ᠨᠠᠨᠴᠠᠩ᠎ᠤᠨ ᠪᠣᠰᠣᠯᠭ᠎ᠠ᠄ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠭᠢ ᠡᠭᠦᠨ᠎ᠡᠴᠡ ᠡᠬᠢᠯᠡᠨ ᠮᠡᠨᠳᠦᠯᠡᠪᠡ
2026-06-11 16:51:44
ᠵᠣᠬᠢᠶᠠᠭ᠍ᠴᠢ᠄
​ ᠹᠠᠨ ᠰᠧ ᠱᠢᠶᠠᠩ
ᠣᠩᠱᠢᠭ᠍ᠰᠠᠨ ᠣᠳᠠᠭ᠎ᠠ᠄
★★★☆☆

ᠪᠠᠭᠠᠲᠤᠷᠯᠢᠭ ᠬᠣᠲᠠ ᠨᠠᠨᠴᠠᠩ᠂ 《8·1》᠎ᠤ᠋ ᠴᠡᠷᠢᠭ᠎ᠤᠨ ᠲᠣᠭ᠎ᠢ ᠮᠠᠨᠳᠤᠭᠤᠯᠤᠭ᠍ᠰᠠᠨ ᠭᠠᠵᠠᠷ ᠃

1927 ᠣᠨ᠎ᠤ 8 ᠰᠠᠷ᠎ᠠ᠎ᠶ᠋ᠢᠨ 1 ᠤ᠋ ᠡᠳᠦᠷ᠂ ᠨᠠᠨᠴᠠᠩ᠎ᠬᠤᠳᠠ᠎ᠶ᠋ᠢᠨ ᠫᠤᠤ᠎ᠶ᠋ᠢᠨ ᠲᠠᠭᠤᠨ ᠮᠠᠨ᠎ᠤ ᠨᠠᠮ᠎ᠤᠨ ᠵᠡᠪᠰᠡᠭ᠌ᠲᠦ ᠬᠦᠴᠦᠨ᠎ᠢᠶᠡᠷ ᠭᠣᠮᠢᠨᠳᠠᠩ᠎ᠤᠨ ᠲᠡᠷᠰᠯᠡᠭᠦᠴᠦᠳ᠎ᠢ ᠡᠰᠡᠷᠭᠦᠴᠡᠬᠦ᠌ ᠬᠥᠱᠢᠭᠡ᠎ᠶ᠋ᠢ ᠰᠡᠬᠦᠪᠡ᠃

ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ 90 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠨᠠᠨᠴᠠᠩ ᠬᠤᠳᠠ᠎ᠶ᠋ᠢᠨ ᠫᠤᠤ᠎ᠶ᠋ᠢᠨ ᠲᠠᠭᠤᠨ》 ᠢ᠋ 《ᠰᠥᠨᠢ᠎ᠶ᠋ᠢᠨ ᠣᠭ᠍ᠲᠠᠷᠭᠤᠢ᠎ᠶ᠋ᠢ ᠵᠦᠰᠦᠭ᠌ᠰᠡᠨ ᠭᠢᠯᠪᠠᠭᠡᠨ》 ᠭᠡᠵᠦ᠍ ᠵᠦᠢᠷᠯᠡᠪᠡ᠃ ᠡᠨᠡ ᠬᠦ᠌ 《ᠭᠢᠯᠪᠠᠭᠡᠨ》 ᠤ᠋ ᠠᠷᠤ᠎ᠳᠤ ᠶᠠᠮᠠᠷᠬᠠᠨ ᠰᠦᠷ ᠳᠠᠯᠠᠢᠴᠠᠲᠠᠢ ᠣᠨ ᠰᠠᠷ᠎ᠠ ᠪᠠᠢᠭᠰᠠᠨ ᠪᠣᠯ?

1927 ᠣᠨ᠎ᠳᠤ᠂ ᠰᠦᠷ ᠳᠠᠯᠠᠢᠴᠠᠲᠠᠢ ᠶᠡᠬᠡ ᠬᠤᠪᠢᠰᠭᠠᠯ ᠢᠯᠠᠭ᠍ᠳᠠᠵᠤ᠂ ᠬᠤᠪᠢᠰᠭᠠᠯ᠎ᠤᠨ ᠪᠠᠢᠳᠠᠯ᠎ᠳᠤ ᠱᠢᠷᠦᠭᠦᠨ ᠬᠤᠪᠢᠷᠠᠯᠲᠠ ᠭᠠᠷᠴᠤ᠌᠂ ᠳᠤᠮᠳᠠᠳᠤ ᠤᠯᠤᠰ᠎ᠤᠨ ᠡᠪ ᠬᠠᠮᠲᠤᠴᠤᠳ ᠪᠣᠯᠤᠨ ᠬᠤᠪᠢᠰᠭᠠᠯᠲᠤ ᠤᠯᠠᠨ ᠲᠦᠮᠡᠨ ᠵᠡᠷᠯᠢᠭ ᠪᠠᠯᠠᠮᠠᠳ ᠬᠢᠳᠤᠯᠭ᠎ᠠ᠎ᠳᠤ ᠤᠴᠠᠷᠠᠪᠠ᠃ 1927 ᠣᠨ᠎ᠤ 11 ᠰᠠᠷ᠎ᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ ᠨᠠᠮ᠎ᠤᠨ ᠭᠡᠱᠢᠭᠦᠨ᠎ᠦ ᠲᠣᠭ᠎ᠠ ᠨᠠᠮ᠎ᠤᠨ ᠲᠠᠪᠤᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠦᠶ᠎ᠡ᠎ᠳᠦ 5.8 ᠲᠦᠮᠡ ᠱᠢᠬᠠᠮ ᠬᠥᠮᠦᠨ ᠪᠠᠢᠭ᠍ᠰᠠᠨ ᠡᠴᠡ ᠲᠦᠮᠡ ᠭᠠᠷᠤᠶ ᠬᠥᠮᠦᠨ ᠪᠣᠯᠵᠤ ᠬᠠᠰᠤᠭ᠍ᠳᠠᠵᠠᠶ᠃

ᠳᠤᠮᠳᠠᠳᠤ ᠤᠯᠤᠰ᠎ᠤᠨ ᠬᠤᠪᠢᠰᠭᠠᠯ ᠨᠢᠭᠡᠨᠲᠡ ᠪᠠᠭᠤᠷᠠᠯᠲᠠ᠎ᠶ᠋ᠢᠨ ᠦᠶ᠎ᠡ᠎ᠳᠦ ᠣᠷᠣᠵᠤ᠂ ᠬᠤᠪᠢᠰᠭᠠᠯ᠎ᠤᠨ ᠡᠰᠡᠷᠭᠦᠦ  ᠬᠦᠴᠦᠨ ᠨᠠᠮ᠎ᠤᠨ ᠤᠳᠤᠷᠢᠳᠤᠭ᠍ᠰᠠᠨ ᠬᠤᠪᠢᠰᠭᠠᠯᠲᠤ ᠬᠦᠴᠦᠨ᠎ᠡᠴᠡ ᠬᠤᠯᠠ ᠳᠠᠪᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠠᠢᠰᠤᠨ᠎ᠳᠤ ᠰᠦᠢᠷᠡᠭᠳᠡᠨ ᠤᠰᠠᠳᠭᠠᠭ᠍ᠳᠠᠬᠤ ᠬᠦᠨᠳᠦ ᠰᠦᠷᠡᠬᠡᠢ ᠠᠶᠤᠯ ᠲᠦᠭ᠌ᠰᠢᠭᠦᠷᠢ᠎ᠳᠦ ᠤᠴᠠᠷᠠᠭ᠍ᠰᠠᠨ᠎ᠢ  ᠬᠦᠨᠳᠦ  ᠬᠡᠴᠡᠭᠦᠦ   ᠪᠣᠳᠠᠲᠤ  ᠬᠡᠷᠡᠭ  ᠬᠠᠷᠠᠭᠤᠯᠪᠡ ᠃

ᠡᠢᠮᠦ᠍ ᠠᠶᠤᠯ᠎ᠲᠠᠶ ᠣᠷᠴᠢᠨ ᠨᠦᠬᠦᠴᠡᠯ᠎ᠳᠤ᠂ ᠬᠤᠪᠢᠰᠭᠠᠯ ᠬᠢᠬᠦ᠌ ᠵᠣᠷᠢᠭ ᠪᠠᠢᠨ᠎ᠠ ᠤᠤ? ᠬᠤᠪᠢᠰᠭᠠᠯ᠎ᠢ  ᠬᠡᠷᠬᠢᠨ  ᠪᠠᠷᠢᠮᠲᠠᠯᠠᠬᠤ  ᠪᠤᠢ ? ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠬᠡᠪᠰᠢ ᠬᠠᠷᠢᠭᠤᠯᠬᠤ ᠦᠨᠳᠦᠰᠦᠨ ᠴᠢᠨᠠᠷᠲᠠᠢ ᠬᠣᠶᠠᠷ ᠠᠰᠠᠭᠤᠳᠠᠯ ᠮᠥᠨ᠃

ᠬᠠᠷᠠᠩᠭᠤᠶ ᠬᠠᠭᠤᠴᠢᠨ ᠳᠤᠮᠳᠠᠳᠤ ᠤᠯᠤᠰ᠎ᠲᠤ᠂ ᠳᠤᠮᠳᠠᠳᠤ ᠤᠯᠤᠰ᠎ᠤᠨ ᠡᠪ ᠬᠠᠮᠲᠤ ᠨᠠᠮ ᠡᠷᠡᠯᠬᠡᠭ ᠪᠠᠭᠠᠲᠤᠷᠯᠢᠭ᠎ᠢᠶᠠᠷ ᠬᠤᠪᠢᠰᠭᠠᠯ᠎ᠤᠨ ᠲᠤᠭ᠎ᠢ ᠥᠨᠳᠥᠷ ᠮᠠᠨᠳᠤᠭᠤᠯᠪᠠ; ᠬᠤᠪᠢᠰᠭᠠᠯ᠎ᠢ ᠬᠡᠷᠬᠢᠨ ᠪᠠᠷᠢᠮᠲᠠᠯᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤᠴᠤᠳ ᠦᠢᠯᠡᠳᠦᠯᠭᠡ᠎ᠶ᠋ᠢᠨ ᠳᠤᠮᠳᠠ ᠤᠷᠳᠤ ᠬᠤᠭᠤᠴᠠᠭᠠᠨ᠎ᠤ ᠬᠠᠲᠠᠭᠤᠵᠢᠯᠲᠠᠢ ᠰᠦᠪᠡᠭ᠌ᠴᠢᠯᠡᠯᠳᠡ ᠬᠢᠭ᠌ᠰᠡᠨ ᠪᠠᠢᠨ᠎ᠠ᠃ ᠶᠠᠭ ᠮᠠᠤ ᠽᠸ ᠳ᠋ᠦᠩ ᠨᠥᠬᠥᠷ᠎ᠦᠨ ᠰᠡᠭᠦᠯᠡᠷ ᠬᠡᠯᠡᠭ᠌ᠰᠡᠨᠴᠢᠯᠡᠨ᠄ 《ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ ᠠᠶᠤᠵᠤ ᠰᠦᠷᠳᠡᠭ᠌ᠰᠡᠨ ᠤᠢ᠍ᠭᠡᠢ᠂ ᠡᠷᠬᠡᠱᠢᠶᠡᠭ᠌ᠳᠡᠭ᠌ᠰᠡᠨ ᠤᠢ᠍ᠭᠡᠢ᠂ ᠤᠰᠠᠳᠬᠠᠭᠰᠠᠨ ᠤᠢ᠍ᠭᠡᠢ ᠶᠤᠮ᠃ ᠲᠡᠳᠡ ᠭᠠᠵᠠᠷ ᠳᠣᠣᠷ᠎ᠠ᠎ᠡᠴᠡ ᠪᠣᠰᠴᠤ᠌᠂ ᠪᠡᠶ᠎ᠡ ᠳᠡᠭᠡᠷᠡᠬᠢ ᠴᠢᠰᠤ᠎ᠪᠠᠨ ᠴᠡᠪᠡᠷᠯᠡᠵᠦ᠍᠂ ᠬᠠᠨᠢ ᠨᠥᠬᠥᠳ᠎ᠦᠨ᠎ᠢᠶᠡᠨ ᠬᠡᠭᠦᠷ ᠪᠡᠶ᠎ᠡ᠎ᠶ᠋ᠢ ᠪᠤᠯᠠᠭᠠᠳ᠂ ᠦᠷᠭᠦᠯᠵᠢᠯᠡᠨ ᠪᠠᠢᠯᠳᠤᠪᠠ》 ᠃

ᠲᠤᠢᠯ᠎ᠤᠨ ᠲᠦᠭ᠌ᠰᠢᠭᠦᠷᠢᠲᠡᠢ ᠪᠠᠢᠳᠠᠯ ᠳᠣᠣᠷ᠎ᠠ᠂ ᠬᠤᠪᠢᠰᠭᠠᠯ᠎ᠢ ᠠᠪᠤᠷᠠᠬᠤ᠎ᠶ᠋ᠢᠨ ᠲᠥᠯᠥᠭᠡ᠂ 1927 ᠣᠨ᠎ᠤ 7 ᠰᠠᠷ᠎ᠠ᠎ᠶ᠋ᠢᠨ ᠳᠤᠮᠳᠠᠴᠢ᠎ᠪᠠᠷ᠂ ᠰᠠᠶᠢᠬᠠᠨ ᠪᠠᠢᠭᠤᠯᠤᠭ᠍ᠳᠠᠭ᠍ᠰᠠᠨ ᠳᠤᠮᠳᠠᠳᠤ ᠤᠯᠤᠰ᠎ᠤᠨ ᠡᠪ ᠬᠠᠮᠲᠤ  ᠨᠠᠮ᠎ᠤᠨ ᠲᠥᠪ  ᠬᠣᠷᠢᠶ᠎ᠠ  ᠵᠢᠨ ᠤᠯᠤᠰ  ᠲᠦᠷᠦ᠍᠎ᠶ᠋ᠢᠨ ᠲᠣᠪᠴᠢᠶᠠᠨ᠎ᠤ  ᠲᠦᠷ  ᠴᠠᠭ᠎ᠤᠨ ᠪᠠᠢᠩᠭᠤ᠎ᠶ᠋ᠢᠨ ᠬᠣᠷᠢᠶ᠎ᠠ  ᠭᠤᠷᠪᠠᠨ ᠲᠤᠮᠤ  ᠤᠴᠢᠷ᠎ᠢ  ᠡᠷᠡᠰ ᠲᠤᠭᠲᠠᠭᠠᠪᠠ᠄ ᠨᠠᠮ᠎ᠤᠨ ᠡᠵᠡᠮᠱᠢᠵᠦ᠍ ᠪᠠᠢᠭ᠎ᠠ ᠪᠠ ᠨᠠᠮ ᠳ᠋ᠤ ᠦᠢᠯᠡᠴᠢᠯᠡᠵᠦ ᠪᠠᠢᠭ᠎ᠠ ᠴᠡᠷᠢᠭ ᠠᠨᠭᠭᠢ᠎ᠶ᠋ᠢ ᠨᠠᠨᠴᠠᠩ᠎ᠳᠤ ᠲᠥᠪᠯᠡᠷᠡᠭᠦᠯᠵᠦ᠍᠂ ᠵᠡᠪᠰᠡᠭ᠌ᠲᠦ ᠪᠣᠰᠣᠯᠭ᠎ᠠ ᠭᠠᠷᠭᠠᠬᠤ᠎ᠪᠠᠷ ᠪᠡᠯᠡᠳᠭᠡᠨ᠎ᠡ;ᠠᠵᠢᠯᠴᠢᠨ ᠲᠠᠷᠢᠶᠠᠴᠢᠨ᠎ᠤ ᠬᠥᠳᠡᠯᠭᠡᠭᠡᠨ᠎ᠦ ᠰᠠᠭᠤᠷᠢ᠎ᠪᠠᠷ ᠨᠡᠯᠢᠶᠡᠳ ᠰᠠᠢ᠌ᠨ ᠬᠤᠨᠠᠨ᠂ ᠬᠤᠪᠸᠢ᠂ ᠵᠢᠶᠠᠩᠰᠢ᠂ ᠭᠤᠸᠠᠩᠳᠦ᠋ᠩ ᠲᠦᠷᠪᠡᠨ ᠮᠤᠵᠢ᠎ᠶ᠋ᠢᠨ ᠲᠠᠷᠢᠶᠠᠴᠢᠳ᠎ᠢ ᠵᠣᠬᠢᠶᠠᠨ ᠪᠠᠢᠭᠤᠯᠵᠤ ᠨᠠᠮᠤᠷ᠎ᠤᠨ ᠬᠤᠷᠢᠶᠠᠯᠲᠠ᠎ᠶ᠋ᠢᠨ ᠪᠣᠰᠣᠯᠭ᠎ᠠ ᠭᠠᠷᠭᠠᠨ᠎ᠠ; ᠲᠥᠪ ᠬᠣᠷᠢᠶ᠎ᠠ ᠵᠢᠨ ᠪᠠᠴᠢᠮ ᠬᠤᠷᠠᠯ᠎ᠢ  ᠬᠤᠷᠠᠯᠳᠤᠭᠤᠯᠵᠤ᠂ ᠶᠡᠬᠡ  ᠬᠤᠪᠢᠰᠭᠠᠯ ᠢᠯᠠᠭ᠍ᠳᠠᠭ᠍ᠰᠠᠨ᠎ᠤ  ᠳᠠᠷᠠᠭᠠᠬᠢ   ᠱᠢᠨ᠎ᠡ  ᠴᠢᠭ᠌ᠯᠡᠯᠲᠡ᠎ᠶ᠋ᠢ  ᠶᠠᠷᠢᠯᠴᠠᠨ ᠲᠣᠭ᠍ᠲᠠᠭᠠᠨ᠎ᠠ᠃

8  ᠰᠠᠷ᠎ᠠ᠎ᠶ᠋ᠢᠨ 1 ᠎ᠤ᠋ ᠥᠷᠯᠥᠭᠡ᠂ ᠡᠷᠲᠡᠨ᠎ᠦ  ᠬᠤᠳᠠ  ᠨᠠᠨᠴᠠᠩ᠎ᠳᠤ᠃

ᠫᠠᠩ! ᠫᠠᠩ! ᠫᠠᠩ! —  ᠫᠤᠤ᠎ᠵᠢᠨ ᠳᠠᠭᠤᠨ ᠭᠤᠷᠪᠠ ᠲᠤᠤᠭᠠᠷᠴᠤ ᠰᠥᠨᠢ᠎ᠶ᠋ᠢᠨ ᠨᠠᠮ ᠵᠢᠮ᠎ᠢ ᠡᠪᠳᠡᠪᠡ᠃ 4 ᠴᠠᠭ ᠭᠠᠷᠤᠢ ᠱᠢᠷᠦᠭᠦᠨ ᠪᠠᠢᠯᠳᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠪᠣᠰᠣᠯᠭ᠎ᠠ᠎ᠶ᠋ᠢᠨ ᠴᠡᠷᠢᠭ ᠨᠠᠨᠴᠠᠩ ᠬᠤᠳᠠ᠎ᠶ᠋ᠢ  ᠡᠵᠡᠯᠡᠪᠡ᠃

ᠨᠠᠨᠴᠠᠩ᠎ᠤᠨ ᠪᠣᠰᠣᠯᠭ᠎ᠠ ᠨᠢ ᠵᠡᠪᠰᠡᠭ᠌ᠲᠦ ᠬᠦᠴᠦᠨ᠎ᠢᠶᠡᠷ ᠭᠣᠮᠢᠨᠳᠠᠩ᠎ᠤᠨ ᠲᠡᠷᠰᠯᠡᠭᠦᠴᠦᠳ᠎ᠢ ᠡᠰᠡᠷᠭᠦᠴᠡᠭᠰᠡᠨ ᠠᠩᠬᠠᠨ᠎ᠤ  ᠫᠤᠤ᠎ᠶ᠋ᠢ  ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ  ᠲᠤᠰᠠᠭᠠᠷ᠎ᠢᠶᠠᠨ ᠬᠤᠪᠢᠰᠭᠠᠯᠲᠤ ᠲᠠᠢ᠌ᠨ᠎ᠢ ᠤᠳᠤᠷᠢᠳᠴᠤ᠌᠂ ᠠᠷᠠᠳ᠎ᠤᠨ ᠴᠡᠷᠢᠭ ᠠᠩᠭᠢ᠎ᠶ᠋ᠢ ᠡᠭᠦᠰᠭᠡᠨ ᠪᠠᠢᠭᠤᠯᠤᠭ᠍ᠰᠠᠨ ᠪᠠ ᠵᠡᠪᠰᠡᠭ᠌ᠲᠦ ᠬᠦᠴᠦᠨ᠎ᠢᠶᠡᠷ ᠵᠠᠰᠠᠭ᠎ᠤᠨ ᠡᠷᠬᠡ᠎ᠶ᠋ᠢ ᠪᠤᠯᠢᠶᠠᠨ ᠠᠪᠤᠭ᠍ᠰᠠᠨ ᠡᠬᠢᠯᠡᠯᠲᠡ᠎ᠶ᠋ᠢ ᠬᠠᠷᠠᠭᠤᠯᠤᠨ ᠂ ᠳᠤᠮᠳᠠᠳᠤ ᠤᠯᠤᠰ᠎ᠤᠨ ᠬᠤᠪᠢᠰᠭᠠᠯ᠎ᠤᠨ  ᠱᠢᠨ᠎ᠡ  ᠴᠠᠭ  ᠦᠶ᠎ᠡ᠎ᠶ᠋ᠢ  ᠨᠡᠭᠡᠭᠡᠭ᠌ᠰᠡᠨ  ᠪᠠᠢᠨ᠎ᠠ᠃

ᠶᠡᠷᠦᠩᠬᠡᠶ  ᠱᠦᠵᠢ  ᠰᠢ  ᠵᠢᠨ  ᠫᠢᠩ  ᠭᠤᠷᠪᠠᠨ 《ᠠᠭᠤᠤ ᠶᠡᠬᠡ ᠬᠡᠷᠡᠭ ᠶᠠᠪᠤᠳᠠᠯ》 ᠵᠢᠡᠷ ᠨᠠᠨᠴᠠᠩ᠎ᠤᠨ ᠪᠣᠰᠣᠯᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠦᠨᠡᠯᠡᠪᠡ᠄ 《ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠨ ᠳᠡᠭᠡᠷᠡᠬᠢ ᠨᠢᠭᠡᠨ ᠠᠭᠤᠤ ᠶᠡᠬᠡ ᠬᠡᠷᠡᠭ ᠶᠠᠪᠤᠳᠠᠯ ᠮᠥᠨ᠂ ᠳᠤᠮᠳᠠᠳᠤ  ᠤᠯᠤᠰ᠎ᠤᠨ ᠬᠤᠪᠢᠰᠭᠠᠯ᠎ᠤᠨ ᠲᠡᠦᠬᠡᠨ ᠳᠡᠭᠡᠷᠡᠬᠢ ᠨᠢᠭᠡᠨ ᠠᠭᠤᠤ ᠶᠡᠬᠡ ᠬᠡᠷᠡᠭ ᠶᠠᠪᠤᠳᠠᠯ ᠮᠥᠨ᠂ ᠮᠦᠨ ᠴᠤ᠌ ᠳᠤᠮᠳᠠᠳᠤ᠎ᠶ᠋ᠢᠨ ᠦᠨᠳᠦᠰᠦᠲᠡᠨ᠎ᠦ  ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ  ᠨᠢᠭᠡ  ᠠᠭᠤᠤ  ᠶᠡᠬᠡ ᠬᠡᠷᠡᠭ ᠶᠠᠪᠤᠳᠠᠯ  ᠮᠥᠨ》᠃

ᠲᠤᠢᠯ᠎ᠤᠨ ᠪᠡᠷᠬᠡ ᠬᠠᠲᠠᠭᠤᠵᠢᠯᠲᠠᠢ  ᠵᠢᠩᠭᠠᠩᠱᠠᠨ᠎ᠤ ᠲᠡᠮᠡᠴᠡᠯ᠎ᠡᠴᠡ ᠲᠦᠮᠡᠨ ᠪᠡᠷᠬᠡ ᠮᠢᠩᠭᠠᠨ ᠪᠠᠷᠲᠠᠭ᠎ᠠ᠎ᠲᠠᠶ ᠤᠷᠳᠤ ᠵᠠᠮ᠎ᠤᠨ ᠠᠶᠠᠨ ᠲᠠᠢ᠌ᠨ ᠬᠦᠷᠲᠡᠯ᠎ᠡ᠂ ᠲᠠᠷᠢ᠎ᠶ᠋ᠢᠨ ᠤᠳᠤᠭ᠎ᠠ ᠲᠤᠨᠤᠷᠠᠭ᠍ᠰᠠᠨ ᠶᠠᠫᠣᠨ᠎ᠢ ᠡᠰᠡᠷᠭᠦᠴᠡᠬᠦ᠌ ᠲᠠᠢ᠌ᠨ᠎ᠡᠴᠡ ᠢᠯᠵᠢᠷᠡᠮᠠᠯ ᠬᠠᠭᠤᠴᠢᠨ᠎ᠢ ᠠᠷᠢᠯᠭᠠᠨ ᠴᠡᠪᠡᠷᠯᠡᠬᠦ ᠴᠢᠯᠥᠭᠡᠯᠡᠬᠦ᠌ ᠲᠠᠢ᠌ᠨ ᠬᠦᠷᠲᠡᠯ᠎ᠡ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠨᠤᠲᠤᠭ  ᠳᠡᠪᠢᠰᠭᠡᠷ᠎ᠦᠨ ᠪᠦᠷᠢᠨ  ᠪᠦᠲᠦᠨ᠎ᠢ  ᠡᠷᠡᠰ ᠬᠠᠮᠠᠭᠠᠯᠠᠬᠤ ᠪᠠᠭᠠᠲᠤᠷᠯᠢᠭ ᠲᠡᠮᠡᠴᠡᠯ᠎ᠡᠴᠡ ᠠᠶᠤᠯ ᠭᠠᠮᠱᠢᠭ᠎ᠡᠴᠡ ᠠᠪᠤᠷᠠᠬᠤ᠂ ᠠᠷᠠᠳ ᠲᠦᠮᠡᠨ᠎ᠦ ᠠᠮᠢ ᠨᠠᠰᠤ  ᠡᠳ᠋  ᠬᠦᠷᠦᠩᠬᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ  ᠨᠤᠭᠤᠷᠠᠰᠢ  ᠦᠭᠡᠢ  ᠲᠡᠮᠡᠴᠡᠯ  ᠬᠦᠷᠲᠡᠯ᠎ᠡ ᠁ ᠲᠡᠷᠡ ᠦᠶ᠎ᠡ᠎ᠡᠴᠡ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ  ᠠᠩᠬᠢ  ᠳᠤᠮᠳᠠᠳᠤ  ᠤᠯᠤᠰ᠎ᠤᠨ ᠠᠷᠠᠳ ᠲᠦᠮᠡᠨ᠎ᠦ  ᠴᠢᠯᠥᠭᠡᠯᠡᠯᠲᠡ᠎ᠶ᠋ᠢ  ᠡᠷᠢᠯᠬᠢᠯᠡᠬᠦ᠌᠂ ᠵᠣᠯ ᠵᠢᠷᠭᠠᠯ᠎ᠢ ᠡᠷᠢᠯᠬᠢᠯᠡᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠡᠷᠢᠯᠬᠢᠯᠡᠬᠦ᠌᠂ ᠰᠡᠷᠭᠦᠨ ᠮᠠᠨᠳᠤᠯᠲᠠ᠎ᠶ᠋ᠢ ᠡᠷᠢᠯᠬᠢᠯᠡᠬᠦ᠌ ᠲᠡᠦᠬᠡᠨ ᠤᠷᠤᠰᠭᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ   ᠬᠤᠪᠢ ᠵᠠᠶᠠᠭ᠎ᠠ᠎ᠲᠠᠶ ᠨᠢᠭ᠍ᠲᠠ ᠬᠣᠯᠪᠣᠯᠳᠤᠵᠠᠢ ᠃

ᠡᠳᠦᠭᠡ᠂ ᠨᠠᠨᠴᠠᠩ ᠬᠤᠳᠠ᠎ᠶ᠋ᠢᠨ ᠵᠦᠩᠱᠠᠨ ᠵᠠᠮ ᠳᠡᠭᠡᠷ᠎ᠡ ᠪᠠᠢᠷᠢᠯᠠᠭ᠎ᠠ᠂ ᠨᠠᠨᠴᠠᠩ᠎ᠤᠨ ᠪᠣᠰᠣᠯᠭ᠎ᠠ᠎ᠶ᠋ᠢᠨ ᠶᠡᠷᠦᠩᠬᠡᠢ ᠵᠢᠯᠣᠭᠣᠳᠭᠤ ᠭᠠᠵᠠᠷ᠎ᠤᠨ ᠬᠠᠭᠤᠴᠢᠨ ᠪᠠᠭᠤᠷᠢ ᠪᠣᠯᠤᠨ ᠳᠡᠯᠭᠡᠨ ᠦᠵᠡᠭᠦᠯᠬᠦ ᠲᠤᠮᠤ ᠠᠰᠠᠷ ᠵᠡᠷᠭᠡ᠎ᠪᠡᠷ ᠪᠦᠷᠢᠯᠳᠦᠭ᠌ᠰᠡᠨ ᠨᠠᠨᠴᠠᠩ᠎ᠤᠨ 《8·1》᠎ᠤ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠳᠤ᠂ ᠲᠣᠭᠣᠷᠢᠨ ᠦᠵᠡᠭ᠌ᠴᠢᠳ  ᠲᠠᠰᠤᠷᠠᠯᠳᠠ  ᠦᠭᠡᠢ ᠴᠤᠪᠤᠷᠠᠨ᠎ᠠ᠃ 2008 ᠣᠨ᠎ᠳᠤ ᠰᠦᠢᠳᠭᠡᠯ ᠬᠤᠷᠢᠶᠠᠬᠤ ᠦᠭᠡᠢ ᠪᠡᠷ ᠨᠡᠭᠡᠭᠡᠭ᠌ᠰᠡᠨ᠎ᠡᠴᠡ ᠨᠠᠭᠠᠰᠢ᠂ ᠡᠨᠳᠡᠬᠢ ᠨᠢ  ᠤᠯᠤᠰ᠎ᠤᠨ  ᠳᠣᠲᠣᠭᠠᠳᠤ  ᠭᠠᠳᠠᠭᠠᠳᠤ᠎ᠶ᠋ᠢᠨ 3000 ᠭᠠᠷᠤᠢ ᠲᠦᠮᠡᠨ ᠬᠥᠮᠦᠨ ᠤᠳᠠᠭ᠎ᠠ᠎ᠵᠢ ᠲᠠᠲᠠᠵᠤ ᠡᠨᠳᠡ ᠢᠷᠡᠵᠦ᠍ ᠲᠡᠷᠡ ᠬᠦ᠌ ᠭᠠᠢᠬᠠᠮᠱᠢᠭ᠍ᠲᠤ ᠣᠨ ᠰᠠᠷ᠎ᠠ᠎ᠶ᠋ᠢ  ᠮᠡᠳᠡᠷᠡᠭᠦᠯᠪᠡ᠃

《ᠨᠡᠩ ᠤᠯᠠᠨ ᠲᠣᠭᠣᠷᠢᠨ ᠦᠵᠡᠭ᠌ᠴᠢᠳ ᠲᠤᠰᠭᠠᠢᠯᠠᠨ ᠴᠡᠷᠢᠭ᠎ᠦᠨ ᠲᠤᠭ᠎ᠢ ᠮᠠᠨᠳᠤᠭᠤᠯᠤᠭᠰᠠᠨ ᠭᠠᠵᠠᠷ᠎ᠲᠤ ᠢᠷᠡᠵᠦ᠍᠂ ᠨᠠᠨᠴᠠᠩ᠎ᠤᠨ 〈8·1〉ᠤ᠋ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠳᠤ ᠬᠦᠷᠴᠦ᠍ ᠠᠷᠠᠳ᠎ᠤᠨ ᠴᠡᠷᠢᠭ ᠠᠩᠬᠢ᠎ᠶ᠋ᠢᠨ ᠮᠡᠨᠳᠦᠯᠡᠭ᠌ᠰᠡᠨ ᠦᠯᠢᠭᠡᠷ᠎ᠢ ᠰᠣᠨᠣᠰᠴᠤ᠌᠂ 〈8·1〉 ᠤ᠋ ᠴᠡᠷᠢᠭ᠎ᠦᠨ  ᠲᠤᠭ᠎ᠤᠨ  ᠳᠣᠣᠷᠠᠬᠢ ᠢᠷᠠᠭᠤ ᠠᠯᠳᠠᠷ ᠪᠣᠯᠤᠨ ᠬᠦᠰᠡᠯ ᠵᠡᠭᠦᠳᠦ᠍᠎ᠶ᠋ᠢ ᠡᠷᠢᠯᠬᠢᠯᠡᠵᠦ᠍ ᠪᠠᠢᠨ᠎ᠠ》᠃ ᠨᠠᠨᠴᠠᠩ᠎ᠤᠨ 《8·1》 ᠤ᠋ ᠪᠣᠰᠣᠯᠭ᠎ᠠ᠎ᠶ᠋ᠢᠨ ᠳᠤᠷᠠᠰᠭᠠᠯ᠎ᠤᠨ ᠣᠷᠳᠣᠨ᠎ᠤ ᠳᠡᠳ᠋ ᠳᠠᠷᠤᠭ᠎ᠠ ᠵᠠᠩ ᠵᠢᠶᠠᠩ᠂ ᠪᠢᠳᠡ ᠬᠤᠪᠢᠰᠭᠠᠯ᠎ᠤᠨ ᠳᠤᠷᠠᠰᠤᠮᠵᠢ᠎ᠶ᠋ᠢ ᠰᠠᠢᠲᠤᠷ ᠰᠠᠬᠢᠨ ᠬᠠᠮᠠᠭᠠᠯᠠᠵᠤ᠂  ᠬᠤᠪᠢᠰᠭᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ  ᠱᠢᠨ᠎ᠡ   ᠴᠠᠭ  ᠦᠶ᠎ᠡ᠎ᠳᠦ ᠬᠡᠷᠡᠯ  ᠭᠢᠯᠪᠠᠭ᠎ᠠ ᠰᠠᠴᠤᠷᠠᠭᠤᠯᠤᠨ᠎ᠠ  ᠭᠡᠪᠡ᠃

ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠬᠢ᠎ᠶ᠋ᠢᠨ ᠠᠷᠢᠭᠤᠨ ᠴᠢᠰᠤ ᠪᠣᠯᠤᠨ ᠠᠮᠢ ᠨᠠᠰᠤ᠎ᠪᠠᠷ᠎ᠢᠶᠠᠨ ᠴᠣᠭ᠍ᠴᠠᠯᠠᠭ᠍ᠰᠠᠨ ᠤᠶᠤᠨ ᠰᠠᠨᠠᠭᠠᠨ᠎ᠤ ᠥᠷᠯᠥᠭ ᠬᠥᠱᠢᠢ᠎ᠡ ᠥᠨᠢ  ᠡᠭᠦᠷᠢᠳᠡ  ᠲᠡᠦᠬᠡ᠎ᠶ᠋ᠢᠨ ᠤᠷᠳᠤ  ᠤᠷᠤᠰᠭᠠᠯ᠎ᠳᠤ ᠰᠦᠨᠳᠡᠷᠯᠡᠵᠦ᠍᠂ ᠥᠨᠢ ᠡᠭᠦᠷᠢᠳᠡ ᠲᠦᠭ ᠲᠦᠮᠡᠨ ᠠᠷᠠᠳ ᠢᠷᠭᠡᠳ᠎ᠤᠨ ᠰᠡᠳᠭᠢᠯ᠎ᠳᠦ ᠰᠦᠨᠳᠡᠷᠯᠡᠵᠦ᠍᠂ ᠥᠨᠢ ᠡᠭᠦᠷᠢᠳᠡ ᠪᠢᠳᠡᠨ᠎ᠢ ᠵᠣᠷᠢᠭ᠍ᠵᠢᠭᠤᠯᠤᠨ ᠡᠷᠡᠯᠬᠡᠭ᠌ᠯᠡᠨ ᠤᠷᠤᠭ᠍ᠰᠢᠯᠠᠭᠤᠯᠵᠤ᠂ ᠢᠯᠠᠯᠲᠠ᠎ᠡᠴᠡ ᠢᠯᠠᠯᠲᠠ ᠲᠡᠢᠰᠢ ᠤᠷᠤᠭ᠍ᠰᠢᠯᠠᠭᠤᠯᠤᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号