ᠤᠮᠠᠷᠠᠲᠤ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠬᠦᠨᠳᠦ ᠡᠭᠦᠷᠭᠡ᠎ᠶ᠋ᠢ ᠡᠭᠦᠷᠭᠡᠯᠡᠭᠰᠡᠨ 《 ᠬᠦᠶ᠋ᠲᠡᠨᠱᠢᠯᠢ᠎ᠵᠢᠨ ᠰᠤᠷ ᠦᠭᠡᠢ ᠰᠤᠭᠤᠪᠤᠷ 》
2026-06-11 09:45:56
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠲᠠᠪᠤᠨ ᠰᠠᠷ᠎ᠠ᠎ᠶ᠋ᠢᠨ ᠰᠡᠭᠦᠯᠴᠢ ᠪᠡᠷ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠦᠢᠲᠡᠨᠱᠢᠯᠢ ᠵᠢᠨ ᠲᠠᠯ᠎ᠠ ᠨᠤᠲᠤᠭ᠎ᠲᠤ ᠡᠪᠡᠰᠦ ᠮᠤᠳᠤ ᠬᠦᠬᠡᠷᠡᠨ ᠨᠤᠭᠤᠭᠠᠷᠠᠵᠤ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ᠃

ᠤᠯᠠᠭᠠᠨ ᠬᠠᠶᠠᠭ᠎ᠠ ᠰᠤᠮᠤᠨ᠎ᠤ ᠡᠯ ᠵᠢᠶᠠ ᠽᠢ ᠲᠣᠰᠭᠣᠨ᠎ᠤ ᠡᠪᠡᠰᠦᠨ᠎ᠦ ᠦᠶ᠋ᠯᠡᠰ᠎ᠦᠨ ᠰᠠᠭᠤᠷᠢᠨ᠎ᠳᠤ ᠰᠠᠶᠢᠬᠠᠨ ᠴᠢᠬᠢᠯᠡᠭ᠌ᠰᠡᠨ ᠨᠢᠯᠬ᠎ᠠ ᠡᠪᠡᠰᠦ ᠨᠤᠭᠤᠭᠠᠷᠠᠨ ᠬᠥᠮᠦᠰ᠎ᠦᠨ ᠠᠩᠬᠠᠷᠤᠯ᠎ᠢ ᠣᠨᠴᠠᠭᠠᠶ ᠲᠠᠳᠠᠨ᠎ᠠ᠃ ᠨᠠᠷᠢᠨ ᠠᠵᠢᠭ᠍ᠯᠠᠪᠠᠯ ᠨᠠᠪᠴᠢᠨ᠎ᠳᠤᠨᠢ ᠴᠥᠮ ᠨᠢᠭᠡ ᠳᠠᠪᠬᠤᠷᠭ᠎ᠠ ᠦᠷᠭᠡᠰᠦ ᠰᠢᠭ ᠦᠰᠦ ᠲᠠᠢ ᠪᠠᠢᠳᠠᠭ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠡᠪᠡᠰᠦᠨ ᠡᠭᠦᠯᠳᠡᠷ᠎ᠦᠨ ᠬᠢᠨᠠᠨ ᠲᠣᠭ᠍ᠲᠠᠭᠠᠯᠲᠠ᠎ᠶ᠋ᠢ ᠰᠠᠶᠢᠬᠠᠨ ᠥᠩᠭᠡᠷᠡᠭᠦᠯᠦᠭ᠌ᠰᠡᠨ ᠨᠤᠲᠤᠭ᠎ᠤᠨ ᠡᠪᠡᠰᠦᠨ᠎ᠦ ᠡᠭᠦᠯᠳᠡᠷ ᠪᠣᠯᠬᠤ  《ᠬᠦᠶ᠋ᠲᠡᠨᠱᠢᠯᠢ᠎ᠵᠢᠨ ᠰᠤᠷ ᠦᠭᠡᠢ ᠰᠤᠭᠤᠪᠤᠷ 》 ᠪᠣᠯᠤᠨ᠎ᠠ᠃

5 ᠰᠠᠷ᠎ᠠ᠎ᠶ᠋ᠢᠨ 29 ᠎ᠤ᠋ ᠡᠳᠦᠷ᠂ ᠡᠨᠡ ᠬᠦ᠌ ᠰᠠᠭᠤᠷᠢᠨ᠎ᠢ ᠬᠠᠷᠢᠭᠤᠴᠠᠵᠤ ᠪᠠᠢᠭ᠎ᠠ ᠬᠤᠢ ᠲᠸᠨᠭ ᠴᠢᠨ᠋ᠸ᠎ᠠ ᠲᠣᠲ᠋ᠧᠮ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠶᠣᠣ ᠵᠢᠶᠦ᠋ᠨ ᠸᠸᠨ ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶ᠋ᠢᠨ ᠠᠵᠢᠯᠲᠠᠨ ᠸᠠᠩ ᠱᠢᠶᠠ᠎ᠲᠠᠶ ᠬᠠᠮᠲᠤ ᠶᠠᠭ ᠲᠠᠷᠢᠶᠠᠨ ᠭᠠᠵᠠᠷ᠎ᠲᠤ ᠰᠤᠷ ᠦᠭᠡᠢ ᠰᠤᠭᠤᠪᠤᠷ ᠎ᠤ᠋ᠨ ᠤᠷᠭᠤᠯᠲᠠ᠎ᠶ᠋ᠢᠨ ᠪᠠᠢᠳᠠᠯ᠎ᠢ ᠠᠵᠢᠭ᠍ᠯᠠᠵᠤ ᠪᠠᠢᠯ᠎ᠠ᠃ ᠶᠣᠣ ᠵᠢᠶᠦ᠋ᠨ ᠸᠧᠨ ᠢᠳᠡᠷᠡᠭᠦᠨ ᠤᠷᠭᠤᠵᠤ ᠪᠠᠢᠭ᠎ᠠ ᠰᠤᠷ ᠦᠭᠡᠢ ᠰᠤᠭᠤᠪᠤᠷ ᠡᠪᠡᠰᠦ᠎ᠶ᠋ᠢ ᠦᠵᠡᠭᠡᠳ ᠰᠡᠳᠭᠢᠯ ᠳᠣᠭ᠍ᠳᠣᠯᠤᠨ᠄ 《 ᠪᠢᠳᠡ ᠣᠯᠠᠨ ᠤᠳᠠᠭ᠎ᠠ ᠲᠤᠷᠱᠢᠨ ᠲᠠᠷᠢᠭᠠᠳ ᠡᠴᠦᠰ᠎ᠲᠡᠬᠡᠨ ᠠᠮᠵᠢᠯᠲᠠ᠎ᠤᠯᠪᠠ᠂ ᠤᠷᠵᠢᠨᠤᠨ ᠵᠢᠯ ᠲᠠᠷᠢᠭ᠍ᠰᠠᠨ ᠰᠤᠷ ᠦᠭᠡᠢ ᠰᠤᠭᠤᠪᠤᠷ ᠬᠡᠳᠦᠢ ᠰᠠᠢᠬᠠᠨ ᠤᠷᠭᠤᠪᠠ! ᠡᠨᠡ ᠡᠪᠡᠰᠦ ᠮᠠᠰᠢ ᠪᠤᠯᠪᠠᠷᠠᠢ ᠵᠦᠭᠡᠯᠡᠨ᠂ ᠥᠪᠡᠷ᠎ᠵᠢᠡᠨ ᠬᠦᠷᠦᠰᠦᠨ ᠡᠴᠡ ᠴᠤᠬᠤᠢᠵᠤ ᠲᠡᠢᠯᠬᠦ ᠦᠭᠡᠢ᠂ ᠡᠢᠮᠦ ᠡᠴᠡ ᠪᠢᠳᠡ ᠨᠣᠬᠠᠶ᠎ᠶ᠋ᠢᠨ ᠬᠣᠱᠢᠭᠤ ᠪᠠ ᠰᠤᠷ ᠦᠭᠡᠢ ᠰᠤᠭᠤᠪᠤᠷ᠎ᠢ᠎ᠬᠣᠯᠢᠵᠤ ᠲᠠᠷᠢᠬᠤ ᠮᠡᠷᠭᠡᠵᠢᠯ᠎ᠢᠶᠡᠷ ᠲᠠᠷᠢᠵᠤ᠂ ᠬᠡᠳᠦᠨ ᠵᠢᠯ᠎ᠦᠨ ᠴᠢᠷᠮᠠᠢᠯᠭ᠎ᠠ ᠲᠠᠯᠠᠭᠠᠷ ᠪᠣᠯᠤᠭ᠍ᠰᠠᠨ ᠦᠭᠡᠢ᠂ 〈ᠬᠦᠢᠲᠡᠨᠱᠢᠯᠢ᠎ᠵᠢᠨ ᠰᠤᠷ ᠦᠭᠡᠢ ᠰᠤᠭᠤᠪᠤᠷ 〉 ᠲᠤᠷᠱᠢᠨ ᠲᠠᠷᠢᠭᠠᠳ ᠠᠮᠵᠢᠯᠲᠠ ᠣᠯᠵᠠᠢ᠃ ᠪᠢᠳᠠ ᠤᠢ᠍ᠢᠷ᠎ᠠ᠎ᠶ᠋ᠢᠨ ᠬᠡᠳᠦᠨ ᠵᠢᠯ᠎ᠳᠦ 3000 ᠮᠦ᠍ ᠲᠤᠷᠱᠢᠨ ᠲᠠᠷᠢᠵᠤ᠂ ᠮᠦ᠍ ᠪᠦᠷᠢ᠎ᠶ᠋ᠢᠨ ᠡᠪᠡᠰᠦᠨ᠎ᠦ ᠤᠨᠠᠯᠲᠠ 400 ᠵᠢᠩ᠎ᠳᠦ ᠬᠦᠷᠴᠦ᠍᠂ ᠮᠦ᠍ ᠪᠦᠷᠢ᠎ᠶ᠋ᠢᠨ ᠡᠪᠡᠰᠦᠨ ᠦᠷ᠎ᠡ 20 ᠡᠴᠡ 40 ᠵᠢᠩ᠎ᠳᠦ ᠬᠦᠷᠴᠦ᠍᠂ ᠡᠳᠡᠭᠡᠷᠡᠯᠲᠡ᠎ᠶ᠋ᠢᠨ ᠨᠤᠷᠮ᠎ᠠ 86 % ᠡᠴᠡ ᠳᠡᠭᠡᠭ᠌ᠰᠢ᠎ᠳᠦ ᠬᠦᠷᠴᠦ᠍᠂ ᠡᠨᠡ ᠵᠢᠯ ᠪᠠᠰᠠ 1 ᠲᠦᠮᠡᠨ ᠮᠦ᠍ ᠲᠠᠷᠢᠬᠤ᠎ᠪᠠᠷ ᠲᠥᠯᠥᠪᠯᠡᠵᠦ᠍ ᠪᠠᠢᠨ᠎ᠠ》 ᠭᠡᠪᠡ᠃

ᠬᠦᠶ᠋ᠲᠡᠨᠱᠢᠯᠢ ᠥᠨᠳᠥᠷ ᠠᠭᠤᠯᠠᠨ ᠎ᠤ ᠨᠤᠭᠤ ᠭᠠᠵᠠᠷ᠎ᠤᠨ ᠨᠤᠲᠤᠭ ᠪᠡᠯᠴᠢᠭᠡᠷ᠎ᠦᠨ ᠶᠡᠷᠦᠩᠬᠡᠶ ᠲᠠᠯᠠᠪᠠᠶ᠎ᠨᠢ 35.25 ᠲᠦᠮᠡᠨ ᠮᠥ᠍ ᠪᠠᠢᠵᠤ᠂ ᠳᠤᠮᠳᠠᠴᠢ᠎ᠪᠠᠷ ᠲᠡᠯᠡᠶ᠎ᠶ᠋ᠢᠨ ᠲᠦᠪᠱᠢᠨ᠎ᠡᠴᠡ 2100 ᠮᠧᠲ᠋ᠷ ᠡᠷᠭᠦᠭ᠌ᠳᠡᠵᠦ᠍᠂ ᠰᠤᠷ ᠦᠭᠡᠢ ᠰᠤᠭᠤᠪᠤᠷ ᠤᠤᠯ ᠨᠢ ᠡᠨᠳᠡᠬᠢ ᠳᠠᠪᠠᠭᠤᠯᠢᠭ ᠤᠷᠭᠤᠮᠠᠯ᠎ᠤᠨ ᠬᠤᠴᠢᠯᠭ᠎ᠠ ᠪᠠᠢᠵᠠᠶ᠃ ᠭᠡᠲᠡᠯ᠎ᠡ ᠠᠭᠤᠷ ᠠᠮᠢᠰᠭᠤᠯ᠎ᠤᠨ ᠬᠤᠪᠢᠷᠠᠯᠲᠠ᠂ ᠪᠡᠯᠴᠢᠭᠡᠷᠯᠡᠭᠦᠯᠬᠦ᠌ ᠨᠥᠯᠥᠭᠡ᠎ᠡᠴᠡ ᠪᠣᠯᠵᠣ᠂ ᠲᠠᠯ᠎ᠠ ᠨᠤᠲᠤᠭ᠎ᠤᠨ ᠡᠪᠡᠰᠦ ᠪᠡᠯᠴᠢᠭᠡᠷ᠎ᠦᠨ ᠪᠦᠲᠦᠴᠡ ᠬᠤᠪᠢᠷᠠᠵᠤ᠂ 《 ᠬᠡᠪᠡᠷᠡᠭ》 ᠰᠤᠷ ᠦᠭᠡᠢ ᠰᠤᠭᠤᠪᠤᠷ 10 ᠭᠠᠷᠤᠶ ᠵᠢᠯ᠎ᠦᠨ ᠡᠮᠦᠨ᠎ᠡ ᠦᠨᠳᠦᠰᠦ ᠳᠠᠰᠤᠷᠠᠵᠠᠢ᠃

ᠰᠤᠷ ᠦᠭᠡᠢ ᠰᠤᠭᠤᠪᠤᠷ ᠨᠢ ᠠᠮᠢ ᠠᠬᠤᠶ᠎ᠶ᠋ᠢᠨ ᠦᠨ᠎ᠡ ᠥᠷᠲᠡᠭ ᠲᠠᠢ ᠪᠦᠭᠡᠳ ᠠᠵᠤ ᠠᠬᠤᠶ᠎ᠶ᠋ᠢᠨ ᠦᠨ᠎ᠡ ᠥᠷᠲᠡᠭ ᠲᠠᠢ᠂  《 ᠦᠶᠡᠲᠦ ᠡᠪᠡᠰᠦ  ᠪᠣᠷᠳᠣᠭᠠᠨ᠎ᠤ ᠸᠠᠩ 》 ᠭᠡᠰᠡᠨ ᠰᠠᠢᠬᠠᠨ ᠠᠯᠳᠠᠷᠲᠠᠶ᠃ ᠲᠡᠷᠡ ᠨᠢ ᠬᠦᠶ᠋ᠲᠡᠨ᠎ᠳᠦ ᠲᠡᠰᠪᠦᠷᠢᠲᠡᠶ᠂ ᠭᠠᠩ ᠬᠠᠭ᠍ᠰᠠᠷᠠᠭᠠᠨ᠎ᠳᠤ ᠲᠡᠰᠪᠦᠷᠢᠲᠡᠶ᠂ ᠬᠤᠵᠢᠷ᠎ᠲᠤ ᠲᠡᠰᠪᠦᠷᠢᠲᠡᠶ᠂ ᠦᠨᠳᠦᠰᠦ᠎ᠶ᠋ᠢᠨ ᠱᠢᠰᠲ᠋ᠧᠮ ᠨᠢ ᠬᠥᠭ᠌ᠵᠢᠵᠦ᠍᠂  ᠬᠥᠷᠥᠰᠥ ᠶ᠋ᠢ ᠲᠣᠭ᠍ᠲᠠᠪᠤᠷᠢᠵᠢᠭᠤᠯᠤᠨ ᠰᠠᠯᠬᠢ᠎ᠶ᠋ᠢ ᠰᠡᠷᠭᠡᠢᠯᠡᠬᠦ᠌᠂  ᠤᠷᠭᠤᠮᠠᠯ᠎ᠤᠨ ᠬᠤᠴᠢᠯᠭ᠎ᠠ᠎ᠶ᠋ᠢ ᠵᠠᠰᠠᠨ ᠰᠡᠷᠭᠦᠭᠡᠬᠦ᠌ ᠴᠢᠳᠠᠪᠤᠷᠢ ᠨᠢ ᠲᠣᠪᠣᠢᠮ᠎ᠠ ᠮᠦᠷᠳᠡᠭᠡᠨ ᠡᠪᠡᠰᠦᠨ᠎ᠦ ᠴᠢᠨᠠᠷ ᠰᠠᠢᠨ᠂ ᠱᠢᠮ᠎ᠡ ᠲᠡᠵᠢᠭᠡᠯ ᠡᠯᠪᠡᠭ ᠪᠠᠢᠳᠠᠭ᠃ ᠡᠢᠮᠦ᠍᠎ᠡᠴᠡ ᠬᠥᠮᠦᠨ᠎ᠦ ᠬᠦᠴᠦ᠍᠎ᠪᠡᠷ ᠠᠮᠢ ᠠᠬᠤᠶ᠎ᠶ᠋ᠢ ᠵᠠᠰᠠᠨ ᠰᠡᠷᠭᠦᠭᠡᠬᠦ᠌ ᠬᠦᠨᠳᠦ ᠡᠭᠦᠷᠭᠡ ᠬᠡᠯᠡᠯᠭᠡᠨ ᠥᠬᠡᠶ ᠰᠤᠷ ᠦᠭᠡᠢ ᠰᠤᠭᠤᠪᠤᠷ᠎ᠤᠨ ᠪᠡᠶ᠎ᠡ ᠳᠡᠭᠡᠷ᠎ᠡ ᠲᠠᠯᠪᠢᠭ᠍ᠳᠠᠵᠠᠢ᠃

《ᠥᠩᠭᠡᠷᠡᠭ᠌ᠰᠡᠨ᠎ᠳᠦ ᠡᠪᠡᠰᠦ ᠳᠠᠷᠢᠬᠤ᠎ᠳᠤ ᠬᠡᠷᠡᠭ᠌ᠯᠡᠳᠡᠭ ᠡᠪᠡᠰᠦᠨ ᠦᠷ᠎ᠡ᠎ᠶ᠋ᠢ ᠪᠦᠷ ᠭᠠᠳᠠᠭᠠᠳᠤ᠎ᠡᠴᠡ ᠣᠷᠣᠭᠤᠯᠬᠤ᠎ᠳᠤ ᠲᠦᠱᠢᠭ᠌ᠯᠡᠳᠡᠭ ᠪᠤᠯᠬᠤᠷ ᠦᠨ᠎ᠡ ᠬᠠᠩᠰᠢ᠎ᠨᠢ ᠥᠨᠳᠥᠷ᠎ᠢᠶᠡᠷ ᠪᠠᠷᠠᠬᠤ ᠥᠬᠡᠶ ᠵᠠᠷᠢᠮ᠎ᠳᠠᠭᠠᠨ ᠪᠠᠰᠠ ᠤᠯᠳᠠᠬᠤ ᠥᠬᠡᠶ ᠪᠠᠢᠳᠠᠭ᠃ ᠰᠡᠭᠦᠯᠡᠷ᠎ᠨᠢ ᠪᠢᠳᠡ ᠪᠡᠶ᠎ᠡ᠎ᠪᠡᠨ ᠳᠠᠭᠠᠭᠠᠭ᠍ᠰᠠᠨ ᠡᠪᠡᠰᠦᠨ᠎ᠦ ᠡᠭᠦᠯᠳᠡᠷ᠎ᠢ ᠪᠣᠢᠵᠢᠭᠤᠯᠬᠤ᠎ᠪᠠᠷ ᠲᠣᠭ᠍ᠲᠠᠪᠠ᠃ ᠲᠤᠬᠠᠶ᠎ᠶ᠋ᠢᠨ ᠭᠠᠵᠠᠷ᠎ᠤᠨ ᠨᠠᠰᠤᠲᠠᠨ᠎ᠤ ᠬᠡᠯᠡᠬᠦ᠌᠎ᠪᠡᠷ ᠰᠤᠷ ᠦᠭᠡᠢ ᠰᠤᠭᠤᠪᠤᠷ ᠬᠦᠢᠲᠡᠨ ᠰᠢᠯᠢ ᠵᠢᠨ ᠲᠠᠯ᠎ᠠ ᠨᠤᠲᠤᠭ᠎ᠲᠤ ᠮᠠᠰᠢ ᠢᠭ᠍ᠴᠤ ᠰᠠᠬᠤᠯᠢᠭ ᠤᠷᠭᠤᠳᠠᠭ ᠪᠠᠢᠵᠠᠶ᠃ ᠢᠩᠭᠢᠭᠡᠳ ᠪᠢᠳᠡ ᠡᠬᠢᠯᠡᠨ ᠪᠠᠢᠴᠠᠭᠠᠨ ᠰᠤᠳᠤᠯᠤᠯᠲᠠ ᠬᠢᠵᠦ᠍᠂ ᠡᠴᠦᠰ᠎ᠲᠡᠬᠡᠨ ᠬᠦᠶ᠋ᠲᠡᠨ ᠱᠢᠯᠢ ᠵᠢᠨ ᠲᠠᠯ᠎ᠠ ᠭᠠᠵᠠᠷ᠎ᠤᠨ ᠭᠦᠨ ᠭᠤᠤ ᠵᠡᠷᠭᠡ ᠥᠨᠴᠥᠭ ᠪᠤᠯᠤᠩ᠎ᠠᠴᠠ ᠬᠡᠳᠦᠨ ᠪᠣᠳᠠ᠂ ᠬᠡᠳᠦᠨ ᠰᠠᠭᠤᠷᠢ ᠰᠤᠷ ᠦᠭᠡᠢ ᠰᠤᠭᠤᠪᠤᠷ ᠪᠠᠢᠬᠤ᠎ᠶ᠋ᠢ ᠵᠠᠯᠭᠠᠭ᠎ᠠ᠎ᠪᠠᠷ ᠢᠯᠡᠷᠡᠭᠦᠯᠵᠡᠶ᠂ ᠡᠢᠮᠦᠷᠬᠦᠥ ᠡᠪᠡᠰᠦ ᠭᠤᠤᠯᠳᠠᠭᠤ ᠤᠮᠠᠷᠠᠲᠤ ᠣᠷᠣᠨ᠎ᠳᠤ ᠤᠷᠭᠤᠳᠠᠭ᠃ ᠨᠤᠲᠤᠭ᠎ᠤᠨ ᠡᠪᠡᠰᠦᠨ᠎ᠦ ᠡᠭᠦᠯᠳᠡᠷ᠎ᠢ ᠪᠣᠢᠵᠢᠭᠤᠯᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌᠎ᠶ᠋ᠢ ᠠᠬᠢᠭᠤᠯᠬᠤ ᠵᠢᠴᠢ ᠲᠤᠬᠠᠢ᠎ᠶ᠋ᠢᠨ ᠭᠠᠵᠠᠷ᠎ᠤᠨ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠲᠥᠯᠥᠭᠡ ᠪᠢᠳᠡ 2019 ᠣᠨ᠎ᠡᠴᠡ ᠬᠡᠭᠡᠷ᠎ᠡ᠎ᠶ᠋ᠢᠨ ᠰᠤᠷ ᠦᠭᠡᠢ ᠰᠤᠭᠤᠪᠤᠷ᠎ᠢ ᠨᠤᠮᠤᠬᠠᠳᠬᠠᠬᠤ ᠪᠠ ᠰᠣᠩᠭᠣᠨ ᠪᠣᠢᠵᠢᠭᠤᠯᠬᠤ ᠠᠵᠢᠯ᠎ᠢ ᠡᠬᠢᠯᠡᠭᠦᠯᠵᠡᠢ》 ᠭᠡᠵᠦ ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶ᠋ᠢᠨ ᠳᠠᠷᠤᠭ᠎ᠠ ᠵᠠᠩ ᠳ᠋ᠦᠩ ᠬᠣᠩ ᠲᠠᠨᠢᠯᠴᠠᠭᠤᠯᠪᠠ᠃

ᠤᠯᠠᠭᠠᠨᠴᠠᠪ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶ᠋ᠢᠨ ᠠᠵᠢᠯᠲᠠᠳ ᠣᠯᠠᠨ ᠵᠢᠯ᠎ᠦᠨ ᠲᠤᠷᠰᠢ ᠠᠭᠤᠯᠠ ᠨᠢᠷᠤᠭᠤ ᠭᠤᠤ ᠭᠠᠩᠭ᠎ᠠ᠎ᠪᠠᠷ ᠶᠠᠪᠤᠵᠤ᠂ ᠲᠠᠯ᠎ᠠ ᠨᠤᠲᠤᠭ᠎ᠢᠶᠡᠷ ᠭᠦᠨᠵᠡᠭᠡᠢᠷᠡᠨ᠂ ᠡᠪᠡᠰᠦᠨ ᠦᠷ᠎ᠡ᠎ᠶ᠋ᠢᠨ ᠥᠯᠢᠭᠡᠷ ᠬᠡᠪ᠎ᠢ ᠲᠡᠭᠦᠵᠦ᠍᠂ ᠡᠴᠢᠭᠡ ᠡᠬᠡ ᠦᠨᠳᠦᠰᠦ᠎ᠶ᠋ᠢ ᠡᠷᠯᠢᠰᠡᠵᠢᠭᠦᠯᠬᠦ᠌᠂ ᠲᠠᠷᠢᠶᠠᠨ ᠭᠠᠵᠠᠷ᠎ᠲᠤ ᠰᠣᠩᠭᠣᠨ ᠪᠣᠢᠵᠢᠭᠤᠯᠬᠤ᠂ ᠤᠳᠤᠮ ᠤᠭ᠍ᠰᠠᠭ᠎ᠠ᠎ᠶ᠋ᠢ ᠬᠢᠨᠠᠨ ᠲᠣᠭ᠍ᠲᠠᠭᠠᠬᠤ ᠪᠠ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠢᠯ᠎ᠢ ᠥᠷᠨᠢᠭᠦᠯᠵᠦ᠍᠂ ᠵᠢᠯ ᠲᠣᠵᠢ ᠡᠷᠲᠡ ᠭᠠᠷᠴᠤ᠌ ᠣᠷᠣᠶ ᠪᠤᠴᠠᠵᠤ᠂ ᠬᠡᠭᠡᠷ᠎ᠡ ᠬᠣᠨᠣᠵᠤ ᠬᠡᠲᠡ ᠳᠡᠷᠡᠯᠡᠨ᠂ ᠡᠮᠦᠨ᠎ᠡ ᠹᠷᠣᠨᠲ᠎ᠲᠤ ᠦᠨᠳᠦᠰᠦᠯᠡᠨ ᠨᠢᠭᠡ ᠰᠡᠳᠭᠢᠯ᠎ᠢᠶᠡᠷ ᠪᠣᠭᠣᠮᠲᠠ ᠱᠢᠪᠲᠤᠯᠪᠠ᠃

《 ᠲᠡᠷᠡ ᠦᠶ᠎ᠡ᠎ᠳᠦ ᠪᠢᠳᠡᠨ᠎ᠳᠦ ᠪᠡᠯᠡᠨ ᠡᠪᠡᠰᠦᠨ ᠦᠷ᠎ᠡ᠎ᠶ᠋ᠢᠨ ᠡᠬᠢ ᠪᠠᠶᠠᠯᠢᠭ ᠪᠠᠢᠬᠤ ᠦᠭᠡᠢ ᠪᠣᠯᠬᠣᠷ ᠬᠡᠭᠡᠷ᠎ᠡ ᠭᠠᠳᠠᠨ᠎ᠠ ᠣᠴᠢᠵᠤ ᠬᠥᠮᠦᠨ᠎ᠦ ᠬᠦᠴᠦ᠍᠎ᠪᠡᠷ ᠬᠡᠭᠡᠷ᠎ᠡ᠎ᠶ᠋ᠢᠨ ᠡᠪᠡᠰᠦᠨ ᠦᠷ᠎ᠡ᠎ᠶ᠋ᠢ ᠲᠡᠭᠦᠵᠦ᠍ ᠴᠤᠭ᠍ᠯᠠᠭᠤᠯᠵᠤ ᠪᠠᠢᠪᠠ᠂ ᠲᠡᠭᠦᠵᠦ᠍ ᠴᠤᠭ᠍ᠯᠠᠭᠤᠯᠤᠭ᠍ᠰᠠᠨ ᠭᠠᠵᠠᠷ ᠨᠢ ᠶᠡᠷᠦ᠍᠎ᠳᠡᠭᠡᠨ ᠨᠡᠯᠢᠶᠡᠳ ᠭᠦᠨ ᠭᠤᠤ ᠭᠠᠩᠭ᠎ᠠ᠎ᠳᠤ ᠪᠠᠢᠵᠤ᠂ ᠲᠡᠷᠭᠡ ᠬᠦᠷᠴᠦ᠍ ᠳᠡᠢᠯᠬᠦ᠌ ᠦᠭᠡᠢ ᠪᠣᠯᠬᠣᠷ ᠪᠢᠳᠡ ᠬᠠᠭᠤᠷᠠᠢ ᠠᠮᠤ ᠎ᠪᠠᠨ ᠠᠪᠴᠤ᠌᠂ ᠲᠡᠭᠦᠵᠦ᠍ ᠴᠤᠭ᠍ᠯᠠᠭᠤᠯᠬᠤ ᠤᠭᠤᠲᠠ᠎ᠪᠠᠨ ᠡᠭᠦᠷᠦᠭᠡᠳ ᠶᠠᠪᠠᠭᠠᠨ᠎ᠬᠦᠷᠴᠤ᠂ ᠲᠡᠭᠦᠵᠦ᠍ ᠬᠤᠷᠢᠶᠠᠭᠠᠳ ᠰᠥᠨᠢ ᠲᠦᠯᠢ ᠪᠡᠷ ᠪᠤᠴᠠᠵᠤ ᠢᠷᠡᠳᠡᠭ᠃ ᠬᠦᠢᠳᠡᠨ ᠤᠰᠤ ᠬᠠᠷ᠎ᠠ ᠮᠠᠨᠳᠡᠦ ᠪᠡᠷ ᠦᠯ ᠬᠤᠭᠤᠯᠠ ᠬᠢᠨ᠎ᠠ ᠁ ᠬᠤᠷᠢᠶᠠᠵᠤ ᠠᠪᠴᠢᠷᠠᠭ᠍ᠰᠠᠨ ᠡᠪᠡᠰᠦᠨ ᠦᠷ᠎ᠡ᠎ᠪᠡᠨ ᠤᠷᠢᠳ᠎ᠢᠶᠠᠷ ᠬᠤᠸᠠᠷ᠎ᠤᠨ ᠫᠧᠩᠰᠡᠨ᠎ᠳᠦ ᠳᠠᠷᠢᠵᠤ ᠡᠬᠢᠯᠡᠨ ᠨᠠᠬᠢᠶᠠᠯᠠᠭᠤᠯᠵᠤ᠂ ᠲᠠᠷᠠᠭ᠎ᠠ ᠨᠢ ᠴᠢᠬᠢ ᠮᠣᠳᠣᠨ᠎ᠤ ᠬᠦᠷᠢᠶᠡᠯᠡᠩ᠎ᠦᠨ ᠵᠢᠵᠢᠭ ᠲᠣᠭᠣᠷᠢᠭ᠎ᠲᠤ ᠠᠪᠠᠴᠢᠵᠤ ᠲᠤᠷᠱᠢᠯᠲᠠ ᠬᠢᠵᠦ᠍᠂ ᠲᠠᠬᠢᠭᠠᠳ ᠲᠠᠷᠢᠶᠠᠨ ᠭᠠᠵᠠᠷ᠎ᠲᠤ ᠠᠪᠠᠴᠢᠵᠤ ᠲᠤᠷᠱᠢᠨ ᠲᠠᠷᠢᠨ᠎ᠠ ᠁》 ᠭᠡᠵᠦ᠍ ᠸᠠᠩ ᠰᠢᠶᠠ ᠱᠢᠷᠭᠠᠭᠤ ᠬᠠᠲᠠᠭᠤᠵᠢᠯᠲᠠᠢ ᠲᠡᠮᠡᠴᠡᠭ᠌ᠰᠡᠨ ᠣᠨ ᠰᠠᠷ᠎ᠠ ᠪᠠᠨ ᠡᠷᠬᠢᠴᠡᠭᠦᠯᠦᠨ ᠶᠡᠷᠢᠨ᠎ᠠ᠃

ᠨᠤᠮᠤᠬᠠᠳᠬᠠᠨ ᠰᠣᠩᠭᠣᠵᠤ ᠪᠣᠢᠵᠢᠭᠤᠯᠬᠤ ᠶᠠᠪᠤᠴᠠ᠎ᠳᠤ ᠲᠠᠷᠢᠶᠠᠨ ᠭᠠᠵᠠᠷ᠎ᠲᠤ ᠲᠤᠷᠱᠢᠨ ᠲᠠᠷᠢᠬᠤ ᠨᠢ ᠮᠠᠰᠢ ᠴᠢᠬᠤᠯᠠ ᠶᠤᠮ᠃ 《 ᠬᠦᠢᠲᠡᠨ ᠱᠢᠯᠢ᠎ᠵᠢᠨ ᠰᠤᠷ ᠦᠭᠡᠢ ᠰᠤᠭᠤᠪᠤᠷ  》᠎ᠤ᠋ᠨ ᠲᠤᠷᠱᠢᠨ ᠲᠠᠷᠢᠬᠤ ᠲᠥᠷᠥᠯ ᠵᠦᠢᠯ᠎ᠢ ᠬᠦᠯᠢᠶᠡᠨ ᠠᠪᠤᠭᠰᠠᠨ ᠬᠦᠢᠲᠡᠨ ᠴᠢᠨ᠋ᠸ᠎ᠠ ᠲᠣᠲ᠋ᠧᠮ ᠲᠠᠷᠢᠶᠠᠯᠠᠩ᠎ᠤᠨ ᠬᠢᠵᠠᠭᠠᠷᠲᠤ ᠺᠣᠮᠫᠠᠨᠢ ᠨᠢ ᠲᠤᠷᠱᠢᠨ ᠲᠠᠷᠢᠬᠤ ᠶᠠᠪᠤᠴᠠ᠎ᠳᠠᠭᠠᠨ ᠪᠠᠭ᠎ᠠ ᠪᠤᠰᠤ ᠬᠦᠴᠢᠷᠳᠡᠯ᠎ᠳᠦ ᠲᠤᠯᠭᠠᠷᠠᠵᠤ ᠥᠩᠭᠡᠷᠡᠭ᠌ᠰᠡᠨ ᠶᠤᠮ᠃

《 ᠪᠢ 2019 ᠣᠨ᠎ᠳᠤ ᠠᠩᠬ᠎ᠠ ᠤᠳᠠᠭ᠎ᠠ 10 ᠮᠥ᠍ 〈 ᠬᠦᠶ᠋ᠲᠡᠨ ᠱᠢᠯᠢ᠎ᠵᠢᠨ ᠰᠤᠷ ᠦᠭᠡᠢ ᠰᠤᠭᠤᠪᠤᠷ 〉 ᠎ᠢ᠋ ᠲᠤᠷᠱᠢᠨ ᠳᠠᠷᠢᠵᠤ᠂  ᠨᠠᠷᠢᠨ ᠡᠪᠡᠰᠦ ᠤᠷᠭᠤᠭᠰᠠᠨ ᠪᠣᠯᠪᠠᠴᠤ᠌ ᠲᠡᠢᠮᠦ᠍ ᠥᠨᠳᠥᠷ ᠤᠷᠭᠤᠵᠤ ᠴᠢᠳᠠᠭ᠍ᠰᠠᠨ ᠥᠬᠡᠶ᠃ ᠰᠡᠭᠦᠯᠡᠷ ᠨᠢ ᠪᠢᠳᠡ ᠨᠣᠬᠠᠶ᠎ᠶ᠋ᠢᠨ ᠬᠣᠱᠢᠭᠤ᠎ᠶ᠋ᠢ ᠬᠣᠯᠢᠵᠤ ᠳᠠᠷᠢᠵᠤ᠂ ᠬᠦᠪᠦᠷᠡᠯ᠎ᠦᠨ ᠨᠠᠬᠢᠶ᠎ᠠ᠎ᠪᠠᠷ ᠤᠷᠭᠤᠭᠤᠯᠬᠤ ᠮᠡᠷᠭᠡᠵᠢᠯ᠎ᠢ ᠬᠡᠷᠡᠭ᠌ᠯᠡᠨ ᠨᠣᠬᠠᠶ᠎ᠶ᠋ᠢᠨ ᠬᠣᠱᠢᠭᠤ ᠤᠷᠢᠳᠠᠪᠠᠷ ᠬᠥᠷᠥᠰᠥ ᠵᠢ ᠴᠤᠭᠤᠯᠵᠦ ᠰᠤᠷ ᠦᠭᠡᠢ ᠰᠤᠭᠤᠪᠤᠷ᠎ᠤ᠋ᠨ ᠴᠢᠬᠢ᠎ᠴᠤᠬᠤᠢᠵᠤ ᠭᠠᠷᠬᠤ᠎ᠳᠤ ᠲᠤᠰᠠᠯᠠᠭᠤᠯᠵᠠᠶ᠃ ᠡᠭᠦᠨ᠎ᠦ ᠬᠠᠮᠲᠤ ᠥᠨᠳᠥᠷ ᠤᠷᠭᠤᠭ᠍ᠰᠠᠨ ᠨᠣᠬᠠᠶ᠎ᠶ᠋ᠢᠨ ᠬᠣᠱᠢᠭᠤ᠎ᠶ᠋ᠢᠨ ᠴᠢᠬᠢ ᠨᠢ ᠰᠡᠭᠦᠳᠡᠷ ᠪᠤᠯᠵᠦ ᠬᠥᠷᠥᠰᠥᠨ᠎ᠦ ᠳᠠᠪᠬᠤᠷᠭ᠎ᠠ᠎ᠵᠢᠨ ᠤᠰᠤ᠎ᠵᠢ ᠬᠠᠳᠠᠭᠠᠯᠠᠵᠤ᠂ ᠰᠤᠷ ᠦᠭᠡᠢ ᠰᠤᠭᠤᠪᠤᠷ᠎ᠢ ᠨᠠᠩ ᠰᠠᠢᠨ ᠤᠷᠭᠤᠭᠤᠯᠬᠤ᠎ᠳᠤ ᠲᠤᠰᠠᠯᠠᠳᠠᠭ᠃ ᠣᠯᠠᠨ ᠵᠢᠯ᠎ᠦᠨ ᠲᠤᠷᠱᠢᠯᠲᠠ᠎ᠪᠠᠷ ᠳᠡᠮᠵᠢᠨ ᠪᠢᠳᠡ ᠡᠴᠦᠰ᠎ᠲᠡᠬᠡᠨ ᠠᠮᠵᠢᠯᠲᠠ ᠣᠯᠵᠵᠤ᠂ ᠣᠳᠣᠬᠠᠨ᠎ᠳᠤ ᠮᠠᠨ ᠎ᠤ〈 ᠬᠦᠶ᠋ᠲᠡᠨ ᠱᠢᠯᠢ᠎ᠵᠢᠨ ᠰᠤᠷ ᠦᠭᠡᠢ ᠰᠤᠭᠤᠪᠤᠷ 〉 1 ᠮᠧᠲ᠋ᠷ᠎ᠡᠴᠡ ᠳᠡᠭᠡᠭ᠌ᠰᠢ ᠤᠷᠭᠤᠬᠤ ᠪᠤᠯᠵᠠᠢ》 ᠭᠡᠵᠦ ᠶᠣᠣ ᠵᠢᠶᠦ᠋ᠨ ᠸᠸᠨ ᠪᠠᠶᠠᠷᠯᠠᠨ ᠬᠡᠯᠡᠪᠡ᠃

ᠣᠯᠠᠨ ᠵᠢᠯ᠎ᠦᠨ ᠱᠢᠷᠭᠠᠭᠤ ᠰᠤᠳᠤᠯᠤᠯᠲᠠ᠎ᠪᠠᠷ ᠳᠡᠮᠵᠢᠨ 2024 ᠣᠨ᠎ᠳᠤ 《ᠬᠦᠶ᠋ᠲᠡᠨ ᠱᠢᠯᠢ᠎ᠵᠢᠨ ᠰᠤᠷ ᠦᠭᠡᠢ ᠰᠤᠭᠤᠪᠤᠷ》 ᠥᠪᠡᠷᠲᠡᠭᠡᠨ ᠵᠠᠰᠠᠬᠤ ᠣᠷᠣᠨ ᠎ᠤ ᠡᠪᠡᠰᠦᠨ᠎ᠦ ᠡᠭᠦᠯᠳᠡᠷ᠎ᠤᠨ ᠬᠢᠨᠠᠨ ᠲᠣᠭ᠍ᠲᠠᠭᠠᠯᠲᠠ᠎ᠵᠢ ᠦᠨᠭᠭᠡᠷᠡᠭᠡᠵᠦ᠂ ᠵᠢᠩᠬᠢᠨᠢ᠎ᠪᠡᠷ ᠨᠤᠲᠤᠭ᠎ᠤᠨ ᠣᠨᠴᠠᠯᠢᠭ ᠪᠥᠬᠥᠶ ᠡᠪᠡᠰᠦᠨ᠎ᠦ ᠲᠥᠷᠥᠯ ᠪᠣᠯᠵᠣ᠂ ᠪᠥᠬᠥ᠌ ᠲᠠᠯ᠎ᠠ᠎ᠪᠠᠷ ᠬᠡᠪᠴᠢᠶᠡᠵᠢᠭᠦᠯᠦᠨ ᠳᠡᠯᠭᠡᠷᠡᠭᠦᠯᠬᠦ᠌ ᠱᠠᠲᠤᠨ᠎ᠳᠤ ᠣᠷᠣᠪᠠ᠃ ᠡᠳᠦᠭᠡ ᠡᠨᠡ ᠬᠦ᠌ ᠨᠤᠲᠤᠭ᠎ᠤᠨ ᠡᠪᠡᠰᠦ ᠲᠠᠯ᠎ᠠ ᠨᠤᠲᠤᠭ᠎ᠲᠤ ᠦᠨᠳᠦᠰᠦᠯᠡᠵᠦ᠍᠂ ᠠᠮᠢ ᠠᠬᠤᠢ᠎ᠶ᠋ᠢ ᠰᠡᠷᠭᠦᠭᠡᠨ ᠵᠠᠰᠠᠬᠤ᠂ ᠲᠤᠬᠠᠢ᠎ᠶ᠋ᠢᠨ ᠭᠠᠵᠠᠷ᠎ᠤᠨ ᠮᠠᠯ ᠠᠵᠤ ᠠᠬᠤᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠤᠪᠢ ᠨᠡᠮᠡᠷᠢ ᠦᠵᠡᠭᠦᠯᠵᠤ ᠪᠤᠢ᠃


[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]


ᠬᠦᠢᠲᠡᠨ ᠱᠢᠯᠢ ᠵᠢᠨ ᠲᠠᠯ᠎ᠠ ᠨᠤᠲᠤᠭ᠎ᠵᠢᠡᠷ ᠠᠯᠬᠤᠯᠠᠬᠤ ᠳ᠋ᠤ᠌ ᠬᠡᠰᠡᠭ ᠬᠡᠰᠡᠭ ᠣᠷᠭᠣᠭ᠍ᠰᠠᠨ ᠰᠤᠷ ᠦᠭᠡᠢ ᠰᠤᠭᠤᠪᠤᠷ ᠤᠨᠴᠠᠭᠠᠢ ᠢᠯᠡ ᠬᠠᠷᠠᠭᠳᠠᠨ᠎ᠠ᠃ ᠨᠤᠲᠤᠭ ᠎ᠤᠨ ᠡᠪᠡᠰᠦ᠎ᠵᠢ ᠠᠮᠵᠢᠯᠲᠠ᠎ᠲᠠᠶ ᠰᠣᠩᠭᠣᠨ ᠪᠣᠢᠵᠢᠭᠤᠯᠤᠭ᠍ᠰᠠᠨ ᠶᠠᠪᠤᠳᠠᠯ ᠎ᠤᠨ ᠠᠷᠤ᠎ᠳᠤ ᠣᠶ ᠱᠢᠭᠤᠶ ᠪᠠ ᠨᠤᠲᠤᠭ ᠪᠡᠯᠴᠢᠭᠡᠷ᠎ᠦᠨ ᠠᠵᠢᠯᠲᠠᠳ ᠎ᠤᠨ ᠤᠯᠠᠨ ᠵᠢᠯ᠎ᠤᠨ ᠪᠠᠲᠤ ᠰᠠᠬᠢᠯᠲᠠ ᠪᠤᠢ᠃ ᠲᠡᠳᠡ ᠠᠭᠤᠯᠠ ᠳᠠᠪᠠᠭ᠎ᠠ᠎ᠶ᠋ᠢ ᠳᠠᠪᠠᠵᠤ᠂ ᠡᠵᠡᠭᠦᠶ ᠬᠡᠭᠡᠷ᠎ᠡ ᠭᠦᠨᠵᠡᠭᠡᠢᠷᠡᠨ᠂ ᠬᠠᠲᠠᠭᠤ ᠪᠡᠷᠬᠡᠱᠢᠶᠡᠯᠲᠦ ᠣᠷᠴᠢᠨ ᠲᠣᠭᠣᠷᠢᠨ᠎ᠳᠤ ᠦᠷ᠎ᠡ ᠲᠡᠭᠦᠵᠦ᠍᠂ ᠳᠠᠬᠢᠨ ᠳᠠᠪᠲᠠᠨ ᠲᠤᠷᠱᠢᠯᠲᠠ ᠬᠢᠵᠦ᠍᠂ ᠡᠴᠦᠰ ᠲᠡᠬᠡᠨ ᠨᠤᠲᠤᠭ ᠎ᠤᠨ ᠱᠢᠯᠢᠳᠡᠭ ᠡᠪᠡᠰᠦᠨ ᠦᠷ᠎ᠡ᠎ᠶ᠋ᠢ ᠪᠣᠢᠵᠢᠭᠤᠯᠵᠤ᠂ ᠭᠠᠳᠠᠨ᠎ᠠ᠎ᠠᠴᠠ ᠢᠷᠡᠭ᠌ᠰᠡᠨ ᠡᠪᠡᠰᠦᠨ ᠦᠷ᠎ᠡ᠎ᠳᠦ ᠲᠦᠱᠢᠭ᠌ᠯᠡᠬᠦ᠌ ᠎ᠪᠠᠨ ᠪᠤᠯᠢᠪᠠ᠃

ᠡᠨᠡ ᠬᠦ᠌ ᠥᠨᠳᠥᠷᠯᠢᠭ᠎ᠲᠦ ᠦᠨᠳᠦᠰᠦᠯᠡᠭ᠌ᠰᠡᠨ ᠨᠤᠲᠤᠭ ᠎ᠤᠨ ᠡᠪᠡᠰᠦ᠎ᠨᠢ ᠨᠤᠲᠤᠭ ᠪᠡᠯᠴᠢᠭᠡᠷ ᠎ᠦᠨ ᠠᠮᠢ ᠠᠬᠤᠶ᠎ᠶ᠋ᠢ ᠵᠠᠰᠠᠨ ᠰᠡᠷᠭᠦᠭᠡᠬᠦ᠌ 《 ᠭᠤᠤᠯ ᠬᠦᠴᠦᠨ 》 ᠪᠣᠯᠬᠤ᠎ᠪᠠᠷ ᠪᠠᠷᠠᠬᠤ ᠥᠬᠡᠶ ᠪᠠᠰᠠ ᠴᠤ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠬᠤ᠂ ᠠᠷᠠᠳ ᠣᠯᠠᠨ᠎ᠳᠤ ᠠᠱᠢᠭ ᠬᠦᠷᠲᠡᠭᠡᠬᠦ᠌ 《 ᠪᠠᠶᠠᠵᠢᠯ᠎ᠤᠨ ᠡᠪᠡᠰᠦ》 ᠪᠣᠯᠤᠨ᠎ᠠ᠃ ᠬᠡᠭᠡᠷ᠎ᠡ᠎ᠶ᠋ᠢᠨ ᠦᠷ᠎ᠠ ᠡᠳ᠋ ᠡᠴᠡ ᠡᠭᠦᠯᠳᠡᠷ᠎ᠢ ᠬᠢᠨᠠᠨ ᠲᠣᠭ᠍ᠲᠠᠭᠠᠬᠤ ᠬᠦᠷᠲᠡᠯ᠎ᠡ᠂ ᠲᠤᠷᠱᠢᠯᠲᠠ᠎ᠶ᠋ᠢᠨ ᠲᠠᠷᠢᠶᠠᠨ᠎ᠡᠴᠡ ᠶᠡᠬᠡ ᠲᠠᠷᠢᠶᠠᠨ ᠭᠠᠵᠠᠷ᠎ᠲᠦ ᠳᠡᠯᠭᠡᠷᠡᠭᠦᠯᠬᠦ᠌ ᠬᠦᠷᠲᠡᠯ᠎ᠡ᠂ ᠤᠯᠠᠭᠠᠨᠴᠠᠪ᠎ᠤᠨ ᠨᠤᠲᠤᠭ ᠪᠡᠯᠴᠢᠭᠡᠷ᠎ᠢ ᠰᠠᠬᠢᠨ ᠬᠠᠮᠠᠭᠠᠯᠠᠬᠤ᠂ ᠠᠮᠢ ᠠᠬᠤᠶ᠎ᠶ᠋ᠢᠨ ᠠᠵᠤ ᠦᠶ᠋ᠯᠡᠰ᠎ᠢ ᠭᠦᠨᠵᠡᠭᠡᠢ ᠬᠦᠭᠵᠢᠭᠦᠯᠬᠦ ᠡᠷᠡᠰ ᠵᠣᠷᠢᠭ᠎ᠢ ᠭᠡᠷᠡᠴᠢᠯᠡᠭ᠌ᠰᠡᠨ ᠪᠥᠭᠡᠳ ᠨᠤᠮᠢᠨ ᠤᠰᠤ ᠬᠦᠬᠡᠮᠳᠦᠭ ᠠᠭᠤᠯᠠ ᠵᠢᠨ ᠦᠷᠭᠦᠯᠵᠢᠯᠡᠨ ᠠᠮᠢ ᠠᠬᠤᠶ ᠪᠠ ᠠᠷᠠᠳ᠎ᠤᠨ ᠠᠮᠢᠳᠤᠷᠠᠯ ᠎ᠤᠨ ᠳᠠᠪᠬᠤᠷ ᠦᠷ᠎ᠡ ᠠᠱᠢᠭ ᠭᠠᠷᠭᠠᠬᠤ᠎ᠶᠢ ᠠᠬᠢᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号