ᠲᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠲᠡᠨ᠎ᠤ ᠲᠤᠤᠯᠢ᠎ᠵᠢ ᠴᠠᠬᠢᠮᠵᠢᠭᠤᠯᠤᠨ ᠤᠯᠠᠮᠵᠢᠯᠠᠬᠤ ᠪᠠ ᠰᠤᠳᠤᠯᠬᠤ ᠲᠤᠷᠰᠢᠯᠲᠠ᠎ᠶᠢᠨ ᠲᠠᠰᠤᠭ ᠪᠠᠢᠭᠤᠯᠤᠭᠳᠠᠪᠠ
2026-06-10 10:44:00
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

 ᠤᠷᠴᠢᠮᠬᠠᠨ ᠲᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠲᠡᠨ᠎ᠤ ᠲᠤᠤᠯᠢ᠎ᠵᠢ ᠴᠠᠬᠢᠮᠵᠢᠭᠤᠯᠤᠨ ᠤᠯᠠᠮᠵᠢᠯᠠᠬᠤ ᠪᠠ ᠰᠤᠳᠤᠯᠬᠤ ᠲᠤᠷᠰᠢᠯᠲᠠ᠎ᠶᠢᠨ ᠲᠠᠰᠤᠭ ᠪᠤᠷᠤᠳᠤᠬᠤᠢ ᠲᠡᠭᠡᠳᠦ ᠰᠤᠷᠭᠠᠭᠤᠯᠢ᠎ᠳᠤ ᠪᠠᠢᠭᠤᠯᠤᠭᠳᠠᠪᠠ᠃

ᠲᠤᠰ ᠲᠤᠷᠰᠢᠯᠲᠠ᠎ᠶ᠋ᠢᠨ ᠲᠠᠰᠤᠭ ᠨᠢ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ ᠢ᠋ ᠪᠠᠳᠤ ᠴᠤᠬᠴᠠᠯᠠᠬᠤ ᠭᠣᠣᠯ ᠰᠢᠵᠢᠮ᠎ᠢ᠋ ᠠᠳᠬᠤᠵᠤ᠂ ᠲᠤᠤᠯᠢᠰ᠎ᠤᠨ ᠰᠣᠶᠣᠯ᠎ᠢ᠋ ᠤᠯᠠᠮᠵᠢᠯᠠᠨ ᠵᠠᠯᠭᠠᠮᠵᠢᠯᠠᠬᠤ᠎ᠪᠠᠷ ᠭᠣᠣᠯ ᠪᠣᠯᠭᠠᠨ᠂ ᠴᠠᠬᠢᠮ ᠮᠡᠷᠭᠡᠵᠢᠯ᠎ᠢ᠋ᠶ᠋ᠡᠷ ᠲᠦᠰᠢᠭ ᠪᠣᠯᠭᠠᠵᠤ᠂ ᠡᠷᠳᠡᠮ ᠰᠢᠨᠵᠢᠯᠡᠭᠡᠨ᠎ᠦ᠌ ᠰᠤᠳᠤᠯᠭᠠᠨ᠂ ᠮᠡᠷᠭᠡᠵᠢᠯ᠎ᠦ᠋ᠨ ᠰᠤᠳᠤᠯᠤᠨ ᠨᠡᠭᠡᠭᠡᠯᠲᠡ᠂ ᠵᠢᠭᠠᠨ ᠰᠤᠷᠭᠠᠯᠲᠠ᠂ ᠰᠣᠶᠣᠯ᠎ᠤ᠋ᠨ ᠤᠯᠠᠮᠵᠢᠯᠠᠯ ᠵᠡᠷᠭᠡ᠎ᠶ᠋ᠢ ᠨᠢᠭᠡ ᠴᠤᠬᠴᠠᠵᠢᠭᠤᠯᠤᠬᠰᠠᠨ ᠲᠠᠪᠴᠠᠩ᠎ᠢ᠋ ᠪᠠᠢᠭᠤᠯᠬᠤ ᠪᠡᠷ ᠪᠠᠢᠨ᠎ᠠ᠃ ᠲᠤᠷᠰᠢᠯᠲᠠ᠎ᠶ᠋ᠢᠨ ᠲᠠᠰᠤᠭ ᠨᠢ ᠴᠥᠭᠡᠨ ᠲᠣᠭᠠᠲᠤ ᠦᠨᠳᠦᠰᠦᠲᠡᠨ᠎ᠦ᠌ ᠰᠢᠯᠢᠳᠡᠭ ᠤᠯᠠᠮᠵᠢᠯᠠᠯᠲᠤ ᠰᠣᠶᠣᠯ᠎ᠤ᠋ᠨ ᠪᠦᠲᠦᠭᠡᠯᠴᠢ ᠴᠢᠨᠠᠷᠲᠠᠢ ᠬᠤᠪᠢᠷᠠᠯᠲᠠ ᠪᠠ ᠰᠢᠨ᠎ᠡ᠎ᠶ᠋ᠢ ᠡᠭᠦᠳᠬᠦ ᠴᠢᠨᠠᠷᠲᠠᠢ ᠬᠥᠭᠵᠢᠯᠲᠡ᠎ᠳ᠋ᠦ᠍ ᠰᠠᠭᠤᠷᠢᠯᠠᠵᠤ᠂ ᠲᠤᠤᠯᠢᠰ᠎ᠲᠤ᠌ ᠠᠭᠤᠯᠤᠭᠳᠠᠭᠰᠠᠨ ᠦᠨᠳᠦᠰᠦᠲᠡᠨ᠎ᠦ᠌ ᠪᠦᠯᠬᠦᠮᠳᠡᠯ᠂ ᠤᠯᠤᠰ ᠣᠷᠣᠨ᠎ᠰᠡᠳᠭᠢᠯ ᠨᠢᠭᠡᠲᠡᠢ ᠵᠡᠷᠭᠡ ᠵᠣᠷᠢᠭ ᠰᠠᠨᠠᠭᠠᠨ᠎ᠤ᠋ ᠴᠥᠮ᠎ᠡ᠎ᠵᠢ ᠭᠦᠨ ᠠᠭᠤᠳᠠᠯᠵᠤ᠂ ᠦᠨᠳᠦᠰᠦᠲᠡᠨ᠎ᠦ᠌ ᠬᠠᠮᠲᠤ᠎ᠶ᠋ᠢᠨ ᠲᠠᠨᠢᠯᠲᠠ᠎ᠶ᠋ᠢ ᠨᠢᠭᠲᠠᠷᠠᠭᠤᠯᠵᠤ᠂ ᠰᠣᠶᠣᠯ᠎ᠤ᠋ᠨ ᠡᠭᠡᠨᠡᠭᠰᠢᠯ᠎ᠢ᠋ ᠨᠡᠮᠡᠭᠳᠡᠭᠦᠯᠦᠨ᠎ᠡ᠃ ᠡᠭᠦᠨ᠎ᠦ᠌ ᠬᠠᠮᠲᠤ ᠪᠣᠷᠣᠲᠣᠬᠣᠶ ᠳᠡᠭᠡᠳᠦ ᠰᠤᠷᠭᠠᠭᠤᠯᠢ᠎ᠶ᠋ᠢᠨ ᠬᠠᠮᠢᠶ᠎ᠠ ᠪᠥᠬᠥᠢ ᠲᠤᠰᠬᠠᠢ ᠮᠡᠷᠭᠡᠵᠢᠯ᠎ᠦ᠋ᠨ ᠪᠠᠢᠭᠤᠯᠤᠯᠲᠠ᠂ ᠡᠷᠳᠡᠮ ᠰᠢᠨᠵᠢᠯᠡᠭᠡᠨ᠎ᠦ᠌ ᠪᠦᠯᠬᠦᠮ ᠨᠡᠢᠲᠡ᠎ᠶ᠋ᠢ ᠪᠣᠢᠵᠢᠭᠤᠯᠬᠤ ᠪᠠ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ᠎ᠶ᠋ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ᠂ ᠣᠷᠣᠨ ᠨᠤᠲᠤᠭ᠎ᠤ᠋ᠨ ᠦᠨᠳᠦᠰᠦᠲᠡᠨ᠎ᠦ᠌ ᠰᠣᠶᠣᠯ᠎ᠢ᠋ ᠬᠠᠮᠠᠭᠠᠯᠠᠨ ᠬᠥᠭᠵᠢᠭᠦᠯᠬᠦ᠂ ᠦᠨᠳᠦᠰᠦᠲᠡᠨ᠎ᠦ᠌ ᠪᠦᠯᠬᠦᠮᠳᠡᠯ ᠲᠠᠪᠰᠢᠯᠲᠠ᠎ᠶ᠋ᠢᠨ ᠦᠢᠯᠡᠰ᠎ᠲᠦ᠍ ᠣᠶᠤᠨ᠎ᠤ᠋ ᠳᠡᠮᠵᠢᠯᠭᠡ ᠪᠠ ᠮᠡᠷᠭᠡᠵᠢᠯ᠎ᠦ᠋ᠨ ᠦᠢᠯᠡᠴᠢᠯᠡᠭᠡ ᠬᠠᠩᠭᠠᠨ᠎ᠠ᠃

ᠫᠠᠢᠰᠠ ᠰᠡᠬᠦᠬᠦ ᠲᠤᠬᠠᠢ᠎ᠶ᠋ᠢᠨ ᠲᠠᠯᠠᠪᠠᠢ᠎ᠳ᠋ᠤ᠌᠂ ᠪᠦᠬᠦ ᠣᠷᠣᠨ᠎ᠤ᠋ ᠳᠣᠲᠣᠨ᠎ᠠ ᠭᠠᠳᠠᠨᠠᠬᠢ 80 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠬᠣᠯᠪᠣᠭᠳᠠᠯ ᠪᠦᠬᠦᠢ ᠲᠥᠯᠥᠭᠡᠯᠡᠭᠴᠢ︽ᠵᠠᠩᠭᠠᠷ︾ᠵᠢᠴᠢ ᠤᠷᠠᠳ ᠪᠠᠭᠠᠲᠤᠷᠯᠢᠭ ᠲᠤᠤᠯᠢ᠎ᠵᠢ ᠬᠠᠮᠠᠭᠠᠯᠠᠵᠤ ᠤᠯᠠᠮᠵᠢᠯᠠᠬᠤ ᠪᠠ ᠴᠠᠬᠢᠮᠵᠢᠭᠤᠯᠤᠨ ᠰᠢᠨ᠎ᠡ᠎ᠶ᠋ᠢ ᠡᠭᠦᠳᠬᠦ ᠶᠠᠪᠤᠳᠠᠯ᠎ᠳ᠋ᠤ᠌ ᠴᠢᠭᠯᠡᠭᠦᠯᠦᠨ ᠶᠠᠷᠢᠯᠴᠠᠬᠤ ᠬᠤᠷᠠᠯ ᠬᠢᠵᠦ᠂ ᠲᠤᠤᠯᠢ᠎ᠶᠢᠨ ᠰᠤᠳᠤᠯᠭᠠᠨ ᠪᠣᠯᠤᠨ ᠴᠠᠬᠢᠮ᠎ᠤᠨ ᠮᠡᠷᠭᠡᠵᠢᠯ᠎ᠦ᠋ᠨ ᠭᠦᠨᠵᠡᠭᠡᠢ ᠠᠭᠤᠰᠤᠯᠴᠠᠯ᠎ᠢ᠋ ᠠᠬᠢᠭᠤᠯᠵᠠᠢ᠃

ᠬᠤᠷᠠᠯ᠎ᠳ᠋ᠤ᠌ ᠣᠷᠣᠯᠴᠠᠭᠰᠠᠳ ᠪᠠᠰᠠ ᠥᠪᠥᠷ ᠮᠣᠩᠭᠣᠯ᠎ᠤ᠋ᠨ ᠪᠤᠷᠤᠳᠤᠬᠤᠢ᠎ᠶ᠋ᠢᠨ ᠰᠣᠶᠣᠯ᠎ᠤᠨ ᠰᠤᠳᠤᠯᠬᠤ ᠭᠠᠵᠠᠷ᠎ᠤ᠋ᠨ ᠪᠤᠷᠤᠳᠤᠬᠤᠢ᠎ᠶ᠋ᠢᠨ ᠰᠣᠶᠣᠯ᠎ᠤ᠋ᠨ ᠰᠤᠳᠤᠯᠭᠠᠨ᠎ᠤ᠋ ᠦᠵᠡᠭᠦᠯᠭᠡ᠎ᠶ᠋ᠢᠨ ᠲᠢᠩᠬᠢᠮ᠂ ᠪᠠᠶᠠᠨᠨᠠᠭᠤᠷ ᠬᠣᠲᠠ᠎ᠶ᠋ᠢᠨ ᠨᠣᠮ᠎ᠤ᠋ᠨ ᠰᠠᠩ᠎ᠤ᠋ᠨ ︽ᠲᠢᠶᠠᠨ ᠯᠦ᠍ ᠢ ᠵᠧᠨ︾ ᠡᠷᠲᠡᠨ᠎ᠦ᠌ ᠨᠣᠮ᠎ᠤ᠋ᠨ ᠦᠵᠡᠭᠦᠯᠭᠡ᠂ ᠪᠤᠷᠤᠳᠤᠬᠤᠢ᠎ᠶ᠋ᠢᠨ ᠤᠰᠤᠨ ᠠᠰᠢᠭᠯᠠᠯᠲᠠ᠎ᠶ᠋ᠢᠨ ᠰᠣᠶᠣᠯ᠎ᠤ᠋ᠨ ᠮᠦᠽᠧᠢ᠎ᠳ᠋ᠦ᠍ ᠬᠦᠷᠴᠦ ᠲᠣᠭᠣᠷᠢᠨ ᠦᠵᠡᠵᠦ ᠰᠤᠷᠤᠯᠴᠠᠨ᠂ ᠪᠤᠷᠤᠳᠤᠬᠤᠢ ᠣᠷᠣᠨ᠎ᠤ᠋ ᠡᠯ᠎ᠡ ᠦᠨᠳᠦᠰᠦᠲᠡᠨ᠎ᠦ᠌ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡ᠎ᠶ᠋ᠢᠨ ᠰᠤᠳᠠᠰᠤ ᠪᠠ ᠰᠣᠶᠣᠯ᠎ᠤ᠋ᠨ ᠨᠠᠷᠢᠨ ᠠᠭᠤᠯᠭ᠎ᠠ᠎ᠶ᠋ᠢ ᠪᠡᠶᠡᠴᠢᠯᠡᠨ ᠤᠢᠯᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号