ᠤᠢᠷ᠎ᠠ ᠳ᠋ᠤ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠶᠠᠪᠤᠭ᠍ᠳᠠᠪᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠠᠵᠢᠯᠯᠠᠭ᠎ᠠ ᠳᠤᠮᠳᠠ᠂ ᠤᠬᠠᠭᠤᠯᠤᠨ ᠲᠠᠢᠯᠪᠤᠷᠢᠯᠠᠭ᠍ᠴᠢ ᠡᠴᠡ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠶ᠋ᠢ ᠲᠣᠳᠣᠷᠬᠠᠢᠯᠠᠨ ᠲᠠᠢᠯᠪᠤᠷᠢᠯᠠᠵᠦ᠂《ᠪᠢ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠶᠠᠷᠢᠶ᠎ᠠ》 ᠭᠡᠬᠦ᠌ ᠭᠣᠭ᠍ᠴᠣᠭ᠎ᠠ᠎ᠳᠤ ᠰᠤᠷᠤᠭ᠍ᠴᠢᠳ ᠦᠨᠳᠦᠰᠦᠲᠡᠨ᠎ᠦ ᠪᠦᠯᠬᠦᠮᠳᠡᠯ᠎ᠦᠨ ᠰᠡᠳᠭᠢᠯ ᠬᠥᠳᠡᠯᠭᠡᠮ᠎ᠡ ᠥᠯᠢᠭᠡᠷ᠎ᠢ ᠬᠤᠪᠢᠶᠠᠯᠴᠠᠵᠤ᠂ 《ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌》 ᠭᠦᠨᠵᠡᠭᠡᠢ ᠠᠭᠤᠯᠤᠭ᠍ᠳᠠᠬᠤᠨ᠎ᠢ ᠲᠠᠢᠯᠪᠤᠷᠢᠯᠠᠪᠠ;《ᠬᠢᠯᠢ ᠬᠢᠵᠠᠭᠠᠷ᠎ᠢᠶᠠᠷ ᠠᠶᠠᠯᠠᠨ ᠪᠦᠯᠬᠦᠮᠳᠡᠯ᠎ᠢ ᠰᠤᠷᠤᠯᠴᠠᠨ᠂ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠤᠯᠠᠭᠠᠨ ᠠᠨᠠᠷ》 ᠦᠶ᠋ᠯᠡᠳᠦᠯᠭᠡ᠎ᠶ᠋ᠢᠨ ᠥᠩᠭᠡᠷᠡᠯᠲᠡ᠎ᠪᠡᠨ ᠬᠤᠪᠢᠶᠠᠯᠴᠠᠬᠤ ᠳᠤᠮᠳᠠ᠂ ᠰᠤᠷᠤᠭ᠍ᠴᠢᠳ ᠬᠢᠯᠢ ᠬᠢᠵᠠᠭᠠᠷ ᠮᠠᠯᠵᠢᠬᠤ ᠣᠷᠣᠨ᠎ᠳᠤ ᠭᠦᠨᠵᠡᠭᠡᠢᠷᠡᠭ᠌ᠰᠡᠨ ᠦᠶ᠋ᠯᠡᠳᠦᠯᠭᠡ᠎ᠶ᠋ᠢᠨ ᠥᠩᠭᠡᠷᠡᠯᠲᠡ᠎ᠪᠡᠨ ᠠᠮᠢᠳᠤᠯᠢᠭ᠎ᠢᠶᠠᠷ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠰᠤᠷᠤᠭ᠍ᠴᠢᠳ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ 《 ᠳᠤᠮᠳᠠᠳᠤ᠎ᠶ᠋ᠢᠨ ᠪᠠᠬᠠᠷᠬᠠᠯ᠎ᠢ ᠲᠠᠲᠠᠭ᠍ᠰᠠᠨ ᠲᠠᠩᠰᠤᠭ ᠰᠠᠢᠬᠠᠨ ᠤᠮᠠᠷᠠᠲᠤ ᠬᠢᠯᠢ》ᠦᠨᠳᠦᠰᠦᠲᠡᠨ᠎ᠦ ᠰᠣᠶᠣᠯ᠎ᠤᠨ ᠴᠡᠴᠡᠷᠯᠢᠭ᠎ᠦᠨ ᠨᠠᠢᠷ᠂ ᠪᠠᠭ᠍ᠰᠢ ᠰᠤᠷᠤᠭ᠍ᠴᠢᠳ ᠪᠤᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠯ᠎ᠢ ᠪᠡᠶᠡᠴᠢᠯᠡᠨ ᠣᠢᠯᠠᠭᠠᠬᠤ᠂ 56 ᠦᠨᠳᠦᠰᠦᠲᠡᠨ᠎ᠦ ᠬᠡᠷᠡᠯ ᠵᠢᠷᠤᠭ᠎ᠤᠨ ᠳᠠᠷᠤᠮᠠᠯᠯᠠᠯ ᠵᠡᠷᠭᠡ᠎ᠶ᠋ᠢ ᠲᠣᠬᠢᠷᠠᠭᠤᠯᠵᠤ᠂ ᠰᠣᠶᠣᠯ᠎ᠤᠨ ᠠᠭᠤᠰᠤᠯᠴᠠᠯ᠎ᠤᠨ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠡᠶᠡᠴᠢ ᠣᠢᠯᠠᠭᠠᠯᠲᠠ᠎ᠶ᠋ᠢ ᠭᠦᠨᠵᠡᠭᠡᠢᠷᠡᠭᠦᠯᠪᠡ᠃《ᠮᠣᠩᠭᠣᠯ ᠮᠣᠷᠢ》 ᠵᠢᠨ ᠲᠤᠰᠭᠠᠢ ᠲᠦᠷᠦᠯ᠎ᠦᠨ ᠨᠡᠢᠭᠡᠮ᠎ᠦᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠦᠨ ᠦᠵᠡᠭᠦᠯᠭᠡ᠎ᠶ᠋ᠢᠨ ᠲᠣᠭᠣᠷᠢᠭ᠎ᠲᠤ᠂ ᠡᠯ᠎ᠡ ᠳᠡᠭᠡᠳᠦ ᠰᠤᠷᠭᠠᠭᠤᠯᠢ ᠨᠢ 《ᠨᠢᠭᠡ ᠬᠦᠷᠢᠶᠡᠯᠡᠩ ᠨᠢᠭᠡ ᠦᠢᠯᠡᠳᠬᠦᠨ》 ᠵᠢᠡᠷ ᠭᠣᠣᠯ ᠰᠡᠳᠦᠪ ᠪᠣᠯᠭᠠᠵᠤ᠂ ᠵᠢᠷᠤᠭ ᠪᠢᠴᠢᠭ᠎ᠦᠨ ᠦᠵᠡᠭᠦᠯᠭᠡ᠎ᠶ᠋ᠢᠨ ᠰᠠᠮᠪᠠᠷ᠎ᠠ᠂ ᠪᠣᠳᠠᠲᠤ ᠪᠣᠳᠠᠰ᠎ᠤᠨ ᠵᠠᠭ᠍ᠪᠤᠷ ᠵᠡᠷᠭᠡ ᠬᠡᠯᠪᠡᠷᠢ᠎ᠪᠡᠷ ᠰᠤᠷᠤᠭ᠍ᠴᠢᠳ᠎ᠤᠨ ᠬᠢᠯᠢ ᠬᠢᠵᠠᠭᠠᠷ᠎ᠤᠨ ᠮᠠᠯᠵᠢᠬᠤ ᠣᠷᠣᠨ᠂ ᠬᠢᠯᠢ ᠬᠢᠵᠠᠭᠠᠷ᠎ᠤᠨ ᠭᠠᠴᠠᠭ᠎ᠠ ᠪᠠᠯᠭᠠᠰᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ᠂ ᠦᠢᠯᠡᠴᠢᠯᠡᠭᠡ᠂ ᠤᠬᠠᠭᠤᠯᠤᠨ ᠲᠠᠢᠯᠪᠤᠷᠢᠯᠠᠭ᠍ᠰᠠᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠲᠥᠪᠯᠡᠷᠡᠩᠭᠦᠢ ᠳᠡᠯᠭᠡᠨ ᠦᠵᠡᠭᠦᠯᠵᠦ᠍᠂ ᠰᠤᠷᠤᠭ᠍ᠴᠢᠳ᠎ᠤᠨ 《ᠬᠢᠯᠢ ᠬᠢᠵᠠᠭᠠᠷ᠎ᠢᠶᠠᠷ ᠶᠠᠪᠤᠵᠤ᠂ ᠮᠠᠯᠴᠢᠨ ᠡᠷᠦᠭᠡ᠎ᠪᠡᠷ ᠬᠦᠨᠵᠡᠭᠡᠢᠷᠡᠨ᠂ ᠪᠦᠯᠬᠦᠮᠳᠡᠯ᠎ᠢ ᠠᠬᠢᠭᠤᠯᠤᠭ᠍ᠰᠠᠨ》 ᠲᠡᠮᠡᠴᠡᠯ᠎ᠦᠨ ᠤᠯᠠ ᠮᠥᠷ᠎ᠢ ᠠᠮᠢᠳᠤᠯᠢᠭ᠎ᠢᠶᠠᠷ ᠢᠯᠡᠷᠡᠭᠦᠯᠵᠡᠢ᠃
ᠲᠤᠰ ᠤᠳᠠᠭ᠎ᠠ᠎ᠵᠢᠨ ᠠᠵᠢᠯᠯᠠᠭ᠎ᠠ ᠨᠢ ᠠᠮᠢᠳᠤᠯᠢᠭ ᠪᠤᠳᠠᠳᠠᠢ ᠦᠨᠳᠦᠰᠦᠲᠡᠨ᠎ᠦ ᠪᠦᠯᠬᠦᠮᠳᠡᠯ᠎ᠦᠨ ᠦᠢᠯᠡᠳᠦᠯᠭᠡ᠎ᠶ᠋ᠢᠨ ᠬᠥᠮᠦᠵᠢᠯ᠎ᠦᠨ ᠬᠢᠴᠢᠶᠡᠯ ᠪᠠᠢᠵᠦ᠂ ᠰᠣᠶᠣᠯ᠎ᠤᠨ ᠨᠡᠪᠴᠢᠯᠲᠡ ᠬᠢᠭᠡᠳ ᠦᠢᠯᠡᠳᠦᠯᠭᠡ᠎ᠶ᠋ᠢᠨ ᠪᠡᠶᠡᠴᠢ ᠣᠢᠯᠠᠭᠠᠯᠲᠠ᠎ᠪᠠᠷ ᠳᠠᠮᠵᠢᠨ᠂ ᠰᠤᠷᠤᠭ᠍ᠴᠢᠳ᠎ᠲᠤ ᠤᠯᠤᠰ ᠭᠡᠷ᠎ᠦᠨ ᠬᠠᠢᠷ᠎ᠠ ᠰᠡᠳᠭᠢᠯᠭᠡ᠎ᠶ᠋ᠢ ᠤᠢ᠍ᠢᠯᠠᠭᠠᠭᠤᠯᠵᠤ᠂ ᠰᠣᠯᠢᠯᠴᠠᠭᠠᠨ᠎ᠤ ᠳᠤᠮᠳᠠ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠵᠤ᠂ ᠥᠷᠭᠡᠨ ᠤᠯᠠᠨ ᠵᠠᠯᠠᠭᠤ ᠰᠤᠷᠤᠭ᠍ᠴᠢᠳ᠎ᠢ ᠪᠣᠳᠠᠲᠤ ᠠᠵᠢᠯᠯᠠᠭ᠎ᠠ᠎ᠪᠠᠷ᠎ᠢᠶᠠᠨ 《ᠲᠡᠰᠪᠦᠷᠢ ᠬᠠᠲᠠᠭᠤᠵᠢᠯᠲᠠᠢ ᠲᠡᠮᠡᠴᠡᠨ᠂ ᠴᠤᠴᠠᠯᠲᠠ ᠦᠭᠡᠢ ᠤᠷᠤᠭ᠍ᠰᠢᠯᠠᠵᠤ᠂ ᠵᠣᠷᠢᠬᠰᠠᠨ᠎ᠳᠠᠭᠠᠨ ᠵᠠᠪᠠᠯ ᠬᠦᠷᠬᠦ᠌》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠢᠯᠡᠳᠦᠯᠭᠡᠵᠢᠭᠦᠯᠦᠭ᠌ᠴᠢ ᠪᠠ ᠤᠯᠠᠮᠵᠢᠯᠠᠭ᠍ᠴᠢ ᠪᠣᠯᠬᠤ ᠵᠢ ᠬᠦᠲᠦᠯᠦᠨ ᠳᠠᠭᠠᠭᠤᠯᠪᠠ᠃