ᠭᠤᠷᠪᠠᠨ ᠱᠠᠲᠤᠨ᠎ᠤ ᠠᠬᠠᠮᠠᠳ ᠺᠠᠳ᠋ᠷ᠎ᠤᠨ ᠠᠵᠢᠯ᠎ᠤᠨ ᠰᠠᠯᠠᠭ᠎ᠠ ᠮᠥᠴᠢᠷ ᠬᠠᠮᠲᠤᠷᠠᠨ 《ᠳᠡᠯᠡᠬᠡᠶ᠎ᠶ᠋ᠢᠨ ᠨᠤᠮ ᠤᠩᠰᠢᠬᠤ ᠡᠳᠦᠷ 》 ᠎ᠦᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
2026-05-07 11:14:18
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ᠂ ᠢᠦᠢᠴᠢᠤᠸᠠᠨ ᠲᠣᠭᠣᠷᠢᠭ ᠭᠤᠷᠪᠠᠨ ᠱᠠᠲᠤᠨ᠎ᠤ ᠠᠬᠠᠮᠠᠳ ᠺᠠᠳ᠋ᠷ᠎ᠤᠨ ᠠᠵᠢᠯ᠎ᠤᠨ ᠰᠠᠯᠠᠭ᠎ᠠ ᠮᠥᠴᠢᠷ ᠠᠬᠠᠮᠠᠳ ᠨᠠᠮ᠎ᠤᠨ ᠭᠡᠱᠢᠭᠦᠨ ᠰᠠᠢᠨ ᠳᠤᠷᠠᠴᠤᠳ᠎ᠢ ᠵᠣᠬᠢᠶᠠᠨ ᠪᠠᠢᠭᠤᠯᠤᠨ ᠢᠦᠢᠴᠢᠤᠸᠠᠨ ᠲᠣᠭᠣᠷᠢᠭ᠎ᠤᠨ ᠵᠢᠶᠠᠨ ᠬᠤᠸᠠ ᠪᠠᠭ᠎ᠠ ᠰᠤᠷᠭᠠᠭᠤᠯᠢ᠎ᠳᠤ ᠬᠦᠷᠴᠦ᠍᠂ 《 ᠨᠤᠮ᠎ᠤᠨ ᠬᠡᠰᠢᠭᠳᠦ ᠬᠠᠢᠷ᠎ᠠ ᠬᠠᠯᠠᠮᠵᠢ᠎ᠶᠢ ᠳᠠᠮᠵᠢᠭᠤᠯᠵᠦ᠂ ᠪᠤᠭᠤᠷᠤᠯᠴᠤᠳ ᠎ᠤᠨ ᠬᠢᠯᠪᠠᠭ᠎ᠠ ᠬᠡᠥᠬᠡᠳ᠎ᠤᠨ ᠰᠡᠳᠬᠢᠯ᠎ᠢ ᠤᠮᠳᠠᠯᠠᠬᠤ》 《ᠳᠡᠯᠡᠬᠡᠶ ᠎ᠶ᠋ᠢᠨ ᠨᠣᠮ ᠤᠩᠱᠢᠬᠤ ᠡᠳᠦᠷ 》᠎ᠦᠨ ᠭᠤᠤᠯ ᠰᠡᠳᠦᠪᠲᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ ᠎ᠦ  ᠠᠵᠢᠯᠯᠠᠭ᠎ᠠ  ᠥᠷᠨᠢᠭᠦᠯᠪᠡ᠃

ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠰᠣᠷᠣᠭ᠍ᠴᠢ ᠨᠢᠭᠡ ᠪᠦᠷᠢ᠎ᠳᠦ ᠬᠡᠦᠬᠡᠳ᠎ᠦᠨ ᠰᠣᠩᠭᠣᠳᠠᠭ ᠤᠳᠭ᠎ᠠ ᠵᠣᠬᠢᠶᠠᠯ᠎ᠤᠨ ᠪᠦᠲᠦᠭᠡᠯ ᠬᠦᠷᠭᠡᠵᠦ᠂ ᠢᠦᠢᠴᠢᠤᠸᠠᠨ ᠲᠣᠭᠣᠷᠢᠭ᠎ᠤᠨ ᠠᠬᠠᠮᠠᠳ ᠨᠠᠮ᠎ᠤᠨ ᠭᠡᠱᠢᠭᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠠᠵᠢᠯ᠎ᠡᠴᠨ᠎ᠪᠠᠨ ᠠᠮᠠᠷᠠᠭ᠍ᠰᠠᠨ ᠪᠠᠭ᠍ᠰᠢ᠎ᠨᠠᠷ ᠠᠮᠢᠳᠤᠯᠢᠭ ᠦᠭᠡ ᠬᠡᠯᠡ᠂ ᠴᠢᠩ ᠦᠨᠡᠨᠴᠢ ᠬᠠᠢᠷ᠎ᠠ ᠰᠡᠳᠭᠢᠯᠭᠡ᠎ᠪᠡᠷ ᠬᠡᠦᠬᠡᠳ᠎ᠦᠳ᠎ᠢ ᠳᠠᠭᠠᠭᠤᠯᠤᠨ ᠥᠰᠥᠭ ᠪᠢᠴᠢᠭ᠎ᠦᠨ ᠭᠤᠤ᠎ᠠ ᠰᠠᠢᠬᠠᠨ ᠪᠠ ᠤᠩᠱᠢᠯᠭ᠎ᠠ᠎ᠶ᠋ᠢᠨ ᠷᠢᠳᠢ ᠱᠢᠳᠢ᠎ᠶ᠋ᠢ ᠮᠡᠳᠡᠷᠡᠭᠦᠯᠪᠡ᠃ ᠵᠢᠶᠠᠨ ᠬᠤᠸᠠ ᠪᠠᠭ᠎ᠠ ᠰᠤᠷᠭᠠᠭᠤᠯᠢ᠎ᠶ᠋ᠢᠨ ᠬᠣᠶᠠᠷ ᠰᠤᠷᠤᠭ᠍ᠴᠢ᠎ᠶ᠋ᠢᠨ ᠲᠥᠯᠥᠭᠡᠯᠡᠭ᠌ᠴᠢ ᠨᠣᠮ ᠤᠩᠱᠢᠭ᠍ᠰᠠᠨ ᠣᠯᠤᠯᠲᠠ ᠲᠦᠷᠦᠭᠳᠡᠯ ᠵᠢᠠᠨ᠎ᠤᠯᠠᠨ ᠲᠠᠢ ᠬᠤᠪᠢᠶᠠᠯᠴᠠᠵᠤ᠂ ᠦᠰᠦᠭ ᠪᠣᠯᠭᠠᠨ᠎ᠳᠤᠨᠢ ᠨᠣᠮ ᠪᠢᠴᠢᠭ᠎ᠲᠡᠬᠢ ᠬᠠᠯᠠᠭᠤᠨ ᠬᠠᠢᠷ᠎ᠠ ᠪᠠ ᠠᠬᠠᠮᠠᠳ ᠨᠠᠮ᠎ᠤᠨ ᠭᠡᠱᠢᠭᠦᠨ ᠰᠠᠢ᠌ᠨ ᠳᠤᠷᠠᠴᠤᠳ᠎ᠲᠤ ᠲᠠᠯᠠᠷᠬᠠᠬᠤ ᠰᠡᠳᠭᠢᠯᠭᠡ ᠪᠢᠯᠬᠠᠮ᠎ᠠ ᠪᠠᠢᠯ᠎ᠠ᠃ ᠬᠣᠲᠠ᠎ᠶ᠋ᠢᠨ ᠨᠠᠰᠤᠲᠠᠢᠴᠤᠳ᠎ᠤᠨ ᠶᠡᠬᠡ ᠰᠤᠷᠭᠠᠭᠤᠯᠢ᠎ᠶ᠋ᠢᠨ 4 ᠠᠬᠠᠮᠠᠳ ᠨᠠᠮ᠎ᠤᠨ ᠭᠡᠱᠢᠭᠦᠨ ᠰᠠᠢᠨ ᠳᠤᠷᠠᠴᠤᠳ ᠰᠣᠩᠭᠣᠳᠠᠭ ᠪᠦᠲᠦᠭᠡᠯ 《ᠲᠠᠪᠤᠨ ᠣᠳᠣᠲᠤ ᠤᠯᠠᠭᠠᠨ ᠲᠣᠭ 》 ᠢ᠋ ᠤᠶᠠᠩᠭᠠᠯᠠᠨ ᠤᠩᠱᠢᠵᠤ᠂ ᠤᠷᠠᠨ ᠤᠩᠰᠢᠯᠭ᠎ᠠ᠎ᠶ᠋ᠢᠨ ᠲᠠᠭᠤᠨ ᠰᠤᠷᠭᠠᠭᠤᠯᠢ᠎ᠶ᠋ᠢᠨ ᠬᠦᠷᠢᠶᠡᠨ᠎ᠳᠦ ᠴᠤᠤᠷᠢᠶᠠᠲᠤᠵᠤ᠂ ᠬᠡᠦᠬᠡᠳ᠎ᠦᠳ᠎ᠦᠨ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠬᠤᠪᠢᠰᠭᠠᠯ᠎ᠤᠨ ᠤᠳᠤᠮᠱᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ᠎ᠠ᠃

ᠲᠠᠷᠠᠭᠠᠴᠢ᠎ᠶ᠋ᠢᠨ ᠠᠯᠬᠤᠮ᠎ᠳᠤ᠂ ᠬᠦᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷ᠎ᠤᠨ ᠲᠣᠪᠴᠢᠶ᠎ᠠ ᠦᠷᠭᠦᠯᠵᠢᠯᠡᠨ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠣᠯᠪᠣᠭᠠᠯᠠᠨ᠂ 《ᠦᠪᠦᠷ ᠮᠤᠩᠭᠤᠯ ᠳ᠋ᠡᠬᠢ ᠪᠤᠭᠤᠷᠤᠯᠴᠤᠳ᠎ᠤᠨ ᠬᠢᠯᠪᠠᠭ᠎ᠠ 》 ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠥᠷᠭᠡᠨ ᠣᠯᠠᠨ ᠠᠬᠠᠮᠠᠳ ᠨᠥᠬᠥᠳ ᠎ᠢ ᠵᠣᠬᠢᠶᠠᠨ ᠪᠠᠢᠭᠤᠯᠤᠨ ᠣᠯᠠᠨ ᠶᠠᠩᠵᠤ ᠬᠡᠯᠪᠡᠷᠢ᠎ᠶ᠋ᠢᠨ᠂ ᠠᠭᠤᠯᠭ᠎ᠠ᠎ᠪᠠᠷ ᠪᠠᠶᠠᠯᠢᠭ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠥᠷᠨᠢᠭᠦᠯᠵᠦ᠍᠂ ᠥᠷᠭᠡᠨ ᠣᠯᠠᠨ ᠠᠵᠢᠯ᠎ᠡᠴᠠ᠎ᠪᠠᠨ ᠳᠠᠷᠬᠠᠯᠠᠭ᠍ᠳᠠᠭ᠍ᠰᠠᠨ ᠠᠵᠢᠯ᠎ᠡᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠰᠣᠶᠣᠯ ᠎ᠤᠨ ᠬᠥᠭ᠌ᠵᠢᠯ ᠴᠡᠴᠡᠭ᠌ᠯᠡᠯ᠎ᠳᠦ ᠬᠦᠴᠦᠨ ᠨᠡᠮᠡᠷᠢᠯᠡᠬᠦ᠌᠂ ᠦᠨᠳᠦᠰᠦᠲᠡᠨ ᠎ᠦ ᠪᠦᠯᠬᠦᠮᠳᠡᠯ ᠎ᠢ ᠠᠬᠢᠭᠤᠯᠬᠤ᠂ ᠬᠣᠢᠴᠢ ᠦᠶ᠎ᠡ᠎ᠶ᠋ᠢᠨ᠎ᠬᠢᠨ ᠎ᠦ ᠦᠰᠦᠨ ᠪᠣᠢᠵᠢᠯᠲᠠ᠎ᠶ᠋ᠢ ᠬᠠᠯᠠᠮᠵᠢᠯᠠᠬᠤ᠎ᠵᠢ ᠬᠦᠲᠦᠯᠦᠨ ᠵᠢᠯᠤᠭᠤᠳᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号