ᠠᠷᠠᠳ ᠢᠷᠭᠡᠨ᠎ᠦ ᠪᠡᠶ᠎ᠡ᠎ᠶᠢᠨ ᠡᠷᠬᠡ ᠴᠢᠯᠦᠭᠡ᠎ᠳᠦ ᠬᠠᠯᠳᠠᠭᠰᠠᠨ ᠤᠯᠤᠰ ᠤ᠋ᠨ ᠲᠥᠯᠥᠪᠦᠷᠢ ᠮᠥᠩᠭᠥ᠎ᠶᠢᠨ ᠰᠢᠨ᠎ᠡ ᠪᠠᠷᠢᠮᠵᠢᠶ᠎ᠠ᠎ᠶᠢ ᠨᠡᠢᠲᠡᠯᠡᠪᠡ
2026-05-20 15:16:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠦᠷᠦᠭᠦᠬᠡᠨ ᠮᠡᠳᠡᠭᠳᠡᠯ ᠪᠠᠭᠤᠯᠭᠠᠵᠤ᠂ ᠡᠯ᠎ᠡ ᠱᠠᠲᠤᠨ᠎ᠤ ᠪᠠᠢᠴᠠᠭᠠᠬᠤ ᠬᠣᠷᠢᠶ᠎ᠠ ᠨᠤᠭᠤᠳ ᠬᠦᠮᠦᠨ᠎ᠤ ᠪᠡᠶ᠎ᠡ ᠵᠢᠨ ᠡᠷᠬᠡ ᠴᠢᠯᠦᠭᠡ᠎ᠳᠦ ᠬᠠᠯᠳᠠᠭᠰᠠᠨ ᠤᠯᠤᠰ᠎ᠤᠨ ᠲᠥᠯᠥᠪᠦᠷᠢ ᠵᠢᠨ ᠬᠡᠷᠡᠭ᠎ᠢ ᠰᠢᠢᠳᠪᠦᠷᠢᠯᠡᠬᠦ᠎ᠦᠶ᠎ᠡ᠎ᠳᠦ᠂ ᠡᠳᠦᠷ᠎ᠤᠨ 495.94 ᠲᠥᠭᠥᠷᠢᠭ᠎ᠤᠨ ᠲᠥᠯᠥᠪᠦᠷᠢ ᠵᠢᠨ ᠰᠢᠨ᠎ᠡ ᠪᠠᠷᠢᠮᠵᠢᠶ᠎ᠠ ᠵᠢ ᠬᠡᠷᠡᠭᠵᠢᠭᠦᠯᠭᠦ ᠬᠡᠷᠡᠭᠳᠡᠢ ᠬᠡᠵᠤ ᠱᠠᠭᠠᠷᠳᠠᠪᠠ᠃

ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠵᠠᠭᠠᠯᠳᠤᠯᠭ᠎ᠠ ᠭᠣᠮᠣᠳᠠᠯ ᠲᠣᠭᠠᠴᠢᠯᠲᠠ᠎ᠶᠢ ᠪᠠᠢᠴᠠᠭᠠᠬᠤ ᠲᠢᠩᠬᠢᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ 2026 ᠣᠨ᠎ᠤ 5 ᠰᠠᠷ᠎ᠠ᠎ᠶᠢᠨ 15 ᠎ᠤ ᠡᠳᠦᠷ ᠨᠡᠢᠲᠡᠯᠡᠭᠰᠡᠨ ᠵᠢᠡᠷ᠂ 2025 ᠣᠨ᠎ᠤ ᠪᠥᠬᠥ ᠤᠯᠤᠰ᠎ᠤᠨ ᠬᠣᠲᠠ ᠪᠠᠯᠭᠠᠰᠤᠨ᠎ᠤ ᠬᠤᠪᠢ᠎ᠶᠢᠨ ᠡᠵᠡᠩᠨᠡᠯᠲᠡ᠎ᠶᠢᠨ ᠪᠤᠰᠤ ᠨᠢᠭᠡᠴᠢ᠎ᠳᠦ ᠠᠵᠢᠯ ᠤᠯᠤᠬᠰᠠᠳ᠎ᠤᠨ ᠵᠢᠯ᠎ᠦᠨ ᠳᠤᠮᠳᠠᠴᠢ ᠴᠠᠯᠢᠩ 129441 ᠲᠥᠭᠥᠷᠢᠭ ᠪᠣᠯᠣᠨ᠎ᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠠᠩᠭᠠᠭᠰᠠᠨ ᠡᠳᠦᠷ᠎ᠦᠨ ᠳᠤᠮᠳᠠᠴᠢ ᠴᠠᠯᠢᠩ᠎ᠢ ᠪᠤᠳᠤᠬᠤ ᠲᠣᠮᠢᠶ᠎ᠠ ᠶᠣᠰᠣᠭᠠᠷ᠂ ᠡᠳᠦᠷ᠎ᠦᠨ ᠳᠤᠮᠳᠠᠴᠢ ᠴᠠᠯᠢᠩ 495.94 ᠲᠥᠭᠥᠷᠢᠭ ᠪᠣᠯᠣᠨ᠎ᠠ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠯᠥᠪᠦᠷᠢ᠎ᠶᠢᠨ ᠬᠠᠤᠯᠢ》᠎ᠶᠢᠨ ᠭᠤᠴᠢᠨ ᠭᠤᠷᠪᠠᠳᠤᠭᠠᠷ ᠵᠦᠢᠯ ᠪᠠ 《ᠡᠷᠡᠭᠦᠦ᠎ᠶᠢᠨ ᠬᠡᠷᠡᠭ᠎ᠦᠨ ᠲᠥᠯᠥᠪᠦᠷᠢ᠎ᠶᠢᠨ ᠬᠡᠷᠡᠭ᠎ᠢ ᠰᠢᠢᠳᠪᠦᠷᠢᠯᠡᠬᠦ᠎ᠳᠦ ᠬᠠᠤᠯᠢ ᠴᠠᠭᠠᠵᠠ᠎ᠶᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠲᠠᠢᠯᠪᠤᠷᠢᠯᠠᠯᠲᠠ》᠎ᠶᠢᠨ ᠬᠣᠷᠢᠨ ᠨᠢᠭᠡᠳᠦᠭᠡᠷ ᠵᠦᠢᠯ᠎ᠦᠨ 2 ᠳ᠋ᠤᠭᠠᠷ ᠪᠠᠳᠠᠭ᠎ᠤᠨ ᠲᠣᠭᠲᠠᠭᠠᠯ᠎ᠢ ᠦᠨᠳᠦᠰᠦᠯᠡᠪᠡᠯ᠂ ᠡᠯ᠎ᠡ ᠱᠠᠲᠤᠨ᠎ᠤ ᠪᠠᠢᠴᠠᠭᠠᠬᠤ ᠬᠣᠷᠢᠶ᠎ᠠ 2026 ᠣᠨ᠎ᠤ 5 ᠰᠠᠷ᠎ᠠ᠎ᠶᠢᠨ 18 ᠎ᠤ ᠡᠳᠦᠷ᠎ᠡᠴᠡ ᠡᠬᠢᠯᠡᠨ᠂ ᠤᠯᠤᠰ᠎ᠤᠨ ᠲᠥᠯᠥᠪᠦᠷᠢ᠎ᠶᠢᠨ ᠲᠣᠭᠲᠠᠭᠠᠯ ᠭᠠᠷᠭᠠᠬᠤ ᠦᠶ᠎ᠡ᠎ᠳᠦ᠂ ᠠᠷᠠᠳ ᠢᠷᠭᠡᠨ᠎ᠦ ᠪᠡᠶ᠎ᠡ᠎ᠶᠢᠨ ᠡᠷᠬᠡ ᠴᠢᠯᠦᠭᠡ᠎ᠳᠦ ᠬᠠᠯᠳᠠᠭᠰᠠᠨ ᠲᠥᠯᠥᠪᠦᠷᠢ᠎ᠶᠢᠨ ᠮᠥᠩᠭᠥ᠎ᠶᠢ ᠡᠳᠦᠷ ᠪᠦᠷᠢ 495.94 ᠲᠥᠭᠥᠷᠢᠭ᠎ᠢᠶᠡᠷ ᠪᠣᠳᠣᠨ᠎ᠠ᠃

ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号