ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠳᠤᠮᠳᠠᠳᠤ ᠤᠯᠤᠰ ᠎ᠤᠨ ᠴᠢᠯᠠᠭᠤᠨ ᠲᠣᠰᠣᠨ ᠎ᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ ᠎ᠪᠠᠨ ᠪᠥᠬᠥ᠌ ᠲᠠᠯ᠎ᠠ ᠎ᠪᠠᠷ ᠭᠦᠨᠵᠡᠭᠡᠢᠷᠡᠭᠦᠯᠬᠦ᠌ ᠵᠥᠪᠯᠡᠯᠴᠡᠭᠡᠷ ᠲᠣᠬᠢᠷᠠᠯᠴᠠᠪᠠ
2026-06-11 09:23:30
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ   ᠪᠦᠦ ᠭᠠᠩ   ᠾᠧᠦ ᠴᠢ ᠵᠢᠶᠦ᠋ᠨ᠎ᠲᠡᠶ ᠠᠭᠤᠯᠵᠠᠭ᠍ᠰᠠᠨ ᠪᠥᠭᠡᠳ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ


 6 ᠰᠠᠷ᠎ᠠ᠎ᠶ᠋ᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ ᠎ᠳᠤ ᠳᠤᠮᠳᠠᠳᠤ ᠤᠯᠤᠰ ᠎ᠤᠨ ᠴᠢᠯᠠᠭᠤᠨ ᠲᠤᠰᠤᠨ᠎ᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠯᠡᠯ ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠾᠧᠦ ᠴᠢ ᠵᠢᠶᠦ᠋ᠨ᠎ᠨᠡᠷ᠎ᠲᠡᠶ ᠠᠭᠤᠯᠵᠠᠭ᠍ᠰᠠᠨ ᠪᠥᠭᠡᠳ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠎ᠶ᠋ᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭᠯᠡᠯ᠎ᠤᠨ ᠳᠡᠳ᠋ ᠶᠡᠷᠦᠩᠬᠡᠢ ᠳᠠᠭᠠᠭᠠᠮᠠᠯ ᠴᠧᠨ ᠶᠠᠨ ᠪᠢᠨ ᠬᠣᠶᠠᠷ ᠲᠠᠯ᠎ᠠ᠎ᠶ᠋ᠢ ᠲᠥᠯᠥᠭᠡᠯᠡᠨ ᠭᠠᠷ᠎ᠤᠨ ᠦᠰᠦᠭ ᠵᠢᠷᠤᠵᠠᠢ᠃


QQ20260611-092054.png


 6 ᠰᠠᠷ᠎ᠠ᠎ᠶ᠋ᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠾᠧᠦ ᠴᠢ ᠵᠢᠶᠦ᠋ᠨ᠎ᠨᠡᠷ᠎ᠲᠡᠶ ᠠᠭᠤᠯᠵᠠᠭ᠍ᠰᠠᠨ ᠪᠥᠭᠡᠳ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

    ᠲᠤᠰ ᠰᠤᠨᠢᠨ᠎ᠤ ᠰᠤᠷᠪᠤᠯᠵᠢᠯᠠᠭᠴᠢ   ᠮᠠ ᠵᠢᠶᠡᠨ ᠪᠢᠩ ᠰᠡᠭᠦᠳᠡᠷᠯᠡᠪᠡ



ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠎ᠤ ᠡᠮᠦᠨ᠎ᠡ᠎ᠡᠴᠡ ᠾᠧᠦ ᠴᠢ ᠵᠢᠶᠦ᠋ᠨ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠤᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠭᠦᠯᠦᠭ᠌ᠰᠡᠨ ᠳᠡᠮᠵᠢᠯᠭᠡ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠣᠳᠣᠬᠠᠨ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠤᠬᠠᠢ ᠴᠢᠬᠤᠯᠠ ᠥᠭᠦᠯᠡᠯᠲᠡ ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《 1571 》 ᠠᠵᠢᠯ᠎ᠤᠨ ᠪᠠᠢᠷᠢᠯᠠᠭᠤᠯᠤᠯᠲᠠ ᠶᠣᠰᠣᠭᠠᠷ  ᠨᠡᠭᠦᠷᠡᠰᠦ ᠴᠠᠬᠢᠯᠭᠠᠨ ᠴᠢᠯᠠᠭᠤᠨ ᠲᠣᠰᠣ ᠪᠠᠢᠭᠠᠯᠢ ᠵᠢᠨ ᠰᠢᠲᠠᠮᠠᠬᠠᠢ ᠬᠡᠢ ᠰᠠᠯᠬᠢᠨ ᠬᠦᠴᠦᠨ ᠭᠡᠷᠡᠯᠴᠢ ᠴᠡᠨᠡᠭ᠎ᠢ ᠵᠡᠷᠭᠡ ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶ᠋ᠢᠨ ᠦᠨᠳᠦᠰᠦᠨ ᠵᠦᠢᠯ᠎ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠨᠡᠮᠡᠭ᠌ᠳᠡᠭᠦᠯᠵᠦ᠂ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠭᠠᠳᠠᠭ᠍ᠰᠢ ᠬᠦᠷᠭᠡᠬᠦ᠌ ᠪᠠ ᠲᠤᠬᠠᠶ᠎ᠶ᠋ᠢᠨ ᠭᠠᠵᠠᠷ᠎ᠲᠤᠨᠢ ᠱᠢᠩᠭᠡᠭᠡᠨ ᠠᠪᠬᠤ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠠᠳᠭᠤᠵᠤ᠂ ᠴᠢᠯᠠᠭᠤᠨ ᠲᠣᠰᠣ ᠪᠠᠢᠭᠠᠯᠢ ᠵᠢᠨ ᠰᠢᠲᠠᠮᠠᠬᠠᠢ ᠬᠡᠢ ᠵᠡᠷᠭᠡ ᠡᠬᠢ ᠪᠠᠶᠠᠯᠢᠭ᠎ᠦᠨ ᠨᠥᠭᠡᠴᠡ ᠵᠢ ᠨᠡᠮᠡᠭ᠌ᠳᠡᠭᠦᠯᠦᠨ ᠭᠠᠷᠤᠯᠲᠠ᠎ᠵᠢ ᠨᠡᠮᠡᠭᠳᠡᠭᠦᠯᠬᠦ ᠡᠷᠴᠢᠮ᠎ᠢ ᠴᠢᠩᠭᠠᠷᠠᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠤ ᠠᠮᠤᠷ ᠲᠦᠪᠱᠢᠨ ᠥᠨᠳᠥᠷ ᠪᠦᠲᠦᠮᠵᠢᠲᠡᠢ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠵᠤ ᠪᠠᠢᠨ᠎ᠠ᠃ ᠥᠪᠥᠷ ᠮᠣᠩᠭᠣᠯ ᠪᠣᠯᠣᠨ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶᠢᠨ ᠠᠵᠤ ᠦᠢᠯᠡᠳᠪᠦᠷᠢ ᠵᠢᠨ ᠪᠦᠯᠦᠭᠯᠡᠯ ᠰᠠᠢᠨ ᠰᠠᠢᠬᠠᠨ ᠬᠠᠮᠲᠤᠷᠠᠯᠴᠠᠬᠤ ᠬᠠᠷᠢᠴᠠᠭ᠎ᠠ᠎ᠪᠠᠨ ᠪᠠᠲᠤᠯᠠᠭᠰᠠᠭᠠᠷ ᠢᠷᠡᠪᠡ᠂ ᠬᠣᠶᠠᠷ ᠲᠠᠯ᠎ᠠ᠎ᠪᠠᠷ᠎ᠢᠶᠠᠨ ᠲᠤᠰ ᠤᠳᠠᠭ᠎ᠠ᠎ᠶᠢᠨ ᠭᠠᠷ᠎ᠤᠨ ᠦᠰᠦᠭ ᠵᠢᠷᠤᠬᠤ᠎ᠪᠠᠷ ᠠᠵᠠ ᠲᠣᠬᠢᠶᠠᠯ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠴᠢᠯᠠᠭᠤᠨ ᠲᠣᠰᠣ᠌ ᠪᠠᠢᠭᠠᠯᠢ ᠵᠢᠨ ᠰᠢᠲᠠᠮᠠᠬᠠᠢ ᠬᠡᠢ᠎ᠶᠢᠨ ᠡᠬᠢ ᠪᠠᠶᠠᠯᠢᠭ᠋᠎ᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ ᠂ ᠰᠢᠨ᠎ᠡ ᠡᠨᠧᠷᠭᠢ ᠪᠣᠯᠣᠨ ᠰᠢᠨ᠎ᠡ ᠮᠠᠲᠧᠷᠢᠶᠠᠯ᠎ᠤᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠂ ᠪᠤᠬᠢᠷᠳᠤᠯ ᠦᠭᠡᠢ ᠴᠠᠬᠢᠯᠭᠠᠨ ᠪᠤᠬᠢᠷᠳᠤᠯ ᠦᠭᠡᠢ ᠤᠰᠤᠲᠥ᠋ᠷᠥᠭᠴᠢ ᠪᠣᠯᠣᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢ ᠠᠭᠤᠰᠤᠯᠴᠠᠭᠤᠯᠤᠨ ᠬᠥᠭᠵᠢᠭᠦᠯᠬᠦ᠂ ᠡᠨᠧᠷᠭᠢ ᠬᠡᠷᠡᠭᠯᠡᠬᠦ ᠦᠵᠦᠭᠦᠷᠯᠢᠭ᠎ᠦᠨ ᠪᠦᠲᠦᠭᠡᠨ ᠪᠠᠢᠭᠤᠯᠤᠯᠲᠠ᠎ᠶᠢᠨ ᠪᠠᠢᠷᠢᠰᠢᠭᠤᠯᠤᠯᠲᠠ ᠵᠡᠷᠭᠡ ᠬᠦᠷᠢᠶᠡᠨ᠎ᠦ ᠲᠣᠭᠣᠷᠢᠨ᠎ᠳᠤ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠨ ᠦᠢᠯᠡᠴᠢᠯᠡᠬᠦ᠎ᠶᠢ ᠬᠦᠰᠡᠵᠦ ᠪᠠᠢᠨ᠎ᠠ᠃ ᠪᠢᠳᠠ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠬᠦᠴᠦᠯᠡᠨ ᠪᠤᠢ ᠪᠣᠯᠭᠠᠵᠤ ᠂ ᠳᠤᠮᠳᠠᠳᠤ ᠤᠯᠤᠰ᠎ᠤᠨ ᠴᠢᠯᠠᠭᠤᠨ ᠲᠣᠰᠤᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠤᠨ ᠥᠪᠥᠷ ᠮᠣᠩᠭᠣᠯ᠎ᠳᠠᠬᠢ ᠬᠥᠭᠵᠢᠯᠲᠡ᠎ᠶᠢ ᠶᠡᠬᠡ ᠪᠡᠷ ᠳᠡᠮᠵᠢᠨ᠎ᠡ᠃ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢᠯᠠᠯ᠎ᠤᠨ ᠬᠥᠭᠵᠢᠯᠲᠡ᠎ᠶᠢᠨ ᠠᠮᠢᠨ ᠰᠤᠳᠠᠰᠤ ᠮᠥᠨ᠂ ᠳᠤᠮᠳᠠᠳᠤ ᠤᠯᠤᠰ ᠎ᠤᠨ ᠴᠢᠯᠠᠭᠤᠨ ᠲᠣᠰᠣᠨ ᠎ᠤ ᠬᠢᠮᠢ ᠎ᠶᠢᠨ ᠠᠵᠤ ᠦᠢᠯᠡᠳᠪᠦᠷᠢ᠎ᠶᠢᠨ ᠪᠦᠯᠦᠭᠯᠡᠯ ᠭᠣᠣᠯ ᠴᠣᠭᠴᠠ ᠎ᠶᠢᠨ ᠬᠠᠷᠢᠭᠤᠴᠠᠯᠭ᠎ᠠ᠎ᠪᠠᠨ ᠦᠷᠭᠦᠯᠵᠢᠯᠡᠨ ᠪᠠᠲᠤ ᠡᠭᠦᠷᠭᠡᠯᠡᠵᠦ᠂ ᠠᠮᠤᠷ ᠲᠦᠪᠰᠢᠨ ᠬᠥᠭᠵᠢᠯᠲᠡ᠎ᠪᠡᠷ ᠴᠢᠨᠠᠷ ᠰᠠᠢᠲᠠᠢ ᠬᠥᠭᠵᠢᠯᠲᠡ ᠵᠢ ᠪᠠᠲᠤᠯᠠᠨ ᠬᠠᠮᠠᠭᠠᠯᠠᠬᠤ᠎ᠶᠢ ᠬᠦᠰᠡᠵᠦ ᠪᠠᠢᠨ᠎ᠠ ᠭᠡᠪᠡ᠃

ᠾᠧᠦ ᠴᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠤᠨ ᠡᠯ᠎ᠡ ᠲᠦᠷᠦᠯ᠎ᠦᠨ ᠦᠢᠯᠡᠰ᠎ᠦᠨ ᠬᠥᠭᠵᠢᠯᠲᠡ᠎ᠳᠦ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠵᠤ ᠪᠠᠢᠬᠤ᠎ᠪᠠᠨ ᠢᠯᠡᠳᠬᠡᠭᠰᠡᠨ ᠪᠥᠭᠡᠳ ᠪᠦᠯᠦᠭᠯᠡᠯ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠎ᠤᠨ ᠡᠬᠢ ᠪᠠᠶᠠᠯᠢᠭ᠋ ᠡᠯᠪᠡᠭ ᠳᠡᠯᠪᠡᠭ᠂ ᠣᠷᠣᠨ ᠪᠠᠢᠷᠢ ᠳᠠᠪᠠᠭᠤᠯᠢᠭ᠋ ᠪᠠᠢᠵᠤ᠂ ᠤᠯᠤᠰ ᠎ᠤᠨ ᠡᠨᠧᠷᠭᠢ ᠎ᠶᠢᠨ ᠬᠠᠩᠭᠠᠯᠭ᠎ᠠ ᠎ᠶᠢ ᠪᠠᠲᠤᠯᠠᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠪᠠᠢᠷᠢᠰᠢᠯ ᠳᠤᠮᠳᠠ ᠴᠢᠬᠤᠯᠠ ᠪᠠᠢᠷᠢ ᠰᠠᠭᠤᠷᠢ᠎ᠲᠠᠢ ᠪᠠᠢᠵᠤ᠂ ᠳᠤᠮᠳᠠᠳᠤ ᠤᠯᠤᠰ᠎ᠤᠨ ᠴᠢᠯᠠᠭᠤᠨ ᠲᠣᠰᠤᠨ᠎ᠤ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠤᠨ ᠭᠣᠣᠯᠳᠠᠯᠭ᠎ᠠ᠎ᠲᠠᠢ ᠪᠡᠯᠡ ᠣᠷᠣᠭᠤᠯᠤᠯᠲᠠ᠎ᠶᠢᠨ ᠪᠠᠢᠷᠢᠰᠢᠭᠤᠯᠤᠯᠲᠠ᠎ᠶᠢᠨ ᠭᠠᠵᠠᠷ ᠣᠷᠣᠨ ᠪᠣᠯᠣᠨ᠎ᠠ᠃ ᠳᠠᠷᠠᠭᠠᠴᠢ᠎ᠶᠢᠨ ᠠᠯᠬᠤᠮ᠎ᠳᠤ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠬᠢᠮᠢ᠎ᠶᠢᠨ ᠠᠵᠤ ᠦᠢᠯᠡᠳᠪᠦᠷᠢ ᠵᠢᠨ ᠪᠦᠯᠦᠭᠯᠡᠯ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠰ ᠪᠡᠶ᠎ᠡ᠎ᠶᠢᠨ ᠪᠥᠬᠥ ᠠᠵᠤ ᠦᠢᠯᠡᠰ ᠎ᠦᠨ ᠬᠡᠯᠬᠢᠶ᠎ᠡ᠎ᠶᠢᠨ ᠳᠠᠪᠠᠭᠤᠯᠢᠭ᠋᠎ᠲᠠᠭᠠᠨ ᠰᠠᠭᠤᠷᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠤᠨᠢᠨ ᠳᠡᠭᠡᠷ᠎ᠡ ᠨᠢ ᠵᠣᠯᠭᠠᠭᠤᠯᠵᠤ᠂ ᠴᠢᠯᠠᠭᠤᠨ ᠲᠣᠰᠣ᠌ ᠪᠠᠢᠭᠠᠯᠢ ᠵᠢᠨ ᠰᠢᠲᠠᠮᠠᠬᠠᠢ ᠬᠡᠢ ᠎ᠶᠢ ᠬᠠᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠴᠢᠯᠠᠭᠤᠨ ᠲᠤᠰᠤ ᠵᠢ ᠪᠣᠯᠪᠠᠰᠤᠷᠠᠭᠤᠯᠬᠤ ᠪᠠ ᠬᠢᠮᠢ ᠎ᠶᠢᠨ ᠠᠵᠤ ᠦᠢᠯᠡᠳᠪᠦᠷᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠰᠢᠨ᠎ᠡ ᠡᠨᠧᠷᠭᠢ ᠎ᠶᠢ ᠶᠡᠷᠦᠩᠬᠡᠢᠯᠡᠨ ᠠᠰᠢᠭ᠍ᠯᠠᠬᠤ ᠵᠡᠷᠭᠡ ᠬᠦᠷᠢᠶ᠎ᠡ᠎ᠶᠢᠨ ᠲᠣᠭᠣᠷᠢᠨ᠎ᠳᠤ ᠨᠠᠩ ᠣᠯᠠᠨ ᠴᠢᠨᠠᠷ ᠰᠠᠢᠲᠠᠢ ᠲᠥᠷᠥᠯ ᠵᠦᠢᠯ᠎ᠢ ᠪᠠᠢᠷᠢᠰᠢᠭᠤᠯᠵᠤ᠂ ᠲᠥᠪ ᠪᠠ ᠣᠷᠣᠨ ᠨᠤᠲᠤᠭ᠎ᠤᠨ ᠪᠥᠬᠥ ᠲᠠᠯ᠎ᠠ᠎ᠶᠢᠨ᠂ ᠣᠯᠠᠨ ᠬᠦᠷᠢᠶ᠎ᠡ᠎ᠶᠢᠨ᠂ ᠭᠦᠨ ᠲᠠᠰ ᠳᠠᠪᠬᠤᠷᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠴᠢᠨᠠᠭᠰᠢᠲᠠ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠠᠩ ᠣᠯᠠᠨ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠵᠠᠢ᠃

  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号