2690 ᠲᠥᠷᠥᠯ ᠵᠦᠶ᠋ᠯ ᠰᠡᠳᠦᠪ ᠲᠣᠭ᠍ᠲᠠᠭᠠᠬᠤ ᠳᠡᠮᠵᠢᠯᠭᠡ᠎ᠶ᠋ᠢ ᠣᠯᠵᠠᠶ
2026-06-10 15:04:06
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ 2026 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠰᠡᠳᠦᠪ ᠲᠣᠭ᠍ᠲᠠᠭᠠᠭ᠍ᠰᠠᠨ ᠦᠷ᠎ᠡ ᠳ᠋ᠦᠩ᠎ᠢ ᠨᠡᠢᠲᠡᠯᠡᠵᠦ᠍᠂ ᠨᠡᠢᠲᠡ 2690 ᠲᠥᠷᠥᠯ ᠵᠦᠶ᠋ᠯ ᠨᠢ ᠰᠡᠳᠦᠪ ᠲᠣᠭ᠍ᠲᠠᠭᠠᠬᠤ ᠳᠡᠮᠵᠢᠯᠭᠡ ᠵᠢ ᠣᠯᠵᠤ᠂ ᠠᠳᠠᠯᠢ ᠬᠤᠭᠤᠴᠠᠭᠠᠨ᠎ᠤ ᠬᠢ᠎ᠡᠴᠡ 40.3% ᠪᠠᠷ ᠨᠡᠮᠡᠭ᠌ᠳᠡᠪᠡ᠃ ᠲᠤᠰᠠᠯᠠᠬᠤ ᠵᠣᠭᠣᠰᠣᠨ ᠲᠣᠭ᠎ᠠ ᠠᠩᠬ᠎ᠠ ᠤᠳᠠᠭ᠎ᠠ 3 ᠳ᠋ᠦᠩᠱᠢᠭᠤᠷ ᠲᠥᠭᠥᠷᠢᠭ᠎ᠢ ᠳᠠᠪᠠᠵᠤ᠂ 2025 ᠣᠨ᠎ᠤ ᠬᠢ᠎ᠡᠴᠡ 37% ᠪᠡᠷ ᠨᠡᠮᠡᠭ᠌ᠳᠡᠵᠦ᠍᠂ ᠲᠦᠷᠦᠯ ᠵᠦᠢᠯ ᠲᠣᠭ᠍ᠲᠠᠭᠠᠭ᠍ᠰᠠᠨ ᠲᠣᠭ᠎ᠠ᠂ ᠲᠤᠰᠠᠯᠠᠬᠤ ᠵᠣᠭᠣᠰᠣᠨ ᠲᠣᠭ᠎ᠠ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃

ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠰᠠᠭᠤᠷᠢ ᠰᠤᠳᠤᠯᠭᠠᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡᠳᠦᠯᠲᠡᠶ ᠲᠥᠯᠥᠪᠵᠢᠭᠦᠯᠬᠦ᠌ ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠎ᠤ ᠣᠷᠣᠭᠤᠯᠤᠯᠲᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠵᠣᠬᠢᠶᠠᠨ ᠪᠠᠢᠭᠤᠯᠤᠯᠲᠠ᠎ᠲᠠᠶ ᠰᠠᠭᠤᠷᠢ ᠰᠤᠳᠤᠯᠭᠠᠨ᠎ᠢ ᠥᠷᠨᠢᠭᠦᠯᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠭᠦᠨ ᠵᠤᠵᠠᠭᠠᠨ ᠬᠦᠴᠦᠨ ᠴᠢᠳᠠᠯ ᠬᠤᠷᠠᠮᠳᠤᠭᠤᠯᠪᠠ᠃ 2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠮᠡᠷᠭᠡᠵᠢᠯ᠎ᠦᠨ ᠪᠣᠭᠣᠮᠲᠠ ᠱᠢᠪᠲᠤᠯᠬᠤ 《ᠦᠷ᠎ᠡ ᠪᠦᠲᠦᠭᠡᠯ ᠶᠠᠰᠤ ᠴᠢᠨᠠᠷ ᠦᠷ᠎ᠡ ᠠᠱᠢᠭ》 ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠵᠦ᠍᠂ ᠠᠵᠤ ᠦᠶ᠋ᠯᠡᠰ᠎ᠦᠨ ᠭᠤᠤᠯᠯᠠᠬᠤ ᠱᠢᠨᠵᠢᠯᠡᠬᠦ᠌ ᠤᠬᠠᠭᠠᠨ᠎ᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ ᠰᠤᠳᠤᠯᠭᠠᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠮᠡᠷᠭᠡᠵᠢᠯ᠎ᠦᠨ ᠰᠤᠳᠤᠯᠭᠠᠨ᠎ᠢ ᠣᠨᠣᠴᠠᠲᠠᠶ ᠪᠠᠢᠷᠢᠯᠠᠭᠤᠯᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠤᠯᠠᠮ ᠨᠢᠭᠡ ᠠᠯᠬᠤᠮ ᠳᠣᠪᠣᠢᠯᠭᠠᠵᠤ᠂ ᠤᠤᠭᠠᠯ ᠡᠭᠦᠳᠦᠯᠳᠡ ᠵᠢᠨ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠶ᠎ᠶ᠋ᠢᠨ ᠠᠵᠤ ᠦᠶ᠋ᠯᠡᠰ᠎ᠤᠨ ᠪᠠᠢᠷᠢᠱᠢᠭᠤᠯᠤᠯᠲᠠ᠎ᠳᠤ ᠬᠦᠴᠦᠨ ᠨᠡᠮᠡᠷᠢᠯᠡᠪᠡ᠃

2026 ᠣᠨ᠎ᠳᠤ᠂ ᠥᠪᠥᠷ ᠮᠣᠩᠭᠣᠯ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠨᠢ ᠱᠢᠨᠵᠢᠯᠡᠭᠡᠨ᠎ᠦ ᠰᠠᠯᠠᠭ᠎ᠠ᠎ᠶ᠋ᠢ ᠲᠡᠩᠴᠡᠭᠦᠷᠢᠲᠡᠶ ᠬᠥᠭ᠌ᠵᠢᠭᠦᠯᠬᠦ᠌ ᠪᠠ ᠲᠡᠷᠢᠭᠦᠨ ᠲᠠᠰ᠎ᠤᠨ ᠱᠢᠨᠵᠢᠯᠡᠭᠡᠨ᠎ᠦ ᠰᠠᠯᠠᠭ᠎ᠠ᠎ᠶ᠋ᠢ ᠪᠣᠢᠵᠢᠭᠤᠯᠤᠨ ᠪᠥᠲᠥᠭᠡᠨ ᠪᠠᠢᠭᠤᠯᠬᠤ᠎ᠶ᠋ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ᠎ᠶ᠋ᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠠᠠᠳᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠲᠥᠷᠥᠯ ᠵᠦᠶ᠋ᠯ᠎ᠦᠨ ᠪᠠᠢᠷᠢᠱᠢᠭᠤᠯᠤᠯᠲᠠ᠎ᠶ᠋ᠢᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ ᠬᠢᠭᠡᠳ ᠲᠠᠷᠢᠶᠠᠯᠠᠩ ᠮᠠᠯ ᠠᠵᠤ ᠠᠬᠤᠶ᠂ ᠠᠮᠢ ᠠᠬᠤᠶ᠎ᠣᠷᠴᠢᠨ ᠲᠣᠭᠣᠷᠢᠨ᠂ ᠱᠢᠨ᠎ᠡ ᠡᠨᠧᠷᠭᠢ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ᠂ ᠦᠨᠳᠦᠰᠦᠲᠡᠨ᠎ᠦ ᠡᠮ ᠡᠮᠨᠡᠯᠭᠡ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠢ ᠬᠥᠲᠥᠯᠦᠨ ᠵᠢᠯᠣᠭᠣᠳᠴᠤ᠌ ᠰᠠᠭᠤᠷᠢ ᠰᠤᠳᠤᠯᠭᠠᠨ᠎ᠳᠤ ᠣᠷᠣᠯᠴᠠᠭᠤᠯᠤᠨ᠂ 49 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠳᠡᠮᠵᠢᠵᠦ᠍᠂ ᠰᠠᠭᠤᠷᠢ ᠰᠤᠳᠤᠯᠭᠠᠨ᠎ᠢᠶᠠᠷ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠠᠢᠴᠢᠯᠠᠨ ᠲᠤᠯᠭᠠᠭᠤᠷᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号