ᠡᠨᠡ ᠵᠢᠯ᠂ ᠰᠢᠯᠢ ᠶᠢᠨ ᠭᠤᠤᠯ ᠠᠶ᠋ᠢᠮᠠᠭ ᠠᠳᠤᠭᠤᠨ ᠰᠣᠶᠣᠯ ᠤᠨ ᠨᠠᠭᠠᠳᠤᠮ᠂ ᠥᠪᠡᠰᠦᠪᠡᠨ ᠲᠡᠷᠭᠡ ᠵᠢᠯᠣᠭᠣᠳᠴᠤ᠌
ᠵᠢᠭᠤᠯᠴᠢᠯᠠᠬᠤ ᠵᠡᠷᠭᠡ ᠬᠦᠷᠢᠶ᠎ᠡ ᠴᠠᠷᠠᠭᠠᠨ᠎ᠳᠤ 80 ᠭᠠᠷᠤᠶ ᠵᠦᠢᠯ ᠦᠨ ᠤᠨᠴᠠᠯᠢᠬᠳᠤ ᠰᠣᠶᠣᠯ ᠵᠢᠭᠤᠯᠴᠢᠯᠠᠯ ᠤᠨ
ᠠᠵᠢᠯᠯᠠᠭ᠎ᠠ ᠶᠠᠪᠤᠭᠳᠠᠭᠤᠯᠵᠤ᠂ ᠨᠢ᠋ᠮᠠᠨ ᠵᠦᠭ᠎ᠤᠨ ᠵᠣᠴᠢᠳ᠎ᠢ ᠲᠠᠯ᠎ᠠ
ᠨᠤᠲᠤᠭ᠎ᠲᠤ᠌ ᠤᠷᠢᠵᠦ ᠪᠤᠢ᠃
ᠥᠪᠥᠷ ᠮᠣᠩᠭᠣᠯ᠎ᠤᠨ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ ᠵᠢᠴᠢ ᠮᠣᠷᠢᠨ ᠮᠡᠷᠭᠡᠵᠢᠯ᠎ᠦᠨ
ᠤᠷᠤᠯᠳᠤᠭᠠᠨ᠂ ᠮᠠᠰᠢᠨ ᠲᠡᠷᠭᠡᠨ᠎ᠦ ᠭᠡᠭᠡᠷᠡᠯᠡᠭᠦ ᠤᠷᠤᠯᠳᠤᠭᠠᠨ᠂ ᠳᠠᠭᠤᠤ ᠬᠥᠭᠵᠢᠮ᠎ᠦᠨ ᠨᠠᠭᠠᠳᠤᠮ᠂ ᠮᠥᠰᠥ᠍ ᠴᠠᠰᠤᠨ᠎ᠤ
ᠤᠯᠠᠷᠢᠯ ᠵᠡᠷᠭᠡ ᠠᠵᠢᠯᠯᠠᠭ᠎ᠠ ᠪᠥᠬᠥ᠌ ᠵᠢᠯ᠎ᠢᠶᠡᠷ᠎ᠢᠶᠡᠨ ᠪᠠᠶᠠᠷ ᠬᠥᠷ᠎ᠲᠡᠶ ᠶᠠᠪᠤᠭᠳᠠᠬᠤ ᠪᠤᠯᠤᠨ᠎ᠠ᠃
ᠠᠵᠢᠯᠯᠠᠭᠠᠨ᠎ᠦ ᠲᠣᠬᠢᠷᠠᠭᠤᠯᠤᠯᠲᠠ ᠵᠢᠨ ᠭᠦᠰᠦᠨᠦᠭᠳᠦ

《5·19 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ》 ᠤ᠋ᠨ ᠰᠢᠯᠢ᠎ᠶᠢᠨ ᠭᠤᠤᠯ ᠠᠶ᠋ᠢᠮᠠᠭ ᠤᠨ
ᠭᠤᠤᠯ ᠰᠡᠳᠦᠪᠲᠦ᠍ ᠠᠵᠢᠯᠯᠠᠭ᠎ᠠ ᠵᠢᠴᠢ ᠮᠣᠩᠭᠣᠯ ᠮᠣᠷᠢᠨ ᠤ ᠬᠡᠲᠦ᠍ ᠳᠠᠰ᠎ᠤᠨ ᠬᠣᠯᠪᠣᠭᠠᠲᠤ᠌ ᠤᠷᠤᠯᠳᠤᠭᠠᠨ ᠪᠠᠷᠠᠭᠤᠨ
ᠦᠵᠦᠮᠦᠴᠢᠨ ᠬᠣᠰᠢᠭᠤᠨ᠎ᠤ 99 ᠨᠣᠮᠧᠷᠲᠤ᠌ ᠵᠠᠰᠠᠮᠠᠯ ᠵᠠᠮ ᠡᠴᠡ ᠡᠬᠢᠯᠡᠭᠰᠡᠨ ᠨᠢ ᠪᠥᠬᠥ᠌ ᠠᠶ᠋ᠢᠮᠠᠭ᠎ᠤᠨ
2026 ᠣᠨ ᠤ ᠰᠣᠶᠣᠯ ᠲᠠᠮᠢᠷ ᠵᠢᠭᠤᠯᠴᠢᠯᠠᠯ᠎ᠤᠨ ᠠᠵᠢᠯᠯᠠᠭ᠎ᠠ ᠪᠥᠬᠥ᠌ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ
ᠪᠠᠶ᠋ᠢᠨ᠎ᠠ᠃
ᠲᠠᠯ᠎ᠠ ᠨᠤᠲᠤᠭ᠎ᠠᠴᠠ ᠢᠷᠡᠭᠰᠡᠨ ᠬᠠᠯᠠᠭᠤᠨ ᠰᠡᠳᠬᠢᠯ᠎ᠦᠨ ᠤᠷᠢᠯᠭ᠎ᠠ
·ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ 36 ᠳ᠋ᠤᠭᠠᠷ ᠬᠤᠭᠤᠴᠠᠭᠠᠨ ᠤ ᠲᠠᠯ᠎ᠠ ᠨᠤᠲᠤᠭ ᠤᠨ
ᠨᠠᠭᠠᠳᠤᠮ ᠰᠢᠯᠢᠡᠭᠬᠣᠲᠠᠳᠤ ᠡᠬᠢᠯᠡᠵᠦ᠍᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ
ᠤᠯᠠᠮᠵᠢᠯᠠᠯᠲᠤ᠌ ᠨᠠᠭᠠᠳᠤᠮ ᠶᠠᠪᠤᠭᠳᠠᠵᠤ᠂ 《ᠲᠡᠯᠭᠡᠷ ᠨᠠᠭᠠᠳᠤᠮ》 ᠠᠵᠢᠯᠯᠠᠭ᠎ᠠ ᠡᠯ᠎ᠡ ᠬᠣᠰᠢᠭᠤ
ᠰᠢᠶᠠᠨ ᠬᠣᠲᠠ(ᠲᠣᠭᠣᠷᠢᠭ)᠎ᠳ᠋ᠤ ᠦᠷᠭᠦᠯᠵᠢᠯᠡᠨ ᠨᠢᠭᠡ ᠰᠠᠷ᠎ᠠ ᠶᠠᠪᠤᠭᠳᠠᠬᠤ ᠪᠣᠯᠤᠨ᠎ᠠ᠃

·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠮᠣᠷᠢᠨ᠎ᠤ ᠭᠡᠳᠦ ᠲᠠᠰ᠎ᠤᠨ ᠬᠣᠯᠪᠣᠭᠠᠲᠤ᠌
ᠤᠷᠤᠯᠳᠤᠭᠠᠨ᠂ ᠪᠥᠬᠥ᠌ ᠤᠯᠤᠰ᠎ᠤᠨ ᠮᠣᠩᠭᠣᠯ ᠮᠣᠷᠢᠨ᠎ᠤ ᠭᠡᠳᠦ ᠲᠠᠰ᠎ᠤᠨ ᠬᠣᠯᠪᠣᠭᠠᠲᠤ᠌ ᠤᠷᠤᠯᠳᠤᠭᠠᠨ ᠵᠠᠯᠭᠠᠭ᠎ᠠ᠎ᠪᠠᠷ
ᠡᠬᠢᠯᠡᠵᠦ᠍᠂ ᠪᠠᠷᠠᠭᠤᠨ ᠦᠵᠦᠮᠦᠴᠢᠨ ᠬᠣᠰᠢᠭᠤᠨ᠎ᠤ ᠲᠠᠯ᠎ᠠ ᠨᠤᠲᠤᠭ᠎ᠤᠨ 99 ᠨᠣᠮᠧᠷᠲᠤ᠌ ᠵᠠᠰᠠᠮᠠᠯ ᠵᠠᠮ ᠤᠨ ᠲᠦᠮᠡᠨ
ᠬᠥᠮᠦᠨ ᠦ ᠣᠳᠣ᠎ᠳᠦ ᠲᠣᠭᠯᠠᠯᠲᠠ᠂ ᠰᠢᠯᠤᠭᠤᠨ ᠬᠥᠬᠡ ᠬᠣᠰᠢᠭᠤᠨ᠎ᠤ ᠠᠯᠲᠠᠨ ᠯᠢᠩᠬᠤ᠎ᠠ᠎ᠶᠢᠨ ᠰᠣᠶᠣᠯ ᠵᠢᠭᠤᠯᠴᠢᠯᠠᠯ᠎ᠤᠨ
ᠤᠯᠠᠷᠢᠯ᠂ ᠬᠤᠯᠠᠨ ᠰᠢᠷᠭ᠎ᠠ ᠲᠠᠭ᠎ᠠ᠎ᠶᠢᠨ ᠡᠯᠡᠰᠦ ᠵᠢ ᠳᠤᠭᠤᠯᠬᠤ ᠮᠠᠰᠢᠨ ᠲᠡᠷᠭᠡᠨ᠎ᠦ ᠭᠡᠭᠡᠷᠡᠯᠡᠭᠦ ᠤᠷᠤᠯᠳᠤᠭᠠᠨ᠂
ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠢᠯᠢ ᠠᠯᠤᠰᠯᠠᠨ ᠲᠤᠭᠤᠯᠬᠤ ᠤᠷᠤᠯᠳᠤᠭᠠᠨ ᠵᠡᠷᠭᠡ ᠠᠵᠢᠯᠯᠠᠭ᠎ᠠ ᠴᠤ᠌
ᠵᠠᠯᠭᠠᠭ᠎ᠠ᠎ᠪᠠᠷ ᠶᠠᠪᠤᠭᠳᠠᠨ᠎ᠠ᠃

· ᠵᠤᠨ᠎ᠤ ᠳᠡᠯᠭᠡᠷ ᠤᠯᠠᠷᠢᠯ᠎ᠳᠤ᠂ ᠰᠢᠯᠢ ᠵᠢᠨ ᠭᠤᠤᠯ ᠠᠶ᠋ᠢᠮᠠᠭ᠎ᠤᠨ ᠭᠤᠷᠪᠠᠳᠤᠭᠠᠷ ᠬᠤᠭᠤᠴᠠᠭᠠᠨ ᠤ ᠵᠤᠨ ᠤ
ᠤᠯᠠᠷᠢᠯ ᠤᠨ ᠮᠣᠩᠭᠣᠯ ᠮᠤᠷᠢᠨ ᠤ ᠬᠣᠯᠪᠣᠭᠠᠲᠤ᠌ ᠤᠷᠤᠯᠳᠤᠭᠠᠨ᠎ᠤ ᠰᠢ᠌ᠳᠪᠦᠷᠢᠲᠦ᠍ ᠤᠷᠤᠯᠳᠤᠭᠠᠨ ᠲᠠᠶ᠋ᠢᠹᠦᠰᠧ
ᠬᠣᠰᠢᠭᠤᠨ ᠳᠤ ᠶᠠᠪᠤᠭᠳᠠᠨ᠎ᠠ᠃ ᠪᠠᠷᠠᠭᠤᠨ ᠦᠵᠦᠮᠦᠴᠢᠨ ᠬᠣᠰᠢᠭᠤᠨ᠎ᠤ ᠴᠠᠭᠠᠨ ᠮᠣᠷᠢ᠎ᠶᠢᠨ ᠨᠠᠭᠠᠳᠤᠮ᠂ ᠰᠢᠯᠢᠩᠬᠣᠲᠠ᠎ᠶᠢᠨ
《ᠮᠣᠩᠭᠣᠯ ᠮᠣᠷᠢ》 ᠲᠣᠮᠣ ᠬᠡᠯᠪᠡᠷᠢ᠎ᠶᠢᠨ ᠦᠵᠡᠭᠦᠯᠭᠡ᠎ᠶᠢᠨ ᠲᠣᠭᠯᠠᠯᠲᠠ ᠵᠡᠷᠭᠡ ᠠᠵᠢᠯᠯᠠᠭ᠎ᠠ ᠨᠢ ᠭᠣᠶ᠋ᠢᠳᠠ
ᠰᠠᠶ᠋ᠢᠬᠠᠨ ᠦᠷᠨᠢᠭᠦ ᠪᠤᠯᠤᠨ᠎ᠠ᠃

ᠠᠯᠲᠠᠨ ᠨᠠᠮᠤᠷ ᠤᠨ ᠤᠯᠠᠷᠢᠯ᠎ᠳᠤ᠂ ᠳᠤᠮᠳᠠᠳᠤ ᠤᠯᠤᠰ ᠤᠨ ᠮᠤᠷᠢᠨ ᠮᠡᠷᠭᠡᠵᠢᠯ᠎ᠦᠨ ᠳᠡᠰᠪᠦᠷᠢ
ᠳᠠᠭᠠᠭᠠᠴᠠ ᠶ᠋ᠢ ᠰᠢᠯᠭᠠᠬᠤ ᠤᠷᠤᠯᠳᠤᠭᠠᠨ᠂ ᠲᠠᠶ᠋ᠢᠹᠦᠰᠧ ᠬᠣᠰᠢᠭᠤᠨ᠎ᠤ ᠡᠯᠪᠡᠭ ᠬᠤᠷᠢᠶᠠᠯᠲᠠ᠎ᠶᠢᠨ ᠪᠠᠶᠠᠷ᠂ ᠰᠢᠯᠢᠩᠬᠣᠲᠠ ᠶᠢᠨ
ᠲᠠᠯ᠎ᠠ ᠨᠤᠲᠤᠭ᠎ᠲᠤ᠌ ᠶᠠᠪᠠᠭᠠᠨ᠎ᠢᠶᠠᠷ ᠠᠶᠠᠯᠠᠬᠤ ᠵᠡᠷᠭᠡ ᠠᠵᠢᠯᠯᠠᠭ᠎ᠠ ᠵᠠᠯᠭᠠᠪᠡᠷ ᠶᠠᠪᠤᠭᠳᠠᠨ᠎ᠠ᠃

ᠡᠪᠦᠯ ᠦᠨ ᠡᠬᠢ ᠪᠡᠷ ᠳᠤᠮᠳᠠᠳᠤ ᠮᠣᠩᠭᠣᠯ ᠤᠨ ᠪᠥᠬᠥ᠌ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ
ᠴᠤᠭᠯᠠᠭᠠᠨ ᠢ ᠡᠷᠭᠢᠯᠡᠬᠦ᠌᠎ᠪᠡᠷ ᠪᠠᠶ᠋ᠢᠨ᠎ᠠ᠂ ᠳᠤᠮᠳᠠᠳᠤ ᠮᠣᠩᠭᠣᠯ᠎ᠤᠨ ᠰᠣᠶᠣᠯ᠎ᠤᠨ ᠰᠣᠯᠢᠯᠴᠠᠭ᠎ᠠ᠂ ᠡᠪᠦᠯ ᠦᠨ
ᠤᠯᠠᠷᠢᠯ ᠤᠨ ᠮᠥᠰᠥ᠍ ᠴᠠᠰᠤᠨ᠎ᠤ ᠪᠡᠶᠡᠴᠢᠯᠡᠨ ᠣᠶ᠋ᠢᠯᠠᠭᠠᠬᠤ ᠵᠡᠷᠭᠡ ᠵᠦᠢᠯᠡᠰ᠎ᠢ ᠴᠦ᠍ ᠪᠡᠯᠡᠳᠬᠡᠵᠦ᠍ ᠪᠠᠶ᠋ᠢᠨ᠎ᠠ᠂
ᠳᠠᠷᠠᠭ᠎ᠠ᠎ᠪᠠᠷ ᠵᠠᠯᠭᠠᠭ᠎ᠠ᠎ᠪᠠᠷ ᠨᠡᠶ᠋ᠢᠲᠡᠯᠡᠬᠦ᠌ ᠪᠣᠯᠤᠨ᠎ᠠ᠃
ᠢᠷᠡᠯᠲᠡ᠄ ᠰᠢᠯᠢ ᠵᠢᠨ ᠭᠤᠤᠯ᠎ᠤᠨ ᠬᠠᠮ ᠵᠠᠭᠤᠴᠢᠯᠠᠭᠤᠷ᠎ᠤᠨ
ᠳᠦᠪ᠎ᠤᠨ ᠵᠢᠷᠭᠢᠶ᠎ᠠ