ᠤᠢᠷᠠᠳᠤ᠂ 2025 ︱ 2026 ᠪᠥᠬᠥ ᠤᠯᠤᠰ ᠤ᠋ᠨ ᠣᠶᠤᠲᠠᠳ ᠤ᠋ᠨ ᠤᠮᠪᠠᠯᠲᠠ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠣᠷᠳᠣᠰ ᠬᠣᠲᠠ ᠵᠢᠨ ᠪᠡᠶ᠎ᠡ ᠵᠢᠨ ᠲᠠᠮᠢᠷ ᠤ᠋ᠨ ᠦᠢᠯᠡᠰ ᠤ᠋ᠨ ᠬᠥᠭᠵᠢᠯᠲᠡ ᠵᠢᠨ ᠲᠥᠪ ᠲᠤ᠌ ᠶᠠᠪᠤᠭᠳᠠᠪᠠ᠃ ᠤᠷᠤᠯᠳᠤᠭᠠᠨ ᠳ᠋ᠤ ᠪᠥᠬᠥ ᠤᠯᠤᠰ ᠤ᠋ᠨ 200 ᠭᠠᠷᠤᠢ ᠭᠣᠣᠯᠳᠠᠯᠭ᠎ᠠ ᠲᠠᠢ ᠶᠡᠬᠡ ᠳᠡᠭᠡᠳᠦ ᠰᠤᠷᠭᠠᠭᠤᠯᠢ ᠵᠢᠨ 1500 ᠭᠠᠷᠤᠢ ᠲᠠᠮᠢᠷᠴᠢᠨ᠂ ᠰᠤᠷᠭᠠᠭ᠍ᠴᠢ᠂ ᠬᠢᠨᠠᠭ᠍ᠴᠢ ᠵᠢᠴᠢ ᠤᠷᠤᠯᠳᠤᠭᠠᠨ ᠤ᠋ ᠠᠵᠢᠯᠲᠠᠨ ᠣᠷᠣᠯᠴᠠᠪᠠ᠃
ᠤᠷᠤᠯᠳᠤᠭᠠᠨ ᠳᠤ ᠴᠢᠯᠦᠭᠡᠲᠦ ᠤᠮᠪᠠᠯᠲᠠ᠂ ᠮᠡᠯᠡᠬᠡᠢ ᠤᠮᠪᠠᠯᠲᠠ᠂ ᠲᠠᠩᠭᠠᠢᠮᠠᠯ ᠤᠮᠪᠠᠯᠲᠠ᠂ ᠡᠷᠪᠡᠬᠡᠢ ᠤᠮᠪᠠᠯᠲᠠ᠂ ᠬᠤᠪᠢ ᠬᠥᠮᠥᠨ ᠤ᠋ ᠬᠣᠯᠢᠮᠠᠭ ᠤᠮᠪᠠᠯᠲᠠ ᠵᠢᠴᠢ 4×100 ᠮᠧᠲᠷ ᠤ᠋ᠨ ᠴᠢᠯᠦᠭᠡᠲᠦ ᠤᠮᠪᠠᠯᠲᠠ ᠵᠢᠨ ᠬᠦᠴᠦ ᠵᠠᠯᠭᠠᠬᠤ ᠤᠷᠤᠯᠳᠤᠭᠠᠨ᠂ ᠬᠣᠯᠢᠮᠠᠭ ᠤᠮᠪᠠᠯᠲᠠ ᠵᠢᠨ ᠬᠦᠴᠦ ᠵᠠᠯᠭᠠᠬᠤ ᠤᠷᠤᠯᠳᠤᠭᠠᠨ ᠵᠡᠷᠭᠡ ᠤᠷᠤᠯᠳᠤᠭᠠᠨ ᠤ᠋ ᠲᠦᠷᠦᠯ ᠵᠦᠢᠯ ᠢ᠋ ᠳᠤᠬᠢᠷᠠᠭᠤᠯᠤᠨ᠂ ᠲᠠᠮᠢᠷᠴᠢᠳ ᠤ᠋ᠨ ᠤᠮᠪᠠᠯᠲᠠ ᠵᠢᠨ ᠲᠤᠰᠬᠠᠢ ᠵᠦᠢᠯ ᠤ᠋ᠨ ᠮᠡᠷᠭᠡᠵᠢᠯ ᠴᠢᠳᠠᠪᠤᠷᠢ ᠪᠣᠯᠣᠨ ᠪᠦᠯᠬᠦᠮ ᠤ᠋ᠨ ᠬᠠᠮᠵᠢᠯᠴᠠᠬᠤ ᠴᠢᠳᠠᠪᠤᠷᠢ ᠵᠢ ᠪᠦᠬᠦ ᠲᠠᠯ᠎ᠠ ᠪᠡᠷ ᠰᠢᠯᠭᠠᠭᠰᠠᠨ ᠪᠠᠢᠨ᠎ᠠ᠃ ᠤᠷᠤᠯᠳᠤᠭᠠᠨᠳᠤ ᠡᠮᠦᠨᠡᠳᠦ ᠤᠮᠠᠷᠠᠳᠤ ᠵᠢᠨ ᠬᠤᠪᠢᠶᠠᠷᠢ ᠲᠣᠭᠣᠷᠢᠭ᠋ ᠤ᠋ᠨ ᠰᠢᠯᠭᠠᠷᠠᠭᠤᠯᠤᠯᠲᠠ ᠵᠢᠨ ᠲᠣᠭᠲᠠᠴᠠ ᠵᠢ ᠬᠡᠷᠡᠭᠵᠢᠭᠦᠯᠵᠦ᠂ ᠡᠮᠦᠨᠡᠳᠦ ᠤᠮᠠᠷᠠᠳᠤ ᠵᠢᠨ ᠤᠷᠤᠯᠳᠤᠭᠠᠨ ᠤ᠋ ᠲᠣᠭᠣᠷᠢᠭ᠋ ᠤ᠋ᠨ ᠡᠯ᠎ᠡ ᠲᠦᠷᠦᠯ ᠵᠦᠢᠯ ᠤ᠋ᠨ ᠰᠢᠯᠢᠳᠡᠭ ᠬᠢᠷᠢ ᠪᠦᠲᠦᠮᠵᠢ ᠲᠠᠢ ᠬᠤᠪᠢ ᠬᠥᠮᠥᠨ ᠪᠣᠯᠣᠨ ᠪᠦᠯᠬᠦᠮ ᠢ᠋ ᠬᠤᠪᠢᠶᠠᠷᠢ ᠲᠣᠭᠣᠷᠢᠭ᠋ ᠤ᠋ᠨ ᠤᠷᠤᠯᠳᠤᠭᠠᠨ ᠶ᠋ᠢᠡᠷ ᠳᠠᠮᠵᠢᠭᠤᠯᠤᠨ᠂ ᠳᠡᠰ ᠳᠡᠰ ᠶ᠋ᠢᠡᠷ ᠰᠢᠯᠢᠨ ᠰᠣᠩᠭᠣᠵᠤ᠂ ᠰᠢᠢᠳᠪᠦᠷᠢᠲᠦ ᠤᠷᠤᠯᠳᠤᠭᠠᠨ ᠳ᠋ᠤ ᠤᠷᠤᠯᠴᠠᠭᠤᠯᠤᠨ ᠡᠴᠦᠰ ᠤ᠋ᠨ ᠲᠡᠮᠡᠴᠡᠭᠡᠨ ᠢ᠋ ᠶᠠᠪᠤᠭᠤᠯᠵᠠᠢ᠃
ᠤᠷᠤᠯᠳᠤᠭᠠᠨ ᠢ᠋ ᠳᠤᠮᠳᠠᠳᠤ ᠤᠯᠤᠰ ᠤ᠋ᠨ ᠰᠤᠷᠤᠭ᠍ᠴᠢᠳ ᠤ᠋ᠨ ᠪᠡᠶ᠎ᠡ ᠵᠢᠨ ᠲᠠᠮᠢᠷ ᠤ᠋ᠨ ᠬᠣᠯᠪᠣᠭᠠᠲᠤ ᠡᠪᠯᠡᠯ ᠭᠣᠣᠯᠯᠠᠨ ᠡᠷᠭᠢᠯᠡᠵᠦ᠂ ᠤᠯᠤᠰ ᠤ᠋ᠨ ᠳᠣᠲᠣᠭᠠᠳᠤ ᠵᠢᠨ ᠳᠡᠭᠡᠳᠦ ᠰᠤᠷᠭᠠᠭᠤᠯᠢ ᠵᠢᠨ ᠤᠮᠪᠠᠯᠲᠠ ᠵᠢᠨ ᠬᠦᠷᠢᠶ᠎ᠡ ᠬᠡᠪᠴᠢᠶ᠎ᠡ ᠪᠡᠷ ᠬᠠᠮᠤᠭ ᠤ᠋ᠨ ᠶᠡᠬᠡ᠂ ᠤᠷᠤᠯᠳᠤᠭᠠᠨ ᠤ᠋ ᠳᠦᠪᠰᠢᠨ ᠶ᠋ᠢᠡᠷ ᠬᠠᠮᠤᠭ ᠤ᠋ᠨ ᠥᠨᠳᠥᠷ ᠤᠯᠤᠰ ᠤ᠋ᠨ ᠲᠠᠰ ᠤ᠋ᠨ ᠤᠷᠤᠯᠳᠤᠭᠠᠨ ᠤ᠋ ᠨᠢᠭᠡ ᠪᠣᠯᠬᠤ ᠶᠤᠮ᠃