ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ ᠎ᠶᠢᠨ ᠠᠮᠢ ᠠᠬᠤᠢ ᠎ᠶᠢ ᠰᠡᠷᠭᠦᠭᠡᠬᠦ ᠮᠡᠷᠭᠡᠵᠢᠯ᠎ᠦᠨ ᠦᠷ᠎ᠡ ᠪᠦᠲᠦᠭᠡᠯ ᠤᠯᠤᠰ᠎ᠤᠨ ᠲᠠᠰ᠎ᠤᠨ ᠠᠵᠢᠯ ᠲᠥᠷᠥᠯ᠎ᠦᠨ ᠢᠷᠠᠭᠤ ᠠᠯᠳᠠᠷ᠎ᠢ ᠬᠥᠷᠳᠡᠪᠡ
2026-06-10 10:40:40
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠰᠤᠷᠪᠤᠯᠵᠢᠯᠠᠭ᠍ᠴᠢ ᠤᠯᠤᠰ ᠎ᠤᠨ ᠴᠠᠬᠢᠯᠭᠠᠨ ᠬᠦᠴᠦᠨ ᠎ᠦ ᠪᠡᠯᠡ ᠣᠷᠣᠭᠤᠯᠤᠯᠲᠠ ᠎ᠶᠢᠨ ᠥᠪᠥᠷ ᠮᠣᠩᠭᠣᠯ ᠎ᠤᠨ ᠺᠣᠮᠫᠠᠨᠢ ᠎ᠶᠢᠨ ᠡᠮᠥᠨ᠎ᠡ ᠵᠠᠳᠠᠭᠠᠢ ᠨᠡᠭᠦᠷᠡᠰᠦᠨ ᠠᠭᠤᠷᠬᠠᠢ ᠎ᠠᠴᠠ ᠥᠢᠯᠠᠭᠠᠬᠰᠠᠨ ᠵᠢᠨᠷ᠂ ᠳᠤᠮᠳᠠᠳᠤ ᠤᠯᠤᠰ᠎ᠤᠨ ᠴᠢᠯᠠᠭᠤᠯᠢᠭ᠋᠎ᠤᠨ ᠬᠦᠴᠦᠨ᠎ᠦ ᠤᠬᠠᠭᠠᠨ ᠬᠢᠭᠡᠳ ᠢᠨᠵᠧᠨᠧᠷᠢᠩ ᠎ᠦᠨ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠠᠭᠤᠷᠬᠠᠢ ᠮᠠᠯᠲᠠᠬᠤ᠎ᠶᠢᠨ ᠬᠥᠨᠥᠭᠡᠯ ᠬᠢᠭᠡᠳ ᠠᠮᠢ ᠠᠬᠤᠢ ᠎ᠵᠢ ᠰᠡᠷᠭᠦᠭᠡᠬᠦ ᠲᠤᠰᠬᠠᠢ ᠵᠥᠪᠯᠡᠯ᠎ᠤᠨ ᠭᠣᠣᠯᠯᠠᠨ ᠡᠷᠭᠢᠯᠡᠭᠰᠡᠨ ᠰᠢᠯᠭᠠᠷᠠᠭᠤᠯᠬᠤ ᠠᠵᠢᠯᠯᠠᠭ᠎ᠠ ᠎ᠳᠤ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠥᠪᠥᠷ ᠮᠣᠩᠭᠣᠯ ᠎ᠤᠨ ᠺᠣᠮᠫᠠᠨᠢ᠎ᠶᠢᠨ ᠡᠮᠥᠨ᠎ᠡ ᠵᠠᠳᠠᠭᠠᠢ ᠨᠡᠭᠦᠷᠡᠰᠦᠨ ᠠᠭᠤᠷᠬᠠᠢ 《ᠤᠮᠠᠷᠠᠲᠤ᠎ᠶᠢᠨ ᠠᠮᠢ ᠠᠬᠤᠢ᠎ᠶᠢᠨ ᠬᠠᠯᠬᠠᠪᠴᠢ᠄ ᠥᠪᠥᠷ ᠮᠣᠩᠭᠣᠯ᠎ᠤᠨ ᠵᠡᠭᠦᠨ ᠬᠡᠰᠡᠭ᠎ᠦᠨ ᠥᠨᠳᠥᠷ ᠡᠷᠭᠦᠭᠳᠡᠴᠡ ᠲᠠᠢ ᠬᠦᠢᠲᠡᠨ ᠤᠷᠤᠨ᠎ᠤ ᠵᠠᠳᠠᠭᠠᠢ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠭᠰᠡᠨ ᠬᠡᠪ ᠳᠠᠭᠤᠷᠢᠶᠠᠯ᠎ᠤᠨ ᠦᠢᠯᠡᠳᠦᠯᠭᠡ》 ᠵᠢᠨ ᠲᠥᠷᠥᠯ ᠵᠦᠢᠯ᠎ᠳᠦ ᠲᠦᠰᠢᠭᠯᠡᠨ᠂ ᠪᠥᠬᠥ ᠤᠯᠤᠰ᠎ᠤᠨ 《ᠠᠭᠤᠷᠬᠠᠢ᠎ᠶᠢᠨ ᠠᠮᠢ ᠠᠬᠤᠢ ᠎ᠶᠢ ᠰᠡᠷᠭᠦᠭᠡᠬᠰᠡᠨ ᠨᠡᠢᠲᠡᠯᠢᠭ ᠬᠡᠷᠡᠭ᠎ᠦᠨ ᠵᠢᠱ᠌ᠢᠶ᠎ᠡ》 ᠵᠢᠨ ᠢᠷᠠᠭᠤ ᠠᠯᠳᠠᠷ᠎ᠢ ᠭᠥᠷᠳᠡᠪᠡ᠃ 

ᠪᠠᠰᠠ ᠲᠡᠭᠦᠨ᠎ᠦ ᠰᠢᠨ᠎ᠡ ᠎ᠶᠢ ᠡᠭᠦᠳᠥᠭᠰᠡᠨ ᠮᠡᠷᠭᠡᠵᠢᠯ ᠪᠤᠯᠬᠤ ᠥᠪᠥᠷ ᠮᠣᠩᠭᠣᠯ᠎ᠤᠨ ᠵᠡᠭᠦᠨ ᠬᠡᠰᠡᠭ᠎ᠦᠨ ᠲᠠᠯ᠎ᠠ ᠨᠤᠲᠤᠬ ᠎ᠦᠨ ᠨᠡᠢᠲᠡᠯᠢᠭ ᠵᠠᠳᠠᠭᠠᠢ ᠠᠭᠤᠷᠬᠠᠢ᠎ᠶᠢᠨ ᠣᠷᠣᠨ᠎ᠤ ᠠᠮᠢ ᠠᠬᠤᠢ᠎ᠶᠢ ᠰᠡᠷᠭᠦᠭᠡᠬᠦ ᠮᠡᠷᠭᠡᠵᠢᠯ᠎ᠦᠨ ᠬᠤᠷᠠᠮᠠᠯ ᠮᠡᠷᠭᠡᠵᠢᠯ ᠨᠢ 《ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠬᠰᠡᠨ ᠰᠢᠨ᠎ᠡ᠎ᠶᠢ ᠡᠭᠦᠳᠥᠭᠰᠡᠨ ᠮᠡᠷᠭᠡᠵᠢᠯ》 ᠵᠢᠡᠷ ᠦᠨᠡᠯᠡᠭᠳᠡᠵᠠᠢ᠃ ᠲᠤᠰ 2 ᠢᠷᠠᠭᠤ ᠠᠯᠳᠠᠷ᠎ᠢ ᠬᠦᠷᠲᠡᠭᠰᠡᠨ ᠨᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠥᠨᠳᠥᠷ ᠡᠷᠭᠦᠭᠳᠡᠴᠡ ᠲᠠᠢ ᠬᠦᠢᠲᠡᠨ ᠤᠷᠤᠨ᠎ᠤ ᠲᠠᠯ᠎ᠠ ᠨᠤᠲᠤᠭ᠎ᠤᠨ ᠵᠠᠳᠠᠭᠠᠢ ᠨᠡᠭᠦᠷᠡᠰᠦᠨ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠬᠦ ᠬᠦᠷᠢᠶ᠎ᠡ ᠴᠠᠷᠠᠭᠠᠨ᠎ᠳᠡᠬᠢ ᠦᠢᠯᠡᠳᠦᠯᠭᠡ᠎ᠶᠢᠨ ᠦᠷ᠎ᠡ ᠪᠦᠲᠦᠮᠵᠢ ᠪᠣᠯᠣᠨ ᠮᠡᠷᠭᠡᠵᠢᠯ᠎ᠦᠨ ᠲᠦᠪᠰᠢᠨ ᠨᠢ ᠤᠯᠤᠰ᠎ᠤᠨ ᠲᠡᠰ᠎ᠤᠨ ᠠᠵᠢᠯ ᠲᠦᠷᠦᠯ᠎ᠦᠨ ᠡᠷᠬᠡ ᠰᠦᠷᠲᠦ ᠵᠥᠪᠰᠢᠶᠡᠷᠡᠯ᠎ᠢ ᠣᠯᠣᠭᠰᠠᠨ᠎ᠢ ᠬᠠᠷᠠᠭᠤᠯᠵᠤ ᠪᠠᠢᠨ᠎ᠠ᠃

ᠥᠪᠥᠷ ᠮᠣᠩᠭᠣᠯ᠎ᠤᠨ ᠵᠡᠭᠦᠨ ᠬᠡᠰᠡᠭ᠎ᠦᠨ ᠲᠠᠯ᠎ᠠ ᠨᠤᠲᠤᠭ᠎ᠲᠤ ᠦᠨᠳᠦᠰᠦᠯᠡᠭᠰᠡᠨ ᠡᠨᠧᠷᠭᠢ᠎ᠶᠢᠨ ᠲᠥᠪ᠎ᠦᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠲᠤᠰ ᠠᠭᠤᠷᠬᠠᠢ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ  ᠣᠢᠯᠠᠭᠠᠭᠳᠠᠬᠤᠨ᠎ᠢ ᠢᠮᠠᠭᠲᠠ ᠪᠠᠷᠢᠮᠲᠠᠯᠠᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠠᠭᠤᠷ ᠠᠮᠢᠰᠬᠤᠯ ᠬᠠᠬᠢᠷ ᠬᠦᠢᠲᠡᠨ᠂ ᠰᠠᠯᠬᠢ ᠡᠯᠡᠰᠦ ᠶᠡᠬᠡ᠂ ᠬᠥᠷᠥᠰᠥ ᠰᠢᠷᠣᠢ ᠲᠠᠴᠢᠷ ᠨᠢᠮᠭᠡᠨ᠂ ᠤᠷᠭᠤᠯᠲᠠ᠎ᠶᠢᠨ ᠬᠤᠭᠤᠴᠠᠭ᠎ᠠ ᠣᠬᠣᠷ ᠵᠡᠷᠭᠡ ᠠᠮᠢ ᠠᠬᠤᠢ᠎ᠶᠢ ᠵᠠᠰᠠᠨ ᠰᠡᠷᠭᠦᠭᠡᠬᠦ ᠬᠦᠴᠢᠷ ᠠᠰᠠᠭᠤᠳᠠᠯ᠎ᠳᠤ ᠴᠢᠭᠯᠡᠭᠥᠯᠥᠨ᠂ 《ᠭᠠᠵᠠᠷ᠎ᠤᠨ ᠪᠠᠢᠴᠠ᠎ᠶᠢ ᠲᠠᠬᠢᠨ ᠱᠤᠭᠤᠬᠤ᠂ ᠬᠥᠷᠥᠰᠥ ᠰᠢᠷᠣᠢ᠎ᠶᠢ ᠰᠠᠢᠵᠢᠷᠠᠭᠤᠯᠬᠤ᠂ ᠤᠷᠭᠤᠮᠠᠯ᠎ᠤᠨ ᠬᠤᠴᠢᠯᠭ᠎ᠠ᠎ᠶᠢ ᠲᠠᠬᠢᠨ ᠪᠦᠲᠦᠭᠡᠨ ᠪᠠᠢᠭᠤᠯᠬᠤ》 ᠶ᠋ᠢ ᠨᠢᠭᠡ ᠴᠣᠭᠴᠠᠵᠢᠭᠤᠯᠤᠭᠰᠠᠨ ᠦᠨᠳᠦᠷ ᠡᠷᠭᠦᠭᠳᠡᠴᠡ ᠲᠠᠢ ᠬᠦᠢᠲᠡᠨ ᠤᠷᠤᠨ᠎ᠤ ᠵᠠᠳᠠᠭᠠᠢ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠪᠦᠬᠦ ᠬᠡᠯᠬᠢᠶ᠎ᠡ᠎ᠶᠢ ᠰᠢᠢᠳᠪᠦᠷᠢᠯᠡᠬᠦ ᠲᠥᠰᠥᠯ᠎ᠢ ᠰᠦᠪᠡᠭᠴᠢᠯᠡᠨ ᠭᠠᠷᠭᠠᠵᠠᠢ᠃ 2018 ᠣᠨ᠎ᠠᠴᠠ ᠨᠠᠭᠠᠰᠢ ᠨᠡᠶ᠋ᠢᠲᠡ 4 ᠳ᠋ᠦᠩᠰᠢᠭᠤᠷ ᠰᠢᠬᠠᠮ ᠲᠥᠭᠥᠷᠢᠭ᠎ᠦᠨ ᠪᠡᠯᠡ ᠣᠷᠣᠭᠤᠯᠵᠤ᠂ 《ᠠᠮᠢᠳᠤ ᠪᠣᠳᠠᠰ᠎ᠤᠨ ᠠᠷᠭ᠎ᠠ ᠪᠡᠷ ᠭᠣᠣᠯ ᠪᠣᠯᠭᠠᠵᠤ᠂ ᠢᠨᠵᠸᠨ᠋ᠸᠷᠢᠩ᠎ᠤᠨ ᠠᠷᠭ᠎ᠠ ᠪᠡᠷ ᠬᠠᠪᠰᠤᠷᠤᠮᠵᠢ ᠪᠣᠯᠭᠠᠬᠤ》ᠮᠡᠷᠭᠡᠵᠢᠯ᠎ᠦᠨ ᠠᠷᠭ᠎ᠠ ᠵᠠᠮ ᠶᠣᠰᠣᠭᠠᠷ ᠤᠷᠢᠳ ᠬᠣᠵᠢᠳ 6 ᠶᠡᠬᠡ ᠠᠷᠭ᠎ᠠ ᠬᠡᠮᠵᠢᠶ᠎ᠡ᠎ᠶᠢ ᠬᠡᠷᠡᠭᠵᠢᠭᠦᠯᠥᠨ᠂ ᠠᠮᠢ ᠠᠬᠤᠢ᠎ᠶᠢ ᠰᠡᠷᠭᠦᠭᠡᠬᠦ ᠠᠵᠢᠯ᠎ᠢ ᠰᠢᠰᠲᠧᠮ᠎ᠲᠠᠢ ᠥᠷᠨᠢᠭᠦᠯᠪᠡ᠃ 2018 ᠡᠴᠡ 2025 ᠣᠨ ᠪᠤᠯᠳᠠᠯ᠎ᠠ ᠨᠡᠶ᠋ᠢᠲᠡ 17101 ᠮᠦ᠍ ᠲᠠᠯᠠᠪᠠᠶ᠎ᠶᠢ ᠵᠠᠰᠠᠵᠤ ᠳᠠᠭᠤᠰᠬᠠᠨ᠂ ᠣᠯᠠᠨ ᠵᠢᠯ ᠵᠠᠰᠠᠵᠤ ᠰᠡᠷᠭᠥᠭᠡᠬᠦ ᠪᠡᠷ ᠳᠡᠮᠵᠢᠵᠤ᠂ ᠠᠮᠢ ᠠᠬᠤᠢ᠎ᠶᠢ ᠵᠠᠰᠠᠨ ᠰᠡᠷᠭᠦᠭᠡᠭᠰᠡᠨ ᠨᠣᠷᠮ᠎ᠠ᠎ᠶᠢ 100% ᠳ᠋ᠤ ᠬᠥᠷᠭᠡᠨ᠂ ᠭᠠᠵᠠᠷ᠎ᠤᠨ ᠭᠠᠳᠠᠷᠭᠤ᠎ᠶᠢᠨ ᠢᠯᠵᠢᠷᠠᠮᠡᠯ ᠰᠢᠷᠣᠢ ᠵᠢᠨ ᠠᠰᠢᠭ᠍ᠯᠠᠯᠲᠠ᠎ᠶᠢᠨ ᠨᠣᠷᠮ᠎ᠠ᠎ᠶᠢ 100% ᠳ᠋ᠤ ᠬᠥᠷᠭᠡᠵᠤ᠂ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠭᠰᠠᠨ ᠨᠣᠷᠮ᠎ᠠ᠎ᠶᠢ 95% ᠳ᠋ᠤ ᠬᠥᠷᠭᠡᠨ᠂ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢ 90%᠎ᠡᠴᠡ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠬᠥᠷᠥᠰᠥ ᠰᠢᠷᠣᠢ᠎ᠶᠢᠨ ᠰᠢᠮ᠎ᠡ ᠲᠡᠵᠢᠭᠡᠯ᠎ᠦᠨ ᠲᠠᠰ᠎ᠢ 1-2 ᠲᠠᠰ ᠳᠡᠭᠡᠭᠰᠢᠯᠡᠭᠦᠯᠥᠨ᠂ ᠥᠩᠭᠡᠷᠡᠭᠰᠡᠨ᠎ᠦ ᠠᠭᠤᠷᠬᠠᠢ᠎ᠶᠢᠨ ᠣᠷᠣᠨ᠎ᠤ ᠠᠮᠢ ᠠᠬᠤᠢ᠎ᠶᠢᠨ 《ᠰᠢᠷᠬ᠎ᠠ ᠰᠣᠷᠪᠢ》 ᠵᠢ ᠤᠳᠤ ᠨᠢᠭᠡᠨᠳᠡ ᠲᠠᠯ᠎ᠠ ᠨᠤᠲᠤᠭ᠎ᠤᠨ 《ᠨᠣᠭᠣᠭᠠᠨ ᠬᠣᠩᠭᠢᠯ》 ᠪᠤᠯᠭᠠᠵᠠᠢ᠃

ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠯ᠎ᠠ᠎ᠪᠠᠷ᠂ ᠲᠣᠰ ᠠᠭᠤᠷᠬᠠᠢ ᠤᠯᠠᠮᠵᠢᠯᠠᠯᠲᠤ ᠵᠠᠰᠠᠨ ᠰᠡᠷᠭᠦᠭᠡᠬᠦ ᠵᠠᠭᠪᠤᠷ᠎ᠤᠨ ᠪᠣᠭᠣᠮᠢ᠎ᠶᠢ ᠡᠪᠳᠡᠨ᠂ ᠥᠨᠳᠥᠷ ᠡᠷᠭᠦᠭᠳᠡᠴᠡ ᠲᠠᠢ ᠬᠦᠢᠲᠡᠨ ᠤᠷᠤᠨ᠎ᠤ ᠤᠷᠭᠤᠮᠠᠯ᠎ᠤᠨ ᠬᠤᠴᠢᠯᠭ᠎ᠠ᠎ᠶᠢᠨ ᠡᠳᠡᠭᠡᠷᠡᠯᠲᠡ᠎ᠶᠢᠨ ᠨᠣᠷᠮ᠎ᠠ ᠳᠣᠣᠷ᠎ᠠ᠂ ᠠᠮᠢ ᠠᠬᠤᠢ ᠵᠢᠨ ᠳᠤᠬᠳᠠᠪᠥᠷᠢᠳᠥ ᠴᠢᠨᠠᠷ᠎ᠠᠨᠠᠢ ᠵᠡᠷᠭᠡ ᠡᠪᠡᠷᠰᠢᠶᠡᠯ᠎ᠳᠦ ᠴᠢᠭᠯᠡᠭᠦᠯᠦᠨ᠂ ᠲᠠᠷᠢᠵᠤ ᠤᠷᠭᠤᠭᠤᠯᠬᠤ ᠤᠷᠴᠢᠨ ᠨᠦᠭᠥᠴᠡᠯ ᠎ᠢ ᠰᠠᠢᠵᠢᠷᠠᠭᠤᠯᠬᠤ᠂ ᠤᠰᠤ ᠪᠣᠷᠳᠣᠭᠤᠷ᠎ᠢ ᠬᠠᠳᠠᠭᠠᠯᠠᠬᠤ᠂ ᠰᠠᠯᠬᠢᠨ᠎ᠤ ᠢᠳᠡᠭᠳᠡᠯ᠎ᠢ ᠡᠰᠡᠷᠭᠦᠴᠡᠨ ᠬᠥᠷᠥᠰᠥ ᠰᠢᠷᠣᠢ᠎ᠶᠢ ᠲᠣᠭᠲᠠᠪᠤᠷᠢᠵᠢᠭᠤᠯᠬᠤ ᠵᠡᠷᠭᠡ ᠠᠯᠢ ᠣᠯᠠᠨ ᠵᠠᠩᠭᠢᠯᠠᠭ᠎ᠠ᠎ᠶᠢᠨ ᠮᠡᠷᠭᠡᠵᠢᠯ᠎ᠢ ᠰᠢᠨ᠎ᠡ᠎ᠪᠡᠷ ᠡᠭᠦᠳᠦᠨ ᠨᠡᠭᠡᠭᠡᠭᠰᠡᠨ ᠪᠠᠢᠨ᠎ᠠ᠃ 《ᠲᠤᠷᠤᠭ ᠮᠤᠳᠤ ᠪᠤᠳᠠ ᠮᠣᠳᠣ᠌ ᠡᠪᠡᠰᠦ᠎ᠶᠢ ᠤᠶᠠᠯᠳᠤᠭᠤᠯᠤᠭᠰᠠᠨ᠂ ᠪᠠᠢᠭᠠᠯᠢ᠎ᠯᠤᠭ᠎ᠠ ᠣᠶ᠋ᠢᠷᠠᠳᠤᠭᠤᠯᠤᠨ ᠵᠠᠰᠠᠨ ᠰᠡᠷᠭᠥᠭᠡᠬᠥ》 ᠤᠷᠭᠤᠮᠠᠯ᠎ᠤᠨ ᠬᠤᠴᠢᠯᠭ᠎ᠠ᠎ᠶᠢᠨ ᠰᠥᠷᠥᠭᠵᠢᠯ᠎ᠢ ᠪᠠᠶ᠋ᠢᠭᠤᠯᠬᠤ᠎ᠪᠠᠷ ᠳᠠᠮᠵᠢᠭᠤᠯᠤᠨ᠂《ᠥᠪᠡᠰᠦᠪᠡᠨ ᠰᠡᠷᠭᠥᠵᠤ ᠥᠯᠥ ᠬᠠᠮᠠᠭᠠᠯᠠᠬᠤ》 ᠲᠣᠭᠲᠠᠭᠤᠨ ᠠᠮᠢ ᠠᠬᠤᠢ᠎ᠶᠢᠨ ᠰᠢᠰᠲᠧᠮ᠎ᠢ ᠪᠠᠢᠭᠤᠯᠵᠤ᠂ ᠤᠷᠭᠤᠮᠠᠯ ᠎ᠤᠨ ᠬᠤᠴᠢᠯᠭ᠎ᠠ᠎ᠶᠢᠨ ᠰᠦᠷᠦᠭᠵᠢᠯ᠎ᠦᠨ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠨ᠂ ᠣᠷᠳᠣ᠌ ᠬᠤᠭᠤᠴᠠᠭ᠎ᠠ ᠬᠠᠮᠢᠶᠠᠷᠤᠨ ᠬᠠᠮᠠᠭᠠᠯᠠᠬᠤ ᠥᠪᠡᠷ᠎ᠦᠨ ᠥᠷᠲᠡᠭ᠎ᠢ ᠪᠠᠭᠤᠷᠠᠭᠤᠯᠵᠤ᠂ ᠥᠨᠳᠥᠷ ᠡᠷᠭᠦᠭᠳᠡᠴᠡ ᠲᠠᠢ ᠬᠦᠢᠲᠡᠨ ᠤᠷᠤᠨ᠎ᠤ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠬᠦ᠎ᠳᠦ ᠬᠠᠭᠤᠯᠪᠥᠷᠢᠯᠡᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ᠎ᠦᠨ ᠬᠡᠪ ᠵᠠᠭᠪᠤᠷ᠎ᠢ ᠬᠠᠩᠭᠠᠭᠰᠠᠨ ᠪᠠᠢᠨ᠎ᠠ᠃

ᠣᠳᠣᠬᠠᠨ᠎ᠳᠤ᠂ ᠵᠠᠰᠠᠵᠤ ᠰᠡᠷᠭᠦᠭᠡᠭᠰᠡᠨ᠎ᠦ ᠳᠠᠷᠠᠭᠠᠬᠢ ᠠᠭᠤᠷᠬᠠᠢ᠎ᠶᠢᠨ ᠣᠷᠣᠨ ᠨᠢ ᠨᠢᠭᠡᠨᠲᠡ ᠲᠠᠯ᠎ᠠ ᠨᠤᠲᠤᠭ᠎ᠦᠨ ᠠᠮᠢᠵᠢᠷᠠᠯ᠎ᠤᠨ ᠬᠦᠴᠦᠨ᠎ᠢ ᠳᠠᠬᠢᠨ ᠢᠯᠡᠷᠡᠭᠦᠯᠵᠦ᠂ ᠲᠤᠬᠠᠢ᠎ᠶᠢᠨ ᠭᠠᠵᠠᠷ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠵᠠᠩᠭᠢᠯᠠᠭ᠎ᠠ᠎ᠶᠢᠨ ᠴᠡᠭ ᠪᠣᠯᠤᠭᠰᠠᠨ᠎ᠢᠶᠠᠷ ᠪᠠᠷᠠᠬᠤ ᠦᠭᠡᠢ᠂ ᠪᠠᠰᠠ ᠡᠷᠬᠢᠨ ᠲᠣᠭᠣᠷᠢᠨ᠎ᠤ ᠮᠠᠯᠴᠢᠳ᠎ᠲᠤ ᠰᠠᠢᠨ ᠰᠠᠢᠬᠠᠨ ᠠᠮᠢ ᠠᠬᠤᠢ᠎ᠶᠢᠨ ᠣᠷᠴᠢᠨ ᠲᠣᠭᠣᠷᠢᠨ ᠎ᠢ ᠬᠠᠩᠭᠠᠨ᠂ ᠠᠮᠢ ᠠᠬᠤᠢ᠎ᠶᠢᠨ ᠦᠷ᠎ᠡ ᠠᠰᠢᠭ᠋᠂ ᠨᠡᠢᠭᠡᠮ᠎ᠦᠨ ᠦᠷ᠎ᠡ ᠠᠰᠢᠭ᠋ ᠬᠢᠭᠡᠳ ᠠᠵᠤ ᠠᠬᠤᠢ᠎ᠶᠢᠨ ᠦᠷ᠎ᠡ ᠠᠰᠢᠭ᠋᠎ᠤᠨ ᠣᠷᠭᠠᠨᠢᠭ᠋ ᠨᠢᠭᠡᠳᠦᠯ᠎ᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号