ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠤᠢᠷ᠎ᠠ ᠳ᠋ᠤ ᠮᠠᠨ ᠤ᠋ ᠤᠷᠤᠨ 《ᠮᠠᠰᠢᠨ ᠲᠡᠷᠭᠡ ᠢ᠋ᠢᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠢ᠋ᠢᠨ ᠭᠤᠤᠯᠳᠠᠯᠭ᠎ᠠ ᠲᠠᠶ ᠠᠵᠢᠯ ᠢ᠋ ᠦᠷᠭᠦᠯᠵᠢᠯᠡᠨ ᠠᠬᠢᠭᠤᠯᠬᠤ ᠲᠤᠬᠠᠶ ᠮᠡᠳᠡᠭ᠌ᠳᠡᠯ 》 ᠢ᠋ ᠳᠠᠷᠤᠮᠠᠯᠯᠠᠨ ᠲᠠᠷᠬᠠᠭᠠᠵᠤ᠂ ᠵᠢᠭᠤᠯᠴᠢᠯᠠᠯ ᠤ᠋ᠨ ᠬᠥᠭ᠌ᠵᠢᠶᠡᠨᠲᠤ ᠤᠯᠠᠷᠢᠯ ᠳ᠋ᠡᠬᠢ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠮᠤᠷ ᠲᠦᠪᠱᠢᠨ ᠤ᠋ ᠬᠠᠲᠠᠭᠤ ᠴᠢᠩᠭ᠎ᠠ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ᠋ ᠭᠦᠶ᠋ᠴᠡᠳ ᠲᠠᠨᠢᠵᠤ᠂ ᠤᠷᠢᠳᠴᠢᠯᠠᠨ ᠪᠠᠢᠷᠢᠯᠠᠭᠤᠯᠵᠤ᠂ ᠤᠷᠢᠳᠴᠢᠯᠠᠨ ᠵᠢᠭ᠍ᠰᠠᠭᠠᠨ ᠪᠠᠢᠴᠠᠭᠠᠵᠤ᠂ ᠤᠷᠢᠳᠴᠢᠯᠠᠨ ᠴᠡᠭ᠌ᠴᠡᠯᠡᠨ ᠵᠠᠰᠠᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠠᠮᠤᠷ ᠲᠦᠪᠱᠢᠨ ᠤ᠋ ᠰᠡᠷᠭᠡᠢᠯᠡᠯᠲᠡ ᠢ᠋ᠢᠨ ᠱᠤᠭᠤᠮ ᠢ᠋ ᠪᠠᠲᠤ ᠴᠣᠭ᠍ᠴᠠᠯᠠᠨᠠ ᠭᠡᠵᠤ ᠳᠤᠷᠠᠳᠴᠠᠢ᠃
《ᠮᠡᠳᠡᠭ᠌ᠳᠡᠯ》 ᠳ᠋ᠤ᠂ ᠠᠶᠤᠯ ᠡᠴᠡ ᠬᠠᠮᠠᠭᠠᠯᠠᠬᠤ ᠪᠦᠰᠡ ᠢ᠋ᠢ ᠬᠡᠷᠡᠭ᠌ᠯᠡᠬᠦ᠌ ᠲᠤᠰᠭᠠᠶ ᠵᠦᠶ᠋ᠯ ᠤ᠋ᠨ ᠬᠢᠨᠠᠨ ᠪᠠᠢᠴᠠᠭᠠᠯᠲᠠ ᠢ᠋ᠢ ᠰᠠᠢᠲᠤᠷ ᠦᠷᠨᠢᠭᠦᠯᠵᠤ᠂ ᠪᠥᠬᠥ᠌ ᠣᠷᠣᠨ ᠤ᠋ ᠲᠣᠮᠣ ᠳᠤᠮᠳᠠ ᠬᠡᠯᠪᠡᠷᠢ ᠢ᠋ᠢᠨ ᠠᠶᠠᠨᠴᠢᠳ ᠤ᠋ᠨ ᠮᠠᠰᠢᠨ ᠤ᠋ ᠠᠮᠤᠷ ᠲᠦᠪᠱᠢᠨ ᠤ᠋ ᠰᠡᠷᠡᠮᠵᠢ ᠢ᠋ᠢᠨ ᠲᠣᠨᠣᠭ ᠲᠥᠬᠥᠭᠡᠷᠦᠮᠵᠢ ᠢ᠋ᠢ ᠲᠡᠷᠭᠡ ᠳᠠᠷᠠᠭᠠᠯᠠᠨ ᠬᠠᠷᠭᠤᠭᠤᠯᠤᠨ ᠪᠠᠢᠴᠠᠭᠠᠵᠤ᠂ ᠤᠭ᠍ᠰᠠᠷᠠᠬᠤ ᠪᠠ ᠬᠡᠷᠡᠭ᠌ᠯᠡᠬᠦ᠌ ᠴᠢᠳᠠᠮᠵᠢ ᠢ᠋ᠢᠨ ᠪᠦᠲᠦᠮᠵᠢᠲᠦ ᠴᠢᠨᠠᠷ ᠢ᠋ ᠭᠤᠤᠯᠳᠠᠯᠭ᠎ᠠ ᠲᠠᠶ ᠪᠠᠢᠴᠠᠭᠠᠵᠤ᠂ ᠠᠰᠠᠭᠤᠳᠠᠯ ᠤ᠋ᠨ ᠡᠬᠡ ᠲᠠᠩᠰᠠ ᠪᠠᠢᠭᠤᠯᠤᠨ᠂ ᠬᠤᠭᠤᠴᠠᠭ᠎ᠠ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠤᠨ᠎ᠠ; ᠭᠤᠤᠯᠳᠠᠯᠭ᠎ᠠ ᠲᠠᠶ ᠮᠠᠰᠢᠨ ᠲᠡᠷᠭᠡ ᠪᠣᠯᠤᠨ ᠠᠵᠢᠯᠴᠢᠨ ᠢ᠋ ᠬᠠᠮᠢᠶᠠᠷᠤᠨ ᠡᠵᠡᠮᠳᠡᠬᠦ᠌ ᠢ᠋ᠢ ᠴᠢᠩᠭᠠᠳᠬᠠᠨ᠂ ᠮᠠᠰᠢᠨ ᠲᠡᠷᠭᠡᠨ ᠤ᠋ ᠪᠠᠢᠳᠠᠯ ᠪᠠ ᠵᠢᠯᠣᠭᠣᠴᠢ ᠢ᠋ᠢᠨ ᠠᠵᠢᠯ ᠡᠷᠭᠢᠯᠡᠬᠦ᠌ ᠬᠢᠷᠢ ᠬᠡᠮ ᠢ᠋ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠵᠤ᠂ ᠲᠠᠩᠰᠠᠴᠢᠯᠠᠭ᠍ᠰᠠᠨ ᠬᠠᠮᠢᠶᠠᠷᠤᠯᠲᠠ᠂ ᠬᠥᠳᠡᠯᠦᠩᠭᠦᠶ ᠬᠠᠮᠢᠶᠠᠷᠤᠯᠲᠠ ᠪᠠ ᠪᠠᠢ᠌ᠩᠭᠤᠵᠢᠭ᠍ᠰᠠᠨ ᠬᠥᠮᠦᠵᠢᠯ ᠢ᠋ ᠬᠡᠷᠡᠭ᠌ᠵᠢᠭᠦᠯᠵᠦ᠍᠂ ᠠᠮᠤᠷ ᠲᠦᠪᠱᠢᠨ ᠤ᠋ ᠭᠡᠮ ᠰᠤᠭᠤᠭ ᠢ᠋ ᠡᠬᠢ ᠡᠭᠦᠰᠦᠯ ᠡᠴᠡ ᠨᠢ ᠴᠢᠩᠭ᠎ᠠ ᠠᠷᠢᠯᠭᠠᠬᠤ ᠬᠡᠷᠡᠭᠲᠡᠢ ᠭᠡᠵᠤ ᠱᠠᠭᠠᠷᠳᠠᠪᠠ᠃
《ᠮᠡᠳᠡᠭ᠌ᠳᠡᠯ》 ᠳ᠋ᠤ᠂ ᠵᠢᠭᠤᠯᠴᠢᠯᠠᠯ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠲᠤᠰᠭᠠᠶ ᠴᠡᠭ᠌ᠴᠡᠯᠡᠨ ᠵᠠᠰᠠᠯᠲᠠ ᠢ᠋ᠢ ᠭᠦᠨᠵᠡᠭᠡᠢᠷᠡᠭᠦᠯᠵᠤ᠂ ᠠᠵᠤ ᠠᠬᠤᠢᠯᠠᠯ ᠥᠪᠡᠷ ᠢ᠋ ᠪᠡᠨ ᠪᠠᠢᠴᠠᠭᠠᠬᠤ᠂ ᠰᠦᠯᠵᠢᠶᠡᠨ ᠳᠡᠭᠡᠷ᠎ᠡ ᠵᠢᠭ᠍ᠰᠠᠭᠠᠨ ᠪᠠᠢᠴᠠᠭᠠᠬᠤ᠂ ᠡᠬᠢ ᠡᠭᠦᠰᠦᠯ ᠡᠴᠡ ᠨᠢ ᠵᠢᠭ᠍ᠰᠠᠭᠠᠨ ᠪᠠᠢᠴᠠᠭᠠᠬᠤ᠂ ᠬᠠᠮᠲᠤᠷᠠᠨ ᠬᠠᠤᠯᠢ ᠬᠡᠷᠡᠭ᠌ᠵᠢᠭᠦᠯᠬᠦ᠌ ᠠᠷᠭ᠎ᠠ ᠬᠡᠯᠪᠡᠷᠢ ᠵᠢ ᠠᠪᠴᠤ᠌᠂ ᠬᠠᠤᠯᠢ ᠪᠤᠰᠤ ᠪᠡᠷ ᠵᠦᠬᠡᠬᠡᠪᠤᠷᠢᠯᠡᠨ ᠡᠵᠡᠩᠨᠡᠬᠦ᠌᠂ ᠬᠤᠷᠳᠤᠴᠠ ᠬᠡᠲᠦᠷᠡᠭᠦᠯᠬᠦ᠌ ᠵᠡᠷᠭᠡ ᠲᠥᠷᠢᠮ ᠡᠴᠡ ᠵᠥᠷᠢᠴᠡᠭ᠌ᠰᠡᠨ ᠥᠢᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠠᠶᠤᠯᠭᠦᠢ ᠢ᠋ᠢᠨ ᠲᠦᠬᠦᠭᠡᠷᠦᠮᠵᠢ ᠳᠤᠲᠠᠭ᠍ᠳᠠᠵᠤ ᠪᠠᠢᠭ᠎ᠠ ᠪᠠ ᠮᠡᠷᠭᠡᠵᠢᠯ ᠤ᠋ᠨ ᠪᠠᠢᠳᠠᠯ ᠮᠠᠭᠤ ᠪᠠᠢᠭ᠎ᠠ ᠵᠡᠷᠭᠡ ᠠᠰᠠᠭᠤᠳᠠᠯ ᠢ᠋ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠵᠤ᠂ ᠭᠡᠮ ᠰᠤᠭᠤᠭ ᠲᠠᠢ ᠮᠠᠰᠢᠨ ᠲᠡᠷᠭᠡ ᠵᠢᠯᠤᠭᠤᠳᠬᠤ ᠶ᠋ᠢ ᠡᠷᠡᠰ ᠬᠣᠷᠢᠭ᠍ᠯᠠᠵᠤ᠂ ᠠᠷᠠᠳ ᠤᠯᠠᠨ ᠪᠠ ᠵᠢᠭᠤᠯᠴᠢᠯᠠᠭᠰᠠᠳ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠨ᠎ᠠ ᠬᠡᠵᠤ ᠳᠤᠷᠠᠳᠴᠠᠢ᠃