ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠦᠪᠥᠷ ᠮᠣᠩᠭᠣᠯ᠎ᠤᠨ ᠲᠣᠭ ᠬᠠᠮᠠᠭᠠᠯᠠᠭ᠍ᠴᠢ ᠵᠢᠨ ᠮᠣᠷᠳᠠᠬᠤ ᠶᠣᠰᠣᠯᠠᠯ ᠶᠠᠪᠤᠭᠳᠠᠪᠠ
2026-06-10 14:54:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ截图20260610145615.png


6 ᠰᠠᠷ᠎ᠠ᠎ᠶᠢᠨ 9᠎ᠤ᠋ ᠡᠳᠦᠷ᠂ 2026 FIFA ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠠᠩᠬᠠᠨ ᠤ᠋ ᠲᠠᠯᠠᠪᠠᠢ ᠤᠷᠤᠯᠳᠤᠭᠠᠨ᠎ᠳ᠋ᠡᠬᠢ ᠦᠪᠥᠷ ᠮᠣᠩᠭᠣᠯ᠎ᠤᠨ ᠲᠣᠭ ᠬᠠᠮᠠᠭᠠᠯᠠᠭ᠍ᠴᠢ ᠵᠢᠨ ᠮᠣᠷᠳᠠᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠭᠤᠷᠪᠠᠨ ᠬᠤᠭᠤᠴᠠᠭ᠎ᠠ ᠳᠠᠷᠠᠭᠠᠯᠠᠨ FIFA ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠪᠦᠬᠦ ᠪᠥᠮᠪᠥᠷᠴᠡᠭ᠎ᠦᠨ ᠠᠯᠪᠠᠨ᠎ᠤ ᠲᠠᠯ᠎ᠠ᠎ᠶᠢᠨ ᠢᠪᠡᠭᠡᠨ ᠳᠡᠳᠬᠦᠭᠴᠢ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠮᠸᠩ ᠨᠢᠦ ᠺᠤᠮᠫᠠᠨᠢ 2026 ᠣᠨ᠎ᠤ ᠡᠬᠢ᠎ᠪᠡᠷ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠲᠤᠭ ᠬᠠᠮᠠᠭᠠᠯᠠᠭ᠍ᠴᠢ᠎ᠶᠢ ᠡᠯᠰᠡᠵᠦ᠂ ᠣᠨᠴᠠᠭᠠᠢᠯᠠᠨ ᠠᠩᠬᠠᠨ ᠤ᠋ ᠲᠠᠯᠠᠪᠠᠢ ᠤᠷᠤᠯᠳᠤᠭᠠᠨ᠎ᠤ 6 ᠣᠷᠣᠨ ᠲᠣᠭ᠎ᠠ᠎ᠶᠢ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠲᠤ ᠤᠯᠭᠤᠪᠠ᠃ ᠬᠥᠯ ᠪᠥᠮᠪᠥᠭᠡ᠎ᠳᠦ ᠪᠠᠬᠠᠲᠠᠢ᠂ ᠮᠣᠷᠠᠯ ᠰᠤᠷᠤᠯᠭ᠎ᠠ ᠬᠣᠣᠰᠯᠠᠭᠰᠠᠨ ᠴᠤᠭᠯᠢᠭ 6 ᠪᠠᠭᠠᠴᠤᠳ ᠥᠪᠥᠷ ᠮᠣᠩᠭᠣᠯ᠎ᠢ ᠲᠥᠯᠥᠭᠡᠯᠡᠨ 2026 ᠣᠨ᠎ᠤ ᠠᠮᠧᠷᠢᠺᠠ ᠺᠠᠨᠠᠳᠠ ᠮᠧᠺᠰᠢᠺᠦ᠎ᠶᠢᠨ ᠳᠡᠯᠡᠬᠡᠢ᠎ᠶᠢᠨ ᠬᠤᠨᠳᠠᠭᠠᠲᠤ ᠬᠦᠯ ᠪᠦᠮᠪᠦᠭᠡ ᠵᠢᠨ ᠤᠷᠤᠯᠳᠤᠭᠠᠨ᠎ᠤ ᠠᠩᠬᠠᠨ ᠤ᠋ ᠲᠠᠯᠠᠪᠠᠢ ᠤᠷᠤᠯᠳᠤᠭᠠᠨ᠎ᠤ ᠲᠤᠬᠠᠢ᠎ᠶᠢᠨ ᠲᠠᠯᠠᠪᠠᠢ᠎ᠳᠤ ᠬᠦᠷᠴᠦ᠂ ᠪᠦᠮᠪᠦᠷᠴᠡᠭ᠎ᠤᠨ ᠬᠦᠮᠦᠰ᠎ᠤᠨ ᠬᠠᠷᠠᠴᠠᠨ ᠲᠤᠤᠷ᠎ᠠ ᠤᠯᠠᠨ ᠤᠯᠤᠰ᠎ᠤᠨ ᠬᠥᠯ ᠪᠥᠮᠪᠥᠭᠡ᠎ᠶᠢᠨ ᠬᠣᠯᠪᠣᠭ᠎ᠠ ᠵᠢᠨ ᠲᠤᠭ᠎ᠢ ᠬᠠᠮᠠᠭᠠᠯᠠᠨ ᠤᠷᠤᠯᠳᠤᠭᠠᠨ᠎ᠤ ᠲᠠᠯᠠᠪᠠᠢ᠎ᠳᠤ ᠣᠷᠣᠭᠤᠯᠬᠤ ᠪᠣᠯᠣᠨ᠎ᠠ᠃

ᠰᠤᠷᠪᠤᠯᠵᠢᠯᠠᠭ᠍ᠴᠢ  ᠸᠠᠩ ᠰᠢᠶᠣᠣ ᠪᠥᠸᠧ   ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号