ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠠᠴᠠ ᠳᠠᠭᠠᠭᠠᠴᠢᠯᠠᠨ ᠡᠷᠬᠢᠯᠡᠭᠰᠡᠨ 2026 ᠣᠨ᠎ᠤ ᠣᠶᠤᠲᠠᠳ᠎ᠤᠨ ᠠᠵᠢᠯ᠎ᠳ᠋ᠤ ᠭᠠᠷᠬᠤ ᠠᠩᠬᠠᠨ᠎ᠤ ᠬᠢᠴᠢᠶᠡᠯ᠎ᠦᠨ ᠲᠠᠢᠯᠤᠮᠵᠢ ᠲᠦᠷᠦᠬᠦᠬᠡᠨ ᠶᠠᠪᠤᠭᠳᠠᠪᠠ᠃
ᠲᠠᠢᠯᠤᠮᠵᠢ ᠨᠢ 《ᠠᠵᠢᠯ᠎ᠳᠦ ᠭᠠᠷᠬᠤ ᠠᠶᠠᠯᠠᠯ᠄〈333〉 ᠵᠠᠭᠪᠤᠷ᠎ᠠᠴᠠ ᠲᠠᠨ᠎ᠤ ᠠᠵᠢᠯ ᠮᠡᠷᠭᠡᠵᠢᠯ᠎ᠦᠨ ᠴᠢᠭᠯᠡᠯ ᠵᠢᠡᠨ ᠣᠨᠣᠪᠴᠢᠲᠠᠶ ᠡᠷᠢᠨ ᠣᠯᠬᠤ》 ᠪᠡᠷ ᠭᠣᠣᠯ ᠰᠡᠳᠦᠪ ᠪᠣᠯᠭᠠᠵᠤ᠂ ᠳᠤᠮᠳᠠᠳᠤ ᠤᠯᠤᠰ᠎ᠤᠨ ᠡᠨᠧᠷᠭᠢ᠎ᠶᠢᠨ ᠪᠦᠲᠦᠭᠡᠨ ᠪᠠᠢᠭᠤᠯᠤᠯᠲᠠ᠎ᠶᠢᠨ ᠣᠯᠠᠨ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠡᠯᠲᠡᠰ᠎ᠦᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ᠂ ᠰᠤᠷᠭᠠᠨ ᠬᠥᠮᠦᠵᠢᠯ᠎ᠦᠨ ᠶᠠᠮᠤᠨ᠎ᠤ ᠣᠶᠤᠲᠠᠳ᠎ᠤᠨ ᠠᠵᠢᠯ ᠣᠯᠭᠣᠯᠲᠠ᠎ᠶᠢᠨ ᠵᠢᠯᠤᠭᠣᠳᠬᠤ ᠵᠥᠪᠯᠡᠯ᠎ᠦᠨ ᠲᠤᠰᠬᠠᠢ ᠮᠡᠷᠭᠡᠵᠢᠯᠲᠡᠨ ᠳᠦ ᠪᠠᠢ ᠶᠠᠩ᠎ᠢ ᠤᠷᠢᠵᠤ ᠳᠠᠢᠯᠤᠮᠵᠢ ᠬᠢᠯᠬᠡᠪᠡ᠃ ᠲᠠᠢᠯᠤᠮᠵᠢ᠎ᠶᠢ 《ᠠᠵᠢᠯ᠎ᠤᠨ ᠲᠠᠯᠠᠪᠤᠷ᠎ᠤᠨ ᠢᠯᠠᠯᠲᠠ᠎ᠨᠢ ᠤᠷᠢᠳ᠎ᠢᠶᠠᠷ ᠲᠥᠯᠥᠪᠵᠢᠭᠦᠯᠬᠦ᠎ᠳᠦ ᠪᠤᠢ》 ᠬᠡᠬᠦ ᠡᠴᠡ ᠭᠠᠷᠳᠠᠨ᠂ ᠰᠤᠷᠤᠭ᠍ᠴᠢᠳ᠎ᠤᠨ ᠠᠵᠢᠯ ᠣᠯᠭᠣᠯᠲᠠ᠎ᠵᠢᠨ ᠳᠤᠬᠠᠢ ᠠᠵᠢᠭ᠍ᠯᠠᠬᠤ ᠴᠢᠳᠠᠪᠤᠷᠢ᠂ ᠠᠵᠢᠯ ᠣᠯᠭᠣᠯᠲᠠ᠎ᠶᠢᠨ ᠠᠵᠢᠯᠯᠠᠭᠠᠨ᠎ᠤ ᠪᠠᠢᠳᠠᠯ᠎ᠤᠨ ᠳᠤᠬᠠᠢ ᠬᠦᠳᠦᠯᠦᠨ ᠵᠢᠯᠤᠭᠤᠳᠴᠤ᠂ ᠡᠭᠦᠨ᠎ᠦ ᠤᠯᠠᠮ᠎ᠢᠶᠠᠷ 《333》 ᠵᠢᠨ ᠵᠠᠭᠪᠤᠷ᠎ᠤᠨ ᠠᠭᠤᠯᠤᠬᠳᠠᠬᠤᠨ᠎ᠢ ᠰᠢᠰᠲᠧᠮᠲᠠᠢᠵᠠᠳᠠᠯᠪᠠ — 《 ᠪᠢ ᠬᠡᠨ ᠪᠤᠢ᠂ ᠪᠢ ᠬᠠᠮᠢᠭ᠎ᠠ᠎ᠠᠴᠠ ᠢᠷᠡᠭᠰᠡᠨ ᠪᠤᠢ᠂ ᠪᠢ ᠬᠠᠮᠢᠭ᠎ᠠ ᠣᠴᠢᠬᠤ ᠪᠤᠢ》 ᠭᠡᠬᠦ ᠭᠤᠷᠪᠠᠨ ᠠᠰᠠᠭᠤᠯᠲᠠ᠎ᠪᠠᠷ ᠴᠢᠭᠯᠡᠯ᠎ᠢᠶᠡᠨ ᠲᠣᠭᠲᠠᠭᠠᠵᠤ᠂ ᠠᠵᠢᠯ᠎ᠳᠦ ᠭᠠᠷᠬᠤ᠂ ᠮᠡᠷᠭᠡᠵᠢᠯ ᠴᠢᠳᠠᠪᠤᠷᠢ᠎ᠶᠢᠨ ᠪᠠᠭᠠᠵᠢ᠂ ᠠᠵᠢᠯ᠎ᠳᠦ ᠭᠠᠷᠬᠤ ᠥᠩᠭᠡᠷᠡᠯᠲᠡ《ᠭᠤᠷᠪᠠᠨ ᠳᠠᠯ᠎ᠠ》 ᠪᠡᠷ ᠴᠢᠳᠠᠪᠤᠷᠢ᠎ᠪᠠᠨ ᠪᠣᠯᠪᠠᠰᠤᠷᠠᠭᠤᠯᠵᠤ᠂ 《ᠬᠠᠪᠤᠷ᠎ᠤᠨ ᠴᠢᠬᠢ ᠪᠤᠢᠵᠢᠭᠤᠯᠬᠤ᠂ ᠤᠷᠤᠭᠰᠢᠯᠠᠯᠳᠠ᠎ᠶᠢᠨ ᠵᠠᠮ᠂ ᠦᠪᠡᠷ᠎ᠢ ᠪᠠᠨ ᠬᠤᠪᠢᠷᠠᠭᠤᠯᠬᠤ》 ᠵᠡᠷᠬᠡ ᠭᠤᠷᠪᠠᠨ ᠠᠯᠬᠤᠮ᠎ᠢᠶᠠᠷ ᠪᠣᠳᠠᠲᠤ ᠪᠠᠢᠯᠳᠤᠭᠠᠨ ᠤ ᠠᠨᠢᠰᠤ᠎ᠵᠢ ᠡᠵᠡᠮᠰᠢᠬᠦᠯᠪᠡ᠃ ᠲᠠᠢᠯᠤᠮᠵᠢ ᠨᠢ ᠰᠤᠷᠤᠭ᠍ᠴᠢᠳ᠎ᠤᠨ ᠠᠵᠢᠯ᠎ᠳᠦ ᠭᠠᠷᠬᠤ ᠲᠥᠯᠦᠪᠵᠢᠭᠦᠯᠭᠡ᠎ᠳᠦ ᠨᠢᠭᠡᠨ ᠢᠵᠢ ᠬᠡᠷᠡᠭᠵᠢᠭᠦᠯᠵᠦ ᠪᠣᠯᠬᠤᠢᠴᠠ᠂ ᠨᠠᠢᠳᠠᠪᠤᠷᠢᠵᠢᠭᠤᠯᠵᠤ ᠪᠣᠯᠬᠤᠢᠴᠠ ᠳᠤᠷᠰᠢᠯᠭ᠎ᠠ ᠠᠷᠭᠠᠬᠡᠮᠵᠢᠶᠠ ᠬᠠᠩᠭᠠᠪᠠ᠃
ᠲᠤᠰ ᠤᠳᠠᠭ᠎ᠠ᠎ᠶᠢᠨ ᠲᠠᠢᠯᠤᠮᠵᠢ᠎ᠶᠢ ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩᠳ᠋ᠤ ᠰᠢᠭᠤᠳ ᠨᠡᠪᠲᠡᠷᠡᠭᠦᠯᠵᠤ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ 7 ᠲᠦᠮᠡ ᠰᠢᠬᠠᠮ ᠤᠶᠤᠳᠠᠳ᠎ᠤᠨ ᠠᠩᠬᠠᠷᠤᠯ᠎ᠢ ᠲᠠᠲᠠᠵᠤ᠂ ᠠᠵᠢᠯ᠎ᠳᠦ ᠭᠠᠷᠬᠤ ᠰᠢᠨ᠎ᠡ ᠠᠶᠠᠨ᠎ᠢ ᠬᠠᠮᠲᠤ᠎ᠪᠠᠷ ᠡᠬᠢᠯᠡᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号