠎ᠠ᠎ᠶᠢᠨ 21᠎ᠦ ᠡᠳᠦᠷ᠎ᠦᠨ 18:00 ᠠᠴᠠ ᠡᠬᠢᠯᠡᠨ
ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠭᠠᠷᠴᠤ 《ᠨᠢᠭᠤᠷᠲᠠᠨ ᠰᠢᠯᠭᠠᠬᠤ ᠮᠡᠳᠡᠭᠳᠡᠯ᠎ᠦᠨ ᠪᠢᠴᠢᠭ》᠎ᠢ ᠳᠠᠷᠤᠮᠠᠯᠯᠠᠵᠤ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ (ᠠᠵᠤ
ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭᠰᠡᠨ
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ᠂ ᠳᠠᠯᠠᠨ ᠬᠠᠷ᠎ᠠ
ᠠᠭᠤᠯᠠ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠣᠪᠴᠢᠶ᠎ᠠ)᠂ ᠳᠣᠲᠣᠭᠠᠳᠤ᠎ᠶᠢ
ᠬᠠᠮᠠᠭᠠᠯᠠᠬᠤ ᠰᠢᠰᠲᠧᠮ (ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ
ᠲᠣᠪᠴᠢᠶ᠎ᠠ ᠵᠢᠨ ᠲᠦᠷᠭᠡᠨ᠎ᠤ ᠵᠠᠰᠠᠮᠠᠯ ᠵᠠᠮ᠎ᠤᠨ ᠰᠠᠯᠪᠤᠷᠢ ᠠᠩᠭᠢ᠂ ᠳᠠᠯᠠᠨ ᠬᠠᠷ᠎ᠠ ᠠᠭᠤᠯᠠ᠎ᠶᠢᠨ ᠪᠠᠢᠭᠠᠯᠢ᠎ᠶᠢᠨ
ᠬᠠᠮᠠᠭᠠᠯᠠᠯᠲᠠ᠎ᠶᠢᠨ ᠣᠷᠣᠨ᠎ᠤ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠶᠡᠬᠡ ᠬᠢᠩᠭᠠᠨ
ᠳᠠᠪᠠᠭ᠎ᠠ᠎ᠶᠢᠨ ᠣᠶ ᠰᠢᠭᠤᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠠᠯᠪᠠᠳᠠᠯᠭ᠎ᠠ᠎ᠪᠠᠷ ᠡᠮᠴᠢᠯᠡᠭᠡ
ᠬᠢᠵᠦ ᠡᠷᠡᠭᠦᠯᠵᠢᠭᠦᠯᠬᠦ ᠲᠥᠪ)᠂ ᠪᠠᠢᠴᠠᠭᠠᠬᠤ ᠬᠣᠷᠢᠶ᠎ᠠ᠎ᠶᠢᠨ ᠰᠢᠰᠲᠧᠮ (ᠥᠪᠡᠷᠲᠡᠭᠡᠨ ᠵᠠᠰᠠᠬᠤ ᠣᠷᠣᠨ᠎ᠤ ᠲᠠᠰ)᠂
ᠭᠢᠨᠳᠠᠨ᠎ᠤ ᠰᠢᠰᠲᠧᠮ᠂ ᠬᠣᠣᠷ ᠲᠠᠲᠠᠬᠤ᠎ᠶᠢ ᠵᠣᠭᠰᠤᠭᠠᠬᠤ ᠰᠢᠰᠲᠧᠮ (ᠥᠪᠡᠷᠲᠡᠭᠡᠨ ᠵᠠᠰᠠᠬᠤ ᠣᠷᠣᠨ᠎ᠤ ᠲᠠᠰ)᠎ᠤᠨ
ᠠᠵᠢᠯ᠎ᠤᠨ ᠪᠠᠢᠷᠢ᠎ᠳᠤ ᠮᠡᠳᠡᠭᠦᠯᠦᠭᠰᠡᠳ᠎ᠤᠨ ᠨᠢᠭᠤᠷᠲᠠᠨ ᠰᠢᠯᠭᠠᠯᠲᠠ ᠵᠢᠬᠥᠬᠡᠬᠣᠲᠠᠳᠤ ᠨᠢᠭᠡᠳᠦᠯᠲᠡᠢ ᠶᠠᠪᠤᠬᠳᠠᠭᠤᠯᠤᠨ᠎ᠠ;
ᠪᠤᠰᠤᠳ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠦᠭᠰᠡᠳ᠎ᠤᠨ ᠨᠢᠭᠤᠷᠳᠠᠨ ᠰᠢᠯᠭᠠᠯᠳᠠ ᠵᠢ ᠡᠯ᠎ᠡ ᠠᠢᠮᠠᠭ ᠬᠣᠲᠠ
ᠶᠢᠨ ᠵᠠᠰᠠᠭ᠎ᠤᠨ ᠣᠷᠳᠣᠨ (ᠵᠠᠬᠢᠷᠭ᠎ᠠ)᠎ᠤ ᠪᠠᠢᠭ᠎ᠠ ᠭᠠᠵᠠᠷ᠎ᠲᠤ ᠶᠠᠪᠤᠬᠳᠠᠭᠤᠯᠤᠨ᠎ᠠ᠃ ᠪᠣᠳᠠᠲᠠᠢ ᠴᠠᠭ ᠪᠠ
ᠭᠠᠵᠠᠷ᠎ᠢ 《ᠨᠢᠭᠤᠷᠳᠠᠨ ᠰᠢᠯᠭᠠᠬᠤ ᠮᠡᠳᠡᠭᠳᠡᠯ᠎ᠦᠨ ᠪᠢᠴᠢᠭ》 ᠡᠴᠡ ᠨᠠᠷᠢᠨ ᠦᠵᠡᠭᠡᠷᠡᠢ᠃
ᠰᠢᠯᠭᠠᠭᠤᠯᠤᠭ᠍ᠴᠢ ᠪᠡᠶ᠎ᠡ᠎ᠶᠢᠨ ᠦᠨᠡᠮᠯᠡᠯ ᠪᠠ 《ᠨᠢᠭᠤᠷᠲᠠᠨ ᠰᠢᠯᠭᠠᠬᠤ
ᠮᠡᠳᠡᠭᠳᠡᠯ᠎ᠦᠨ ᠪᠢᠴᠢᠭ》᠎ᠢᠶᠡᠨ ᠠᠪᠴᠤ ᠨᠢᠭᠤᠷᠲᠠᠨ ᠰᠢᠯᠭᠠᠯᠲᠠ᠎ᠳᠤ ᠣᠷᠣᠯᠴᠠᠨ᠎ᠠ᠂
ᠨᠢᠭᠤᠷᠲᠠᠨ ᠰᠢᠯᠭᠠᠬᠤ ᠦᠶ᠎ᠡ᠎ᠳᠦ ᠡᠷᠬᠡᠪᠰᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠬᠠᠷᠢᠭᠤᠯᠬᠤ
ᠬᠡᠷᠡᠭᠳᠡᠢ᠃ ᠰᠢᠯᠭᠠᠯᠲᠠ᠎ᠶᠢᠨ ᠲᠠᠯᠠᠪᠤᠷ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠴᠢᠮᠡᠭᠡ ᠨᠡᠪᠲᠡᠷᠡᠯᠭᠡ᠎ᠶᠢᠨ
ᠲᠥᠬᠦᠭᠡᠷᠦᠮᠵᠢ ᠠᠪᠴᠤ ᠬᠤᠪᠢ ᠬᠥᠮᠥᠨ᠎ᠦ ᠮᠡᠳᠡᠭᠡ ᠵᠠᠩᠭᠢ᠎ᠪᠠᠨ ᠵᠠᠳᠠᠷᠠᠭᠤᠯᠬᠤ᠎ᠶᠢ ᠴᠢᠩᠭ᠎ᠠ ᠴᠠᠭᠠᠵᠠᠯᠠᠨ᠎ᠠ᠃
ᠰᠢᠯᠭᠠᠭᠤᠯᠤᠬᠴᠢ ᠨᠢᠭᠤᠷᠲᠠᠨ ᠰᠢᠯᠭᠠᠯᠲᠠ᠎ᠶᠢᠨ
ᠬᠢᠷᠢ ᠪᠦᠲᠦᠮᠵᠢ᠎ᠪᠠᠨ ᠳᠠᠷᠠᠭ᠎ᠠ ᠡᠳᠦᠷ᠎ᠦᠨ 11:00 ᠠᠴᠠ ᠬᠤᠢᠰᠢ ᠪᠠᠢᠴᠠᠭᠠᠨ ᠯᠠᠪᠯᠠᠵᠤ ᠪᠣᠯᠣᠨ᠎ᠠ᠂ ᠶᠡᠷᠦᠩᠬᠡᠢ
ᠬᠢᠷᠢ ᠪᠦᠲᠦᠮᠵᠢ ᠵᠢᠴᠢ ᠲᠠᠷᠠᠭᠠᠴᠢ᠎ᠶᠢᠨ ᠭᠣᠭᠴᠣᠭ᠎ᠠ᠎ᠳᠦ ᠤᠷᠤᠬᠰᠠᠨ ᠡᠰᠡᠭᠦ ᠵᠢ 5 ᠰᠠᠷ᠎ᠠ᠎ᠶᠢᠨ 30᠎ᠤ ᠡᠳᠦᠷ᠎ᠦᠨ 15:00 ᠠᠴᠠ ᠬᠣᠢᠰᠢ ᠥᠪᠥᠷ
ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠰᠦᠯᠵᠢᠶ᠎ᠡ ᠳᠦ ᠭᠠᠷᠴᠤ ᠪᠠᠢᠴᠠᠭᠠᠨ ᠯᠠᠪᠯᠠᠵᠤ
ᠪᠣᠯᠣᠨ᠎ᠠ᠃
ᠢᠷᠡᠯᠲᠡ᠄ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ
ᠰᠦᠯᠵᠢᠶ᠎ᠡ