ᠬᠦᠬᠡᠬᠤᠳᠠ᠎ᠵᠢᠨ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠠᠷᠠᠯᠵᠢᠶ᠎ᠠ ᠬᠤᠳᠠᠯᠳᠤᠭ᠎ᠠ ᠵᠢ ᠠᠭᠤᠰᠤᠯᠴᠠᠭᠤᠯᠬᠤ ᠱᠢᠷᠢᠰ ᠠᠵᠢᠯᠯᠠᠭ᠎ᠠ ᠡᠬᠢᠯᠡᠪᠡ
2026-05-27 10:54:24
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

5 ᠰᠠᠷ᠎ᠠ ᠶ᠋ᠢᠨ 20 ᠤ᠋ ᠡᠳᠦᠷ᠂ ᠬᠦᠬᠡᠬᠤᠳᠠ ᠵᠢᠨ ᠮᠠᠯ  ᠠᠵᠤ  ᠠᠬᠤᠶ  ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠠᠷᠠᠯᠵᠢᠶ᠎ᠠ ᠬᠤᠳᠠᠯᠳᠤᠭ᠎ᠠ ᠵᠢ ᠠᠭᠤᠰᠤᠯᠴᠠᠭᠤᠯᠬᠤ ᠱᠢᠷᠢᠰ ᠠᠵᠢᠯᠯᠠᠭ᠎ᠠ ᠡᠬᠢᠯᠡᠵᠦ᠂ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠲᠠᠭᠠᠨ ᠰᠠᠭᠤᠷᠢᠯᠠᠨ ᠵᠡᠭᠡᠯᠢ ᠲᠣᠭᠣᠷᠢᠭ ᠤ᠋ᠨ ᠬᠤᠷᠱᠢᠯᠴᠠᠭ᠎ᠠ᠂ ᠬᠤᠳᠠᠯᠳᠤᠭᠠᠨ ᠤ᠋ ᠲᠣᠭᠣᠷᠢᠭ ᠤ᠋ᠨ ᠲᠣᠭ᠍ᠯᠠᠯᠲᠠ᠂ ᠦᠵᠡᠮᠵᠢ ᠶ᠋ᠢᠨ ᠣᠷᠣᠨ ᠬᠡᠭᠡᠷ᠎ᠡ ᠪᠠᠭᠤᠳᠠᠯᠯᠠᠬᠤ ᠠᠷᠠᠳ ᠲᠦ᠍ ᠠᠱᠢᠭ ᠬᠦᠷᠲᠡᠭᠡᠬᠦ᠌ 3 ᠠᠭᠤᠯᠭ᠎ᠠ ᠪᠡᠷ ᠰᠣᠶᠣᠯ ᠵᠢᠭᠤᠯᠴᠢᠯᠠᠯ᠂ ᠪᠡᠶ᠎ᠡ ᠶ᠋ᠢᠨ ᠲᠠᠮᠢᠷ ᠪᠠ ᠠᠷᠠᠯᠵᠢᠶ᠎ᠠ ᠬᠤᠳᠠᠯᠳᠤᠭ᠎ᠠ ᠵᠡᠷᠭᠡ ᠣᠯᠠᠨ ᠡᠱᠢᠵᠢᠭ᠌ᠰᠡᠨ ᠡᠵᠡᠩᠨᠡᠯᠲᠡ ᠶ᠋ᠢᠨ ᠬᠡᠯᠪᠡᠷᠢ ᠵᠢ ᠭᠦᠨᠵᠡᠭᠡᠶ ᠠᠭᠤᠰᠤᠯᠴᠠᠭᠤᠯᠵᠤ᠂ ᠰᠢᠷᠢᠰ ᠠᠵᠢᠯᠯᠠᠭ᠎ᠠ ᠪᠠᠷ ᠬᠡᠷᠡᠭ᠌ᠯᠡᠭᠡ ᠵᠢ ᠬᠦᠭᠵᠢᠬᠡᠵᠦ ᠪᠠᠢᠨ᠎ᠠ᠃

ᠬᠦᠬᠡᠬᠤᠳᠠ ᠲᠤᠰ ᠰᠢᠷᠢᠰ ᠠᠵᠢᠯᠯᠠᠭ᠎ᠠ ᠳ᠋ᠠᠭᠠᠨ ᠭᠤᠤᠯ ᠬᠤᠳᠠᠯᠳᠤᠭᠠᠨ ᠤ᠋ ᠲᠣᠭᠣᠷᠢᠭ᠂ ᠱᠢᠨ᠎ᠡ ᠬᠠᠯᠠᠮᠰᠢᠯ ᠭᠠᠵᠠᠷ᠂ A ᠲᠠᠰ ᠤ᠋ᠨ ᠦᠵᠡᠮᠵᠢ ᠶ᠋ᠢᠨ ᠣᠷᠣᠨ᠂ ᠤᠨᠴᠠᠯᠢᠬ᠍ᠳᠤ ᠬᠡᠭᠡᠷ᠎ᠡ ᠪᠠᠭᠤᠳᠠᠯᠯᠠᠬᠤ ᠭᠠᠵᠠᠷ ᠵᠡᠷᠭᠡ ᠣᠯᠠᠨ ᠭᠠᠵᠠᠷ ᠣᠷᠣᠨ᠂ ᠣᠯᠠᠨ ᠥᠪᠡᠷᠮᠢᠴᠡ ᠤᠨᠴᠠᠯᠢᠬ᠍ᠳᠤ ᠠᠵᠢᠯᠯᠠᠭ᠎ᠠ ᠵᠢ ᠲᠤᠬᠢᠷᠠᠭᠤᠯᠵᠤ᠂ ᠵᠠᠯᠠᠭᠤᠵᠢᠭ᠍ᠰᠠᠨ ᠨᠡᠢᠭᠡᠮ ᠤ᠋ᠨ ᠬᠠᠷᠢᠯᠴᠠᠭᠠᠨ ᠤ᠋ ᠪᠡᠶᠡᠴᠢ ᠣᠢᠯᠠᠭᠠᠯᠲᠠ᠂ ᠤᠳᠭ᠎ᠠ ᠤᠷᠠᠯᠢᠭ ᠤ᠋ᠨ ᠬᠦᠷᠲᠡᠭᠡᠯ ᠪᠠ ᠠᠷᠠᠳ ᠲᠦ᠍ ᠠᠱᠢᠭ ᠬᠦᠷᠲᠡᠭᠡᠬᠦ᠌ ᠵᠢ ᠬᠠᠮᠲᠤ ᠳ᠋ᠤᠨᠢ ᠬᠠᠷᠠᠭᠠᠯᠵᠠᠵᠤ᠂ ᠬᠣᠲᠠ ᠶ᠋ᠢᠨ ᠠᠷᠠᠳ ᠵᠢᠴᠢ ᠵᠢᠭᠤᠯᠴᠢᠯᠠᠭᠰᠠᠳ ᠲᠦ᠍ ᠢᠳᠡᠭᠡᠱᠢᠭ᠌ᠰᠡᠨ ᠮᠠᠶᠢᠭ ᠤ᠋ᠨ᠂ ᠬᠠᠯᠠᠭᠤᠨ ᠲᠤᠳᠤᠨᠤ᠂ ᠬᠥᠷ ᠬᠥᠭ᠌ᠵᠢᠶᠡᠨ ᠲᠡᠶ ᠷᠣᠮᠠᠨᠲ᠋ᠢᠭ ᠠᠭᠤᠷ ᠠᠮᠢᠰᠬᠤᠯ ᠢ᠋ ᠪᠤᠢ ᠪᠤᠯᠭᠠᠪᠠ᠃ ᠰᠢᠷᠢᠰ ᠠᠵᠢᠯᠯᠠᠭ᠎ᠠ ᠳ᠋ᠠᠭᠠᠨ ᠨᠢᠭᠡ ᠲᠠᠯ᠎ᠠ ᠪᠠᠷ ᠬᠤᠳᠠᠯᠳᠤᠭᠠᠨ ᠤ᠋ ᠭᠤᠤᠯ ᠲᠣᠭᠣᠷᠢᠭ ᠲᠦ᠍ ᠤᠷᠠᠨ ᠰᠠᠢᠬᠠᠨ ᠤ᠋ ᠲᠣᠭ᠍ᠯᠠᠯᠲᠠ ᠭᠠᠷᠭᠠᠨ᠂ ᠬᠠᠯᠠᠮᠰᠢᠯ ᠨᠠᠭᠠᠳᠤᠮ ᠤ᠋ᠨ ᠠᠵᠢᠯᠯᠠᠭ᠎ᠠ ᠨᠢ ᠬᠥᠮᠦᠰ ᠤ᠋ᠨ ᠬᠦᠷᠢᠶᠡᠯᠡᠯ ᠢ᠋ ᠣᠯᠵᠤ ᠂ ᠬᠤᠳᠠᠯᠳᠤᠭᠠᠨ ᠤ᠋ ᠲᠠᠯᠠᠪᠤᠷ ᠤ᠋ᠨ ᠢᠳᠡᠭᠡᠨ ᠤᠮᠳᠠᠭᠠᠨ ᠤ᠋ ᠪᠤᠷᠤᠯᠠᠭᠤᠯᠭ᠎ᠠ᠂ ᠵᠢᠵᠢᠭ᠌ᠯᠡᠨ ᠬᠤᠳᠠᠯᠳᠤᠬᠤ᠂ ᠵᠤᠭ᠎ᠠ ᠴᠡᠩᠭᠡᠯ ᠵᠡᠷᠭᠡ ᠡᠵᠡᠩᠨᠡᠯᠲᠡ ᠶ᠋ᠢᠨ ᠬᠡᠯᠪᠡᠷᠢ ᠪᠠᠢᠳᠠᠯ ᠢ᠋ ᠳᠠᠢᠴᠢᠯᠠᠪᠠ; ᠨᠥᠭᠥᠭᠡ ᠲᠠᠯ᠎ᠠ ᠪᠠᠷ ᠪᠥᠬᠥ᠌ ᠣᠷᠣᠨ ᠪᠦᠰᠡ ᠶ᠋ᠢᠨ ᠦᠵᠡᠮᠵᠢ ᠶ᠋ᠢᠨ ᠣᠷᠣᠨ ᠪᠠ ᠬᠡᠭᠡᠷ᠎ᠡ ᠪᠠᠭᠤᠳᠠᠯᠯᠠᠬᠤ ᠭᠠᠵᠠᠷ ᠲᠦ᠍ ᠠᠷᠠᠳ ᠲᠦ᠍ ᠠᠱᠢᠭ ᠬᠦᠷᠲᠡᠭᠡᠬᠦ᠌ ᠲᠤᠰᠭᠠᠶ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠵᠢ ᠬᠡᠷᠡᠭ᠌ᠵᠢᠭᠦᠯᠵᠦ᠍᠂ ᠬᠡᠪᠳᠡᠭᠡ ᠦᠬᠡᠷ ᠤ᠋ᠨ ᠲᠤᠬᠤᠢ ᠬᠠᠲᠤᠨ ᠭᠤᠤᠯ ᠤ᠋ᠨ ᠶᠡᠬᠡ ᠬᠠᠪᠴᠢᠯ᠂ ᠬᠠᠷᠠᠠᠤᠰᠤ ᠨᠠᠭᠤᠷ ᠤ᠋ᠨ ᠦᠵᠡᠮᠵᠢ ᠶ᠋ᠢᠨ ᠣᠷᠣᠨ᠂ ᠳ᠋ᠠ ᠱᠧᠩ ᠺᠦᠶ ᠶ᠋ᠢᠨ ᠮᠦᠽᠧᠶ ᠶ᠋ᠢᠨ ᠰᠦᠷᠦᠭ᠌ᠵᠢᠯ᠂ ᠴᠢᠩ ᠷᠠᠨ ᠬᠡᠭᠡᠷ᠎ᠡ ᠪᠠᠭᠤᠳᠠᠯᠯᠠᠬᠤ ᠭᠠᠵᠠᠷ ᠵᠡᠷᠭᠡ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠶ ᠡᠬᠢ ᠪᠠᠶᠠᠯᠢᠭ ᠢ᠋ ᠬᠠᠮᠤᠷᠴᠠᠢ᠃ ᠠᠷᠠᠳ ᠲᠦ᠍ ᠠᠰᠢᠭ ᠬᠦᠷᠳᠡᠭᠡᠬᠦ ᠬᠢᠮᠳᠠᠷᠠᠯ ᠨᠢ ᠡᠭᠦᠳᠡᠨ ᠪᠢᠯᠧᠲ ᠤ᠋ᠨ ᠬᠢᠮᠳᠠᠷᠠᠯ᠂ ᠪᠠᠭᠤᠳᠠᠯ ᠤ᠋ᠨ ᠬᠢᠮᠳᠠᠷᠠᠯ᠂ ᠵᠢᠭᠤᠯᠴᠢᠯᠠᠯ ᠤ᠋ᠨ ᠣᠩᠭᠣᠴᠠᠨ ᠤ᠋ ᠣᠨᠴᠠ ᠬᠠᠷᠠᠭᠠᠯᠵᠠᠯ᠂ ᠪᠦᠳᠦᠬᠡᠯᠴᠢ ᠰᠣᠶᠣᠯ ᠤ᠋ᠨ ᠦᠢᠯᠡᠳᠬᠦᠨ ᠤ᠋ ᠠᠱᠢᠭ ᠣᠯᠭᠣᠯᠲᠠ᠂ ᠳᠡᠯᠭᠡᠬᠦᠷ ᠤ᠋ᠨ ᠲᠤᠰᠭᠠᠶ ᠬᠠᠷᠠᠭᠠᠯᠵᠠᠯ᠂ ᠬᠡᠭᠡᠷ᠎ᠡ ᠪᠠᠭᠤᠳᠠᠯᠯᠠᠬᠤ ᠲᠤᠰᠭᠠᠶ  ᠨᠥᠬᠥᠪᠥᠷᠢ  ᠵᠡᠷᠭᠡ  ᠣᠯᠠᠨ ᠵᠦᠶ᠋ᠯ  ᠢ᠋  ᠬᠠᠮᠤᠷᠴᠤ᠌᠂ ᠬᠠᠷᠠᠭᠠᠯᠵᠠᠯ  ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号