ᠪᠦᠬᠦ ᠤᠯᠤᠰ᠎ᠤᠨ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠭ᠎ᠠ ᠪᠠ ᠠᠷᠭ᠎ᠠ ᠬᠡᠮᠵᠢᠶ᠎ᠡ ᠳ᠋ᠤ ᠦᠪᠦᠷ ᠮᠤᠩᠭᠤᠯ᠎ᠤᠨ 1 ᠲᠦᠷᠦᠯ ᠵᠦᠶ᠋ᠯ ᠰᠤᠩᠭᠤᠬᠳᠠᠪᠠ
2026-05-07 09:36:39
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠣᠢᠷ᠎ᠠ᠎ᠳᠤ  ᠣᠷᠣᠨ ᠰᠠᠭᠤᠴᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠠᠯᠪᠠᠨ ᠲᠢᠩᠬᠢᠮ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠠᠯᠪᠠᠨ ᠲᠢᠩᠬᠢᠮ ᠬᠠᠮᠲᠤᠷᠠᠨ 《ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢᠨ ᠬᠠᠭᠤᠯᠪᠤᠷᠢᠯᠠᠵᠤ ᠪᠣᠯᠬᠤᠢᠴᠠ ᠲᠤᠷᠱᠢᠯᠭ᠎ᠠ ᠪᠠ ᠠᠷᠭ᠎ᠠ ᠬᠡᠮᠵᠢᠶ᠎ᠡ᠎ᠶ᠋ᠢᠨ ᠲᠣᠳᠣᠷᠬᠠᠶ ᠬᠠᠭᠤᠳᠠᠰᠤ (ᠲᠦᠷᠦᠭᠦᠤ ᠪᠦᠯᠦᠭ)》 ᠶ᠋ᠢ ᠳᠠᠷᠤᠮᠠᠯᠯᠠᠨ ᠲᠠᠷᠬᠠᠭᠠᠵᠤ᠂ ᠮᠠᠨ᠎ᠤ ᠣᠷᠣᠨ᠎ᠤ ᠤᠷᠳᠤᠰ ᠬᠤᠲᠠ᠎ᠵᠢᠨ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠦᠷᠦᠯ ᠵᠦᠢᠯ ᠨᠢ ᠠᠮᠵᠢᠯᠲᠠ᠎ᠲᠠᠶ ᠰᠣᠩᠭᠣᠭ᠍ᠳᠠᠪᠠ᠃

ᠤᠢᠯᠠᠭᠠᠬᠰᠠᠨ ᠵᠢᠡᠷ᠂ ᠣᠷᠳᠣᠰ ᠬᠣᠲᠠ᠎ᠶ᠋ᠢᠨ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠭ᠎ᠠ ᠪᠠ ᠠᠷᠭ᠎ᠠ ᠬᠡᠮᠵᠢᠶ᠎ᠡ ᠨᠢ ᠰᠠᠭᠠᠳ ᠥᠬᠡᠶ ᠲᠦᠬᠦᠭᠡᠷᠦᠮᠵᠢ᠎ᠶ᠋ᠢ ᠥᠭᠡᠷᠡᠴᠢᠯᠡᠨ ᠳᠡᠰ ᠳᠡᠪᠰᠢᠬᠦᠯᠬᠦ᠌᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠪᠠᠢᠴᠠᠭᠠᠯᠲᠠ ᠦᠷᠨᠢᠬᠦᠯᠵᠦ᠂ ᠬᠣᠲᠠ᠎ᠶ᠋ᠢᠨ ᠤᠷᠴᠢᠨ ᠲᠤᠭᠤᠷᠢᠨ᠎ᠤ ᠪᠠᠢᠴᠠᠭᠠᠯᠲᠠ ᠬᠢᠭᠡᠳ ᠰᠠᠭᠠᠳ ᠥᠬᠡᠶ ᠤᠷᠴᠢᠨ ᠲᠤᠭᠤᠷᠢᠨ᠎ᠤ ᠪᠠᠢᠴᠠᠭᠠᠯᠲᠠ ᠵᠢ ᠤᠷᠭᠠᠨᠢᠭ᠎ᠢᠶᠠᠷ ᠤᠶᠠᠯᠳᠤᠭᠤᠯᠪᠠ᠃ ᠲᠣᠮᠣ ᠳ᠋ᠠᠢᠲ᠋ᠠ᠎ᠶ᠋ᠢᠨ ᠮᠡᠷᠭᠡᠵᠢᠯ᠎ᠢ ᠠᠱᠢᠭ᠍ᠯᠠᠨ᠂ ᠰᠠᠭᠠᠳ ᠥᠬᠡᠶ ᠤᠷᠴᠢᠨ ᠲᠤᠭᠤᠷᠢᠨ᠎ᠤ ᠪᠠᠢᠴᠠᠭᠠᠯᠲᠠ ᠵᠢᠴᠢ ᠥᠭᠡᠷᠡᠴᠢᠯᠡᠬᠦ᠌ ᠲᠥᠷᠥᠯ ᠵᠦᠶ᠋ᠯ᠎ᠢ ᠭᠦᠨᠵᠡᠭᠡᠶ ᠠᠭᠤᠰᠤᠯᠴᠠᠭᠤᠯᠵᠤ᠂ ᠴᠤᠭ᠍ᠯᠠᠭᠤᠯᠬᠤ᠂ ᠬᠡᠮᠵᠢᠬᠦ᠌᠂ ᠮᠠᠭᠠᠳᠯᠠᠬᠤ᠂ ᠪᠦᠷᠢᠳᠭᠡᠬᠦ᠌᠂ ᠬᠠᠮᠢᠶᠠᠷᠬᠤ᠎ᠶ᠋ᠢ ᠬᠠᠮᠤᠷᠤᠭ᠍ᠰᠠᠨ ᠪᠦᠷᠢᠨ ᠪᠦᠲᠦᠨ ᠱᠢᠰᠲ᠋ᠧᠮ᠎ᠢ ᠪᠠᠢᠭᠤᠯᠪᠠ᠃ ᠡᠭᠦᠨ᠎ᠦ ᠬᠠᠮᠲᠤ᠂ ᠰᠠᠭᠠᠳ ᠥᠬᠡᠶ ᠣᠶᠤᠨᠴᠢ ᠵᠠᠰᠠᠯᠲᠠ᠎ᠶ᠋ᠢᠨ ᠲᠠᠪᠴᠠᠩ᠎ᠢ ᠪᠠᠢᠭᠤᠯᠵᠤ᠂ ᠰᠠᠭᠠᠳ ᠥᠬᠡᠶ ᠤᠷᠴᠢᠨ ᠲᠤᠭᠤᠷᠢᠨ᠎ᠤ ᠪᠠᠢᠴᠠᠭᠠᠯᠲᠠ᠎ᠶ᠋ᠢᠨ 《ᠨᠢᠭᠡ ᠬᠤᠪᠢ ᠵᠢᠷᠤᠭ》 ᠢ᠋ ᠪᠦᠷᠢᠯᠳᠦᠭᠦᠯᠵᠦ᠍᠂ ᠶᠡᠬᠡ ᠬᠡᠮᠵᠢᠶ᠎ᠡ᠎ᠪᠡᠷ ᠥᠭᠡᠷᠡᠴᠢᠯᠡᠨ ᠵᠠᠰᠠᠬᠤ ᠢᠨᠵᠧᠨᠧᠷᠢᠩ᠎ᠦᠨ ᠨᠠᠷᠢᠨ ᠲᠠᠩᠰᠠ᠎ᠶ᠋ᠢ ᠪᠣᠶ ᠪᠣᠯᠭᠠᠵᠤ᠂ ᠰᠠᠭᠠᠳ ᠥᠬᠡᠶ ᠤᠷᠴᠢᠨ ᠲᠤᠭᠤᠷᠢᠨ᠎ᠢ᠎ᠥᠭᠡᠷᠡᠴᠢᠯᠡᠨ ᠵᠠᠰᠠᠬᠤ ᠠᠵᠢᠯ᠎ᠳᠤ ᠲᠤᠢᠯ᠎ᠤᠨ ᠣᠨᠣᠪᠴᠢᠲᠠᠶ ᠵᠢᠯᠣᠭᠣᠳᠣᠯᠭ᠎ᠠ ᠬᠠᠩᠭᠠᠪᠠ᠃

ᠡᠨᠡ ᠬᠦ᠌ ᠱᠢᠨ᠎ᠡ᠎ᠶ᠋ᠢ ᠡᠭᠦᠳᠦᠭᠰᠡᠨ ᠦᠢᠯᠡᠳᠦᠯᠭᠡ ᠨᠢ ᠮᠠᠨ᠎ᠤ ᠣᠷᠣᠨ᠎ᠤ ᠰᠠᠭᠠᠳ ᠦᠭᠡᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠪᠦᠬᠦ᠌ ᠤᠯᠤᠰ᠎ᠤᠨ ᠰᠠᠭᠠᠳ ᠦᠭᠡᠢ ᠣᠷᠴᠢᠨ ᠲᠣᠭᠣᠷᠢᠨ᠎ᠤ ᠪᠦᠳᠦᠭᠡᠨ ᠪᠠᠢᠭᠤᠯᠤᠯᠲᠠ᠎ᠳᠤ ᠦᠯᠢᠭᠡᠷ ᠬᠡᠪ ᠬᠠᠩᠭᠠᠵᠤ᠂ ᠵᠡᠮᠳᠡᠭᠴᠤᠳ᠎ᠦᠨ ᠡᠷᠬᠡ ᠲᠡᠭ᠌ᠰᠢ᠎ᠪᠡᠷ ᠨᠡᠢᠭᠡᠮ ᠨᠡᠢᠲᠡ᠎ᠳᠦ ᠠᠭᠤᠰᠤᠯᠴᠠᠬᠤ᠂ ᠨᠡᠢᠭᠡᠮ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠳᠦ ᠬᠦᠴᠦᠨ ᠨᠡᠮᠡᠷᠢᠯᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号